ᠪᠦᠬᠦ ᠤᠯᠤᠰ ᠤᠨ ᠠᠷᠠᠳ ᠤᠨ ᠲᠦᠯᠦ᠋ᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠠᠶᠤᠯᠬᠦᠢ ᠦᠢᠯᠡᠳᠪᠤᠷᠢᠯᠡᠯ ᠤᠨ ᠬᠠᠤᠯᠢ ᠭᠡᠷᠡᠭᠵᠢᠬᠦᠯᠤᠯᠳᠠ ᠶᠢᠨ ᠪᠠᠶᠢᠴᠠᠭᠠᠯᠳᠠ ᠶᠢ ᠡᠬᠢᠯᠡᠬᠦᠯᠪᠠ
ᠨᠡᠶᠢᠲᠡᠯᠡᠭᠰᠡᠨ ᠴᠠᠭ᠄
2023/7/27
   ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠪᠦᠭᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠵᠤ᠂ ᠬᠠᠤᠯᠢ ᠴᠠᠭᠠᠵᠠ ᠶᠢ ᠤᠬᠠᠭᠤᠯᠤᠨ ᠲᠦᠭᠡᠮᠡᠯᠵᠢᠭᠦᠯᠬᠦ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠶᠢᠷ᠎ᠠ ᠶᠢᠨ ᠡᠳᠦᠷ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠡᠬᠢᠯᠡᠭᠦᠯᠪᠡ᠃    ᠠᠶᠤᠯᠭᠦᠢ ᠦᠢᠯᠡᠳᠪᠦᠷᠢᠯᠡᠯ ᠤᠨ ᠬᠠᠤᠯᠢ ᠪᠣᠯ ᠮᠠᠨ ᠤ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠰᠠᠭᠤᠷᠢ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠮᠥᠨ᠂ ᠲᠡᠭᠦᠨ ᠢ 2002 ᠣᠨ ᠳᠤ ᠨᠡᠶᠢᠲᠡᠯᠡᠨ ᠬᠡᠷᠡᠭᠵᠢᠭᠦᠯᠵᠦ᠂ 2009 ᠣᠨ᠂ 2014 ᠣᠨ ᠪᠠ 2021 ᠣᠨ ᠳᠤ ᠭᠤᠷᠪᠠ ᠤᠳᠠᠭ᠎ᠠ ᠵᠠᠰᠠᠪᠤᠷᠢ ᠣᠷᠣᠭᠤᠯᠪᠠ᠃ ᠰᠤᠷᠪᠤᠯᠵᠢᠯᠠᠬᠴᠢ 24 ᠤ ᠡᠳᠦᠷ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯ ᠠᠴᠠ ᠣᠶᠢᠯᠠᠭᠠᠭᠰᠠᠨ ᠢᠶᠠᠷ᠂ ᠲᠣᠰ ᠤᠳᠠᠭ᠎ᠠ  ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠣᠷᠣᠨ ᠨᠤᠲᠤᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠨᠠᠶᠢᠳᠠᠵᠤ ᠪᠠᠶᠢᠴᠠᠭᠠᠯᠲᠠ ᠬᠢᠬᠦ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠪᠠ᠃ 8 ᠰᠠᠷ᠎ᠠ ᠠᠴᠠ 9 ᠰᠠᠷ᠎ᠠ ᠪᠤᠯᠲᠠᠯ᠎ᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠱᠠᠨ ᠰᠢ᠂ ᠥᠪᠥᠷ ᠮᠣᠩᠭᠤᠯ᠂ ᠭᠢᠷᠢᠨ᠂ ᠹᠦᠵᠢᠶᠠᠨ᠂ ᠾᠧᠨᠠᠨ᠂ ᠭᠠᠨᠰᠤ ᠵᠡᠷᠭᠡ 6 ᠮᠤᠵᠢ ︵ᠣᠷᠣᠨ︶ ᠳᠤ ᠬᠦᠷᠴᠦ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃ ᠪᠡᠭᠡᠵᠢᠩ᠂ ᠬᠠᠷᠠᠮᠥ᠋ᠷᠡᠨ᠂ ᠱᠠᠩᠬᠠᠢ᠂ ᠵᠢᠶᠠᠩᠰᠤ᠂ ᠵᠢᠶᠠᠩᠰᠢ᠂ ᠬᠤᠨᠠᠨ᠂ ᠰᠧᠴᠤᠸᠠᠨ᠂ ᠨᠢᠩᠰᠢᠶᠠ ᠵᠡᠷᠭᠡ 8 ᠮᠤᠵᠢ ︵ᠣᠷᠣᠨ᠂ ᠬᠤᠳᠠ︶ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠨᠠᠶᠢᠳᠠᠵᠤ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠯᠭᠡᠪᠡ᠃    ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ 10 ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠨ᠎ᠠ᠄ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠨᠳᠦᠰᠦᠨ ᠴᠢᠭᠯᠡᠯᠲᠡ᠂ ᠵᠠᠷᠴᠢᠮ᠂ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ; ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠪᠠᠶᠢᠳᠠᠯ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠪᠠᠲᠤᠯᠠᠭ᠎ᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠦᠭᠰᠡᠨ ᠪᠠᠶᠢᠳᠠᠯ᠃ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ᠂ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠵᠢᠴᠢ ᠡᠷᠡᠭᠦᠦ ᠰᠢᠢᠳᠬᠡᠯ ᠢ ᠵᠣᠯᠭᠠᠭᠤᠯᠤᠭᠰᠠᠨ ᠪᠠᠶᠢᠳᠠᠯ᠃ ᠨᠡᠶᠢᠭᠡᠮ ᠤᠨ ᠬᠠᠮᠲᠤ ᠶᠢᠨ ᠵᠠᠰᠠᠯᠲᠠ ᠶᠢ ᠠᠬᠢᠭᠤᠯᠵᠤ᠂ ᠣᠯᠠᠨ ᠡᠰᠢᠲᠦ ᠭᠤᠣᠯ ᠴᠣᠭᠴᠠ ᠶᠢᠨ ᠣᠷᠤᠯᠴᠠᠯᠭ᠎ᠠ ᠶᠢ ᠬᠥᠭᠵᠢᠭᠡᠭᠰᠡᠨ ᠪᠠᠶᠢᠳᠠᠯ᠃ ᠬᠤᠯᠪᠣᠭᠳᠠᠯ ᠪᠦᠬᠦᠢ ᠬᠠᠤᠯᠢ ᠴᠠᠭᠠᠵᠠ ᠲᠠᠢ ᠵᠣᠯᠭᠠᠭᠤᠯᠤᠨ ᠵᠣᠬᠢᠴᠠᠭᠤᠯᠤᠭᠰᠠᠨ ᠪᠠᠶᠢᠳᠠᠯ᠃ ᠬᠠᠤᠯᠢ ᠴᠠᠭᠠᠵᠠ ᠶᠢ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠲᠤᠬᠠᠢ ᠰᠠᠨᠠᠯ ᠪᠠ ᠰᠠᠨᠠᠭᠤᠯᠭ᠎ᠠ ᠵᠡᠷᠭᠡ ᠪᠤᠢ᠃    11 ᠰᠠᠷ᠎ᠠ ᠶᠢᠨ ᠡᠬᠢ ᠳᠤᠮᠳᠠᠴᠢ ᠪᠠᠷ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠤᠷᠠᠯᠳᠤᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢᠶᠠᠨ ᠳ᠋ᠦᠩᠨᠡᠨ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠰᠠᠨᠠᠯ ᠢᠶᠠᠨ ᠰᠣᠯᠢᠯᠴᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠨᠣᠣᠷᠠᠭ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号