︽ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/4
    ᠨᠢᠭᠡ᠂ ᠲᠣᠭᠲᠠᠭᠠᠭᠰᠠᠨ ᠦᠨᠳᠦᠰᠦᠯᠡᠯ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2022—2035 ᠣᠨ︶︾ ᠪᠠ ᠥᠪᠡᠷᠲᠡᠭᠡᠨ ᠵᠠᠰᠠᠬᠤ ᠣᠷᠣᠨ ᠤ ︽ᠬᠦᠷᠦᠯᠴᠡᠬᠦ ᠴᠢᠨᠠᠷᠲᠠᠶ ᠴᠤᠭᠯᠠᠷᠠᠯ ᠤᠨ ᠴᠢᠨᠠᠷᠲᠠᠶ  ᠦᠢᠯᠡᠴᠢᠯᠡᠬᠡᠨ ᠤ ᠦᠢᠯᠡᠰ ᠤᠨ ᠲᠦᠢᠯ ᠤᠨ ᠣᠨᠣᠪᠴᠢᠲᠠᠶ ᠪᠠᠷ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ᠵᠡᠷᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠣᠯᠠᠨ ᠵᠢᠭᠤᠯᠴᠢᠯᠠᠭᠴᠢᠳ ᠢ ᠠᠯᠠᠱᠠ ᠳᠤ ᠢᠷᠡᠭᠦᠯᠵᠦ ᠵᠢᠭᠤᠯᠴᠢᠯᠠᠬᠤ ᠶᠢᠨ ᠲᠤᠰᠠᠳᠠ᠂ ᠮᠠᠨ ᠤ ᠲᠣᠪᠴᠢᠶ᠎ᠠ 2017 ᠣᠨ ᠤ 2 ᠳ᠋ᠤᠭᠠᠷ ᠰᠠᠷ᠎ᠠ ᠳᠤ ᠠᠶᠢᠮᠠᠭ ᠤᠨ ᠵᠠᠬᠢᠷᠭ᠎ᠠ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ︽ᠠᠯᠠᠱᠠ ᠠᠶᠢᠮᠠᠭ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠱᠠᠩᠨᠠᠨ ᠲᠡᠳᠬᠦᠬᠦ ᠠᠷᠭ᠎ᠠ︾᠎ ᠪᠠᠷ ᠰᠠᠭᠤᠷᠢ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠠᠵᠢᠯ ᠤᠨ ᠱᠠᠭᠠᠷᠳᠠᠯᠭ᠎ᠠ ᠪᠠ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ︽ᠠᠷᠭ᠎ᠠ︾᠎ ᠶᠢ ᠳᠣᠭᠳᠠᠭᠠᠪᠠ᠃     ᠬᠤᠶᠠᠷ᠂ ᠬᠡᠷᠡᠭᠯᠡᠬᠦ ᠬᠡᠪᠴᠢᠶ᠎ᠡ     ᠲᠤᠰ ᠠᠷᠭ᠎ᠠ ᠶᠢᠨ ᠱᠠᠩᠨᠠᠬᠤ ᠡᠲᠡᠭᠡᠳ ᠲᠤ ᠪᠠᠭᠲᠠᠬᠤ ᠨᠢ᠄ ᠵᠢᠭᠤᠯᠴᠢᠯᠠᠭᠰᠠᠳ ᠢ ᠮᠠᠨ ᠤ ᠠᠶᠢᠮᠠᠭ ᠲᠤ ᠠᠪᠴᠢᠷᠠᠨ ᠵᠢᠭᠤᠯᠴᠢᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠵᠢᠭᠤᠯᠴᠢᠯᠠᠯ ᠤᠨ ᠭᠠᠵᠠᠷ ︵ᠳᠣᠷᠣᠭᠰᠢ ᠵᠢᠭᠤᠯᠴᠢᠯᠠᠯ ᠤᠨ ᠭᠠᠵᠠᠷ ᠭᠡᠵᠦ ᠲᠣᠪᠴᠢᠯᠠᠨ᠎ᠠ︶᠂ ᠪᠦᠬᠦ ᠠᠶᠢᠮᠠᠭ ᠤᠨ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ︵ᠳᠣᠷᠣᠭᠰᠢ ᠦᠵᠡᠮᠵᠢ ᠶᠢᠨ ᠣᠷᠣᠨ ᠭᠡᠵᠦ ᠲᠣᠪᠴᠢᠯᠠᠨ᠎ᠠ︶᠂ ᠪᠦᠬᠦ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠬᠢᠯᠭᠡᠬᠦ ᠵᠢᠭᠤᠯᠴᠢᠯᠠᠯ ᠤᠨ ᠬᠠᠮᠢᠶ᠎ᠠ ᠪᠦᠬᠦᠢ ᠠᠵᠤ ᠠᠬᠤᠶᠢᠯᠠᠯ ︵ᠳᠣᠷᠣᠭᠰᠢ ᠵᠢᠭᠤᠯᠴᠢᠯᠠᠯ ᠤᠨ ᠠᠵᠤ ᠠᠬᠤᠶᠢᠯᠠᠯ ᠭᠡᠵᠦ ᠲᠣᠪᠴᠢᠯᠠᠨ᠎ᠠ︶᠂ ᠠᠯᠠᠱᠠ ᠠᠶᠢᠮᠠᠭ ᠤᠨ ᠡᠷᠦᠬᠡ ᠠᠮᠠ ᠶᠢᠨ ᠬᠠᠷᠢᠶ᠎ᠠ ᠲᠠᠢ ᠵᠢᠭᠤᠯᠴᠢᠯᠠᠯ ᠤᠨ ᠠᠵᠢᠯ ᠡᠷᠬᠢᠯᠡᠭᠰᠡᠳ ᠪᠠ ᠡᠯ᠎ᠡ ᠬᠤᠰᠢᠭᠤ ᠣᠷᠣᠨ ᠤ ᠰᠣᠶᠣᠯ ᠵᠢᠭᠤᠯᠴᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠃    ᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠪᠠ ᠬᠡᠷᠡᠭᠵᠢᠭᠦᠯᠬᠦ ᠴᠠᠭ ᠬᠤᠭᠤᠴᠠᠭ᠎ᠠ    ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠡᠪᠴᠢᠶ᠎ᠡ ᠨᠢ ᠠᠯᠠᠱᠠ ᠠᠶᠢᠮᠠᠭ ᠪᠣᠯᠤᠨ᠎ᠠ᠂ ᠬᠡᠷᠡᠭᠵᠢᠭᠦᠯᠬᠦ ᠴᠠᠭ ᠨᠢ 2023 ᠣᠨ ᠤ 4 ᠰᠠᠷ᠎ᠠ ᠶᠢᠨ 28᠎ ᠤ ᠡᠳᠦᠷ ᠠᠴᠠ ᠡᠬᠢᠯᠡᠵᠦ᠂ ᠬᠤᠶᠠᠷ ᠵᠢᠯ ᠤᠨ ᠬᠦᠴᠦᠨ ᠲᠠᠢ ᠪᠣᠯᠤᠨ᠎ᠠ᠃    ᠳᠥᠷᠪᠡ᠂ ᠭᠤᠣᠯ ᠠᠭᠤᠯᠭ᠎ᠠ    ︽ᠠᠷᠭ᠎ᠠ ᠬᠡᠮᠵᠢᠶ᠎ᠡ︾᠎ ᠎ ᠨᠢ ᠨᠡᠶᠢᠲᠡ ᠠᠷᠪᠠᠨ  ᠬᠡᠰᠡᠭ 45 ᠵᠦᠢᠯ ᠎ ᠲᠠᠢ᠂ ᠭᠤᠤᠯ ᠠᠭᠤᠯᠭ᠎ᠠ ᠎ ᠨᠢ ᠳᠤᠤᠷᠠᠬᠢ ᠮᠡᠲᠦ᠄    ︵ᠨᠢᠭᠡ︶ ᠰᠣᠶᠣᠯ ᠵᠢᠭᠤᠯᠴᠢᠯᠠᠯ  ᠤᠨ ᠨᠡᠷᠡᠲᠦ  ᠲᠥᠷᠥᠯ ᠲᠡᠮᠳᠡᠭᠲᠦ  ᠶᠢ ᠡᠭᠦᠳᠦᠨ ᠪᠠᠶᠢᠭᠤᠯᠬᠤ ᠎ ᠶᠢ ᠠᠬᠢᠭᠤᠯᠤᠨ᠎ᠠ    ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠠᠮᠵᠢᠵᠤ᠂ ᠭᠦᠨ ᠣᠶᠢᠯᠠᠭᠠᠬᠤ᠂ ᠰᠡᠯᠡᠭᠦᠴᠡᠨ ᠠᠮᠠᠷᠠᠬᠤ ᠡᠵᠡᠩᠨᠡᠯᠲᠡ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠠ᠃ ᠢᠯᠠᠩᠭᠤᠶ᠎ᠠ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠭᠠᠳ ᠠᠮᠵᠢᠯᠲᠠ ᠣᠯᠤᠭᠰᠠᠨ ᠪᠠᠶᠢᠪᠠᠯ᠂ ᠤᠯᠤᠰ ᠤᠨ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠨᠢᠭᠡ ᠤᠳᠠᠭ᠎ᠠ ᠶᠢᠨ ᠴᠢᠨᠠᠷᠲᠠᠶ 300 ᠲᠦᠮᠡᠨ ᠲᠥᠭᠦᠷᠢᠭ ᠢᠶᠠᠷ ᠱᠠᠩᠨᠠᠨ᠎ᠠ᠃    ︵ᠬᠤᠶᠠᠷ︶ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ    ᠵᠢᠭᠤᠯᠴᠢᠯᠠᠯ ᠤᠨ ᠬᠤᠷᠢᠶ᠎ᠠ᠂ ᠬᠤᠭᠤᠯᠠᠨ ᠭᠡᠷ᠂ ᠠᠷᠠᠳ ᠤᠨ ᠣᠷᠣᠨ ᠰᠠᠭᠤᠴᠠ ᠵᠡᠷᠭᠡ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠪᠠᠨ ᠵᠢᠷᠤᠮᠵᠢᠭᠤᠯᠬᠤ ᠶᠢ ᠬᠥᠲᠥᠯᠥᠨ ᠵᠢᠯᠣᠭᠤᠳᠴᠤ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢᠨ ᠰᠢᠨ᠎ᠡ ᠶᠢ ᠡᠭᠦᠳᠴᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠢᠯᠠᠩᠭᠤᠶ᠎ᠠ 5 ᠣᠳᠣᠨ ᠲᠠᠰ ᠤᠨ ᠵᠢᠭᠤᠯᠴᠢᠯᠠᠯ ᠤᠨ ᠵᠣᠴᠢᠳ ᠤᠨ ᠪᠠᠭᠤᠳᠠᠯ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠢᠭᠡ ᠤᠳᠠᠭ᠎ᠠ ᠶᠢᠨ ᠴᠢᠨᠠᠷᠲᠠᠶ 200 ᠲᠦᠮᠡᠨ ᠲᠥᠭᠦᠷᠢᠭ ᠱᠠᠩᠨᠠᠨ᠎ᠠ᠃    ︵ᠭᠤᠷᠪᠠ︶ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠨ᠎ᠡ    ᠠᠯᠠᠱᠠ ᠠᠶᠢᠮᠠᠭ ᠤᠨ ᠳᠣᠲᠣᠭᠠᠳᠤ ᠭᠠᠳᠠᠭᠠᠳᠤ ᠶᠢᠨ ᠡᠯ᠎ᠡ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ᠂ ᠵᠢᠭᠤᠯᠴᠢᠯᠠᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠪᠠᠶᠢᠭᠠᠳ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ᠂ ᠲᠤᠰᠬᠠᠶ ᠭᠠᠯᠲᠤ ᠲᠡᠷᠭᠡ᠂ ᠲᠣᠮᠣ ᠰᠠᠭᠤᠳᠠᠯ ᠤᠨ ᠮᠠᠰᠢᠨ ᠲᠡᠷᠭᠡ ᠪᠠ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠵᠡᠷᠭᠡ ᠠᠶᠠᠨᠴᠢᠳ ᠤᠨ ᠴᠤᠪᠤᠷᠠᠯ ᠤᠨ ᠵᠠᠬ᠎ᠠ ᠳᠡᠯᠭᠡᠭᠦᠷ ᠢ ᠣᠷᠣᠭᠤᠯᠤᠨ ᠠᠪᠴᠢᠷᠠᠬᠤ ᠶᠢ ᠳᠡᠮᠵᠢᠨ᠎ᠡ᠃ ᠣᠨᠴᠣᠭᠤᠶᠢᠯᠠᠨ ᠵᠢᠭᠤᠯᠴᠢᠯᠠᠯ ᠤᠨ ᠳᠠᠭᠠᠭᠠᠴᠢᠯᠠᠭᠰᠠᠨ ᠨᠢᠰᠬᠡᠯ ᠢ ᠨᠢᠭᠡ ᠯᠡ ᠤᠳᠠᠭ᠎ᠠ ᠳᠡᠭᠡᠷ᠎ᠡ 10 ᠲᠦᠮᠡᠨ ᠲᠥᠭᠦᠷᠢᠭ ᠢᠶᠠᠷ ᠱᠠᠩᠨᠠᠨ᠎ᠠ︔ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ ᠶᠢ ᠨᠢᠭᠡ ᠯᠡ ᠤᠳᠠᠭ᠎ᠠ ᠳᠡᠭᠡᠷ᠎ᠡ 5 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷ ᠢᠶᠠᠷ ᠲᠡᠷᠭᠡ ᠵᠢᠯᠣᠭᠤᠳᠴᠤ ᠵᠤᠭᠠᠴᠠᠬᠤ ᠠᠩᠭᠢ ᠳᠤ᠂ ᠨᠢᠭᠡ ᠤᠳᠠᠭᠠᠨ ᠤ ᠬᠠᠮᠤᠭ ᠤᠨ ᠥᠨᠳᠥᠷ ᠱᠠᠩᠨᠠᠯ ᠨᠢ 6 ᠲᠦᠮᠡᠨ ᠲᠥᠭᠦᠷᠢᠭ᠃    ︵ᠳᠦᠷᠪᠡ︶ ᠰᠣᠶᠣᠯ ᠵᠢᠭᠤᠯᠴᠢᠯᠠᠯ ᠢ ᠭᠦᠨ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠢ ᠪᠣᠯᠭᠠᠨ᠎ᠠ    ᠡᠯᠡᠰᠦᠨ ᠴᠥᠯ ᠤᠨ ᠠᠮᠠᠷᠠᠯᠲᠠ᠂ ᠬᠥᠳᠡᠭᠡ ᠲᠣᠰᠬᠤᠨ ᠤ ᠰᠡᠯᠡᠭᠦᠴᠡᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠪᠣᠳᠠᠲᠤ ᠦᠵᠡᠮᠵᠢ ᠶᠢᠨ ᠲᠣᠭᠯᠠᠯᠲᠠ ᠵᠡᠷᠭᠡ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠤᠭᠰᠠᠨ  ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ᠢᠯᠠᠩᠭᠤᠶ᠎ᠠ ᠨᠡᠶᠢᠲᠡ ᠶᠢᠨ ᠵᠣᠷᠯᠣᠩ᠂ ᠠᠮᠠᠷᠠᠬᠤ᠂ ᠳᠥᠭᠦᠮ ᠬᠤᠭᠤᠯᠠ᠂ ᠡᠳ᠋ ᠪᠣᠳᠠᠰ ᠬᠠᠳᠠᠭᠠᠯᠠᠬᠤ ᠵᠡᠷᠭᠡ ᠴᠢᠳᠠᠮᠵᠢ ᠶᠢ ᠪᠠᠭᠲᠠᠭᠠᠭᠰᠠᠨ ᠵᠢᠭᠤᠯᠴᠢᠯᠠᠯ ᠤᠨ ᠥᠷᠲᠡᠭᠡ᠂ ᠰᠦᠯᠵᠢᠶᠡᠨ ᠳᠤ ᠬᠠᠯᠠᠭᠤᠷᠠᠵᠦ ᠪᠠᠶᠢᠭ᠎ᠠ ᠭᠠᠵᠠᠷ᠂ ᠳᠤᠤᠷ᠎ᠠ ᠠᠭᠠᠷ ᠤᠨ ᠵᠢᠭᠤᠯᠴᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠠᠶᠢᠳᠠᠯ ᠢ ᠡᠭᠦᠳᠦᠨ ᠪᠠᠶᠢᠭᠤᠯᠬᠤ ᠭᠤᠤᠯ ᠴᠣᠭᠴᠠ ᠳᠤ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠢᠶᠠᠷ ᠱᠠᠩᠨᠠᠨ᠎ᠠ᠃    ︵ᠲᠠᠪᠤ︶ ᠰᠣᠶᠣᠯ ᠤᠨ ᠰᠢᠨ᠎ᠡ ᠶᠢ ᠡᠭᠦᠳᠬᠦ ᠪᠠ ᠵᠢᠭᠤᠯᠴᠢᠯᠠᠯ ᠤᠨ ᠲᠠᠸᠠᠷ ᠢ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ    ᠠᠯᠠᠱᠠ ᠠᠶᠢᠮᠠᠭ ᠤᠨ ᠭᠠᠵᠠᠷ ᠣᠷᠣᠨ ᠤ ᠣᠨᠴᠠᠯᠢᠭᠲᠤ ᠰᠣᠶᠣᠯ ᠵᠢᠭᠤᠯᠴᠢᠯᠠᠯ ᠤᠨ ᠡᠯᠧᠮᠧᠨ᠋ᠲ ᠢ ᠠᠭᠤᠳᠠᠯᠬᠤ ᠪᠠ ᠥᠷᠭᠡᠳᠬᠡᠬᠦ ᠶᠢ ᠳᠠᠮᠵᠢᠵᠤ᠂ ︽ᠠᠯᠠᠱᠠ ᠪᠡᠯᠡᠭ︾᠎ ᠤᠨ ᠨᠡᠷᠡᠲᠦ ᠲᠡᠮᠳᠡᠭᠲᠦ ᠶᠢ ᠪᠤᠢ ᠪᠣᠯᠭᠠᠨ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠪᠡᠯᠡᠭ︾᠎ ᠤᠨ ᠠᠯᠠᠱᠠ ᠶᠢᠨ ᠰᠣᠶᠣᠯ ᠵᠢᠭᠤᠯᠴᠢᠯᠠᠯ ᠤᠨ ᠲᠠᠸᠠᠷ ᠤᠨ ᠬᠤᠰᠢᠭᠤᠴᠢ ᠳᠡᠯᠭᠡᠭᠦᠷ ᠪᠠ ᠰᠣᠶᠣᠯ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠭᠤᠯᠤᠨ᠎ᠠ᠃ ᠣᠨᠴᠣᠭᠤᠶᠢᠯᠠᠨ ᠰᠢᠨ᠎ᠡ ᠪᠠᠷ ᠪᠠᠶᠢᠭᠤᠯᠤᠭᠰᠠᠨ ︽ᠥᠪᠥᠷ ᠮᠣᠩᠭᠤᠯ ᠤᠨ ᠪᠡᠯᠡᠭ︾᠎ ᠤᠨ ᠠᠯᠠᠱᠠ ᠰᠣᠶᠣᠯ ᠵᠢᠭᠤᠯᠴᠢᠯᠠᠯ ᠤᠨ ᠲᠠᠸᠠᠷ ᠤᠨ ᠬᠤᠰᠢᠭᠤᠴᠢ ᠳᠡᠯᠭᠡᠭᠦᠷ ᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ᠃    ︵ᠵᠢᠷᠭᠤᠭ᠎ᠠ︶ ᠰᠣᠶᠣᠯ ᠵᠢᠭᠤᠯᠴᠢᠯᠠᠯ ᠤᠨ ᠤᠬᠠᠭᠤᠯᠭ᠎ᠠ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢ ᠪᠠᠶᠢᠭᠤᠯᠤᠨ᠎ᠠ    ᠤᠬᠠᠭᠤᠯᠤᠨ ᠲᠠᠨᠢᠯᠴᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠤᠬᠠᠭᠤᠯᠤᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ ᠤᠬᠠᠭᠤᠯᠭ᠎ᠠ ᠶᠢ ᠥᠷᠨᠢᠭᠦᠯᠦᠨ᠎ᠡ᠃ ᠢᠯᠠᠩᠭᠤᠶ᠎ᠠ ᠭᠠᠭᠴᠠ ᠸᠢᠳᠢᠤ᠋ ᠪᠢᠴᠢᠯᠭᠡ ᠶᠢᠨ ᠮᠠᠭᠲᠠᠭᠠᠯ ᠰᠠᠶᠢᠰᠢᠶᠠᠯ ᠤᠨ ᠬᠡᠮᠵᠢᠶ᠎ᠡ ᠨᠢ 10 ᠲᠦᠮᠡ ᠠᠴᠠ ᠳᠡᠭᠡᠭᠰᠢ᠂ ᠨᠡᠪᠲᠡᠷᠡᠭᠦᠯᠬᠦ ᠬᠡᠮᠵᠢᠶ᠎ᠡ ᠨᠢ 100 ᠲᠦᠮᠡ ᠠᠴᠠ ᠳᠠᠪᠠᠭᠰᠠᠨ ᠰᠦᠯᠵᠢᠶᠡᠨ ᠳᠡᠭᠡᠷ᠎ᠡ 1 ᠲᠦᠮᠡᠨ ᠲᠥᠭᠦᠷᠢᠭ ᠱᠠᠩᠨᠠᠵᠤ᠂ ᠨᠡᠶᠢᠲᠡ 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃    ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠠᠴᠠ ᠰᠣᠶᠣᠯ ᠪᠠ ᠵᠢᠭᠤᠯᠴᠢᠯᠠᠯ ᠤᠨ ᠬᠥᠭᠵᠢᠯᠲᠡ ᠳᠤ ᠡᠨᠧᠷᠭᠢ ᠣᠯᠭᠤᠬᠤ ᠶᠢ ᠳᠡᠮᠵᠢᠨ᠎ᠡ    ᠣᠶᠤᠨᠴᠢ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠳᠡᠮᠵᠢᠵᠦ᠂ ᠲᠣᠭᠠᠴᠢᠯᠠᠯᠲᠠ ᠪᠠᠷ ᠠᠬᠤᠶ ᠲᠠᠯᠠᠪᠠᠶ ᠶᠢᠨ ᠪᠡᠶᠡᠴᠢ ᠣᠶᠢᠯᠠᠭᠠᠯᠲᠠ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡ ᠳᠤ ᠴᠢᠳᠠᠪᠤᠷᠢ ᠣᠯᠭᠤᠬᠤ ᠶᠢ ᠵᠣᠷᠢᠭᠵᠢᠭᠤᠯᠤᠨ᠎ᠠ᠃ ᠢᠯᠠᠩᠭᠤᠶ᠎ᠠ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠥᠬᠦ ᠣᠷᠣᠨ ᠪᠦᠰᠡ ᠶᠢᠨ ︽ᠣᠶᠤᠨᠴᠢ ᠰᠣᠶᠣᠯ ᠵᠢᠭᠤᠯᠴᠢᠯᠠᠯ︾᠎ ᠤᠨ ᠬᠡᠷᠡᠭᠯᠡᠭᠡᠨ ᠤ ᠰᠢᠰᠲ᠋ᠧᠮ ᠵᠢᠴᠢ ᠲᠤᠤᠷ ᠰᠦᠯᠵᠢᠶ᠎ᠡ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠳᠤ᠂ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠨᠢ 50 ᠲᠦᠮᠡᠨ ᠲᠥᠭᠦᠷᠢᠭ ᠠᠴᠠ ᠳᠤᠲᠠᠭᠤ ᠥᠬᠡᠶ ᠲᠥᠷᠥᠯ ᠵᠦᠢᠯ ᠳᠤ ᠣᠷᠣᠭᠤᠯᠤᠭᠰᠠᠨ ᠪᠠᠯᠠ ᠮᠥᠩᠭᠦ ᠶᠢᠨ 5 %᠎ ᠪᠠᠷ ᠨᠥᠬᠦᠪᠥᠷᠢ ᠥᠭᠴᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠨᠠᠢᠮᠠ︶ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠎ᠠ     ᠨᠡᠶᠢᠭᠡᠮ ᠤᠨ ᠬᠥᠷᠥᠩᠭᠡ ᠶᠢ ᠬᠥᠳᠥᠯᠥᠨ ᠵᠢᠯᠣᠭᠤᠳᠴᠤ ᠪᠠᠶᠢᠭᠠᠳ ᠰᠣᠶᠣᠯ ᠵᠢᠭᠤᠯᠴᠢᠯᠠᠯ ᠤᠨ ᠡᠬᠢ ᠪᠠᠶᠠᠯᠢᠭ ᠎ ᠤᠨ ᠨᠡᠭᠡᠭᠡᠯᠳᠡ ᠳᠤ ᠣᠷᠣᠯᠴᠠᠭᠤᠯᠵᠤ᠂ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠮᠥᠩᠭᠦᠨ ᠭᠦᠢᠯᠭᠡᠭᠡᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠢᠯᠠᠩᠭᠤᠶ᠎ᠠ ︽ᠡᠯᠡᠰᠦᠨ ᠴᠥᠯ ᠤᠨ ᠪᠠᠶᠠᠰᠬᠤᠯᠠᠩᠲᠤ ᠶᠢᠷᠲᠢᠨᠴᠦ︾᠂ ᠡᠯᠡᠰᠦᠨ ᠴᠥᠯ ᠤᠨ ᠬᠠᠯᠠᠭᠤᠨ ᠷᠠᠰᠢᠶᠠᠨ᠂ ᠡᠯᠡᠰᠦᠨ ᠴᠥᠯ ᠤᠨ ᠭᠤᠤᠯ ᠰᠡᠳᠦᠪᠲᠦ ᠪᠠᠭᠤᠳᠠᠯ᠂ ᠡᠯᠡᠰᠦᠨ ᠱᠤᠭᠤᠮᠠᠯ ᠤᠨ ᠴᠡᠴᠡᠷᠯᠢᠭ᠂ ᠡᠯᠡᠰᠦᠨ ᠴᠥᠯ ᠤᠨ ᠳᠡᠭᠦᠵᠢᠩ ᠵᠠᠮ᠂ ᠡᠯᠡᠰᠦᠨ ᠴᠥᠯ ᠤᠨ ᠬᠤᠨᠤᠭ ᠪᠠᠭᠤᠳᠠᠯ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠭᠦᠨᠵᠡᠭᠡᠶ ᠣᠶᠢᠯᠠᠭᠠᠯᠲᠠ᠂ ᠰᠡᠯᠡᠭᠦᠴᠡᠨ ᠠᠮᠠᠷᠠᠬᠤ ᠡᠵᠡᠩᠨᠡᠯᠲᠡ ᠶᠢᠨ ᠪᠠᠶᠢᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ ᠲᠠᠩ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠢᠶᠠᠷ ᠱᠠᠩᠨᠠᠨ᠎ᠠ᠃    ︵ᠶᠢᠰᠦ︶ ᠲᠡᠷᠢᠭᠦᠨ ᠵᠡᠷᠭᠡ ᠶᠢᠨ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ     ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠰᠤᠷᠭᠠᠭᠤᠯᠢ ᠪᠠ ᠰᠣᠶᠣᠯ ᠵᠢᠭᠤᠯᠴᠢᠯᠠᠯ ᠤᠨ ᠲᠦᠷᠦᠭᠦᠦ ᠠᠵᠤ ᠠᠬᠤᠶᠢᠯᠠᠯ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠠᠮᠵᠢᠵᠤ᠂ ︽ᠵᠠᠰᠠᠭ ᠤᠨ ᠣᠷᠳᠣᠨ + ᠳᠡᠭᠡᠳᠦ ᠰᠤᠷᠭᠠᠭᠤᠯᠢ + ᠠᠵᠤ ᠠᠬᠤᠶᠢᠯᠠᠯ︾᠎ ᠤᠨ ᠴᠢᠳᠠᠪᠤᠷᠢᠲᠠᠨ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠠᠵᠢᠯ ᠲᠥᠷᠥᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠎ᠠ᠃ ᠢᠯᠠᠩᠭᠤᠶ᠎ᠠ ᠤᠯᠤᠰ ᠤᠨ ᠲᠠᠰ ᠤᠨ ︽ᠸᠧᠨ ᠬᠤᠸᠠ ᠱᠠᠩᠨᠠᠯ︾᠂ ︽ᠯᠢᠩᠬᠸ᠎ᠠ ᠱᠠᠩᠨᠠᠯ︾᠂ ︽ᠠᠯᠲᠠᠨ ᠵᠥᠩ ᠱᠠᠩᠨᠠᠯ︾᠂ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾᠂ ︽ ᠬᠡᠷᠡᠯᠳᠦ ᠣᠳᠣᠳ ᠤᠨ ᠱᠠᠩᠨᠠᠯ︾ ᠭᠥᠷᠳᠡᠭᠰᠡᠨ ᠵᠣᠬᠢᠶᠠᠨ ᠪᠦᠲᠦᠭᠡᠬᠦ ᠪᠦᠯᠬᠦᠮ ᠨᠡᠶᠢᠲᠡ ᠪᠤᠶᠤ ᠬᠤᠪᠢ ᠬᠥᠮᠦᠨ ᠢ ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ᠃    ︵ᠠᠷᠪᠠ︶ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠎ᠡ    ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠬᠦᠴᠦᠨ ᠵᠦᠢᠯ ᠤᠨ ᠪᠠᠲᠤᠯᠠᠭ᠎ᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠠᠵᠢᠯᠲᠠᠨ᠂ ᠪᠠᠯᠠ ᠮᠥᠩᠭᠦ᠂ ᠭᠠᠵᠠᠷ ᠰᠢᠷᠣᠶ ᠵᠡᠷᠭᠡ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠴᠢᠨᠠᠷ ᠰᠠᠶᠢᠲᠠᠶ ᠣᠷᠴᠢᠨ ᠲᠣᠭᠤᠷᠢᠨ ᠢ ᠪᠣᠶ ᠪᠣᠯᠭᠠᠨ᠎ᠠ᠃ ᠬᠡᠷᠡᠭᠵᠢᠭᠦᠯᠬᠦ ᠬᠡᠪᠴᠢᠶ᠎ᠡ ᠨᠢ ᠠᠯᠠᠱᠠ ᠠᠶᠢᠮᠠᠭ ᠪᠣᠯᠤᠨ᠎ᠠ᠂ ᠬᠡᠷᠡᠭᠵᠢᠭᠦᠯᠬᠦ ᠴᠠᠭ ᠨᠢ 2023 ᠣᠨ ᠤ 4 ᠰᠠᠷ᠎ᠠ ᠶᠢᠨ 28᠎ ᠤ ᠡᠳᠦᠷ ᠠᠴᠠ ᠡᠬᠢᠯᠡᠵᠦ᠂ ᠬᠦᠴᠦᠨ ᠲᠠᠢ ᠬᠤᠭᠤᠴᠠᠭ᠎ᠠ ᠨᠢ 3 ᠵᠢᠯ᠂ ᠲᠤᠷᠰᠢᠨ ᠬᠡᠷᠡᠭᠵᠢᠭᠦᠯᠬᠦ ᠨᠢ 1 ᠵᠢᠯ ᠪᠣᠯᠤᠨ᠎ᠠ᠃ ᠳᠡᠭᠡᠷᠡᠬᠢ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠨᠢᠬᠡᠴᠡ ᠪᠤᠶᠤ ᠬᠤᠪᠢ ᠬᠥᠮᠦᠨ ᠬᠠᠤᠯᠢ ᠶᠣᠰᠣᠭᠠᠷ ᠳᠠᠩᠰᠠᠯᠠᠭᠤᠯᠬᠤ ᠬᠡᠷᠡᠭᠲᠡᠶ︔ ᠢᠲᠡᠭᠡᠮᠵᠢ ᠠᠯᠳᠠᠭᠰᠠᠨ ᠨᠡᠷᠡᠰ ᠤᠨ ᠳᠣᠲᠣᠷ᠎ᠠ᠂ ᠣᠶᠢᠷ᠎ᠠ ᠶᠢᠨ ᠭᠤᠷᠪᠠᠨ ᠵᠢᠯ ᠳᠤ ᠬᠦᠨᠳᠦ ᠶᠡᠭᠡ ᠵᠢᠭᠤᠯᠴᠢᠯᠠᠯ ᠤᠨ ᠠᠮᠤᠷ ᠲᠦᠪᠰᠢᠨ ᠤ ᠠᠳᠡᠯ ᠵᠢᠴᠢ ᠵᠠᠭᠠᠯᠳᠤᠯᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠥᠬᠡᠶ ᠪᠠᠶᠢᠬᠤ ᠬᠡᠷᠡᠭᠳᠡᠢ᠃     ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号