ᠡᠯᠵᠢᠭᠡᠨ ᠤ ᠭᠡᠳᠡᠰᠦᠨ ᠲᠦᠭᠵᠢᠷᠡᠯ ᠤᠨ ᠵᠠᠰᠠᠯᠭ᠎ᠠ
ᠨᠡᠶᠢᠲᠡᠯᠡᠭᠰᠡᠨ ᠴᠠᠭ᠄
2023/7/4
     ᠠᠭᠤᠷ ᠠᠮᠢᠰᠬᠤᠯ ᠭᠡᠨᠡᠳᠲᠡ ᠬᠤᠪᠢᠷᠠᠬᠤ᠂ ᠬᠠᠲᠠᠭᠤ ᠰᠢᠷᠦᠭᠦᠨ ᠰᠢᠩᠭᠡᠭᠡᠬᠦ ᠳᠤ ᠬᠦᠴᠢᠷ ᠲᠡᠵᠢᠭᠡᠯ ᠡᠪᠡᠰᠦ ᠢᠳᠡᠬᠦ᠂ ᠡᠪᠡᠰᠦ ᠪᠣᠷᠳᠤᠭ᠎ᠠ ᠭᠡᠨᠡᠳᠲᠡ ᠬᠤᠪᠢᠷᠠᠭᠠᠳ ᠬᠡᠲᠦᠷᠡᠲᠡᠯ᠎ᠡ ᠢᠳᠡᠬᠦ ᠪᠤᠶᠤ ᠤᠰᠤ ᠬᠦᠷᠦᠯᠴᠡᠬᠦ ᠦᠭᠡᠢ ᠪᠣᠯᠬᠤ᠂ ᠳᠠᠪᠤᠰᠤ ᠬᠦᠷᠦᠯᠴᠡᠬᠦ ᠦᠭᠡᠢ ᠠᠴᠠ ᠪᠣᠯᠵᠤ ᠵᠣᠭᠰᠣᠬᠤ ᠳᠤ ᠬᠦᠴᠢᠷᠳᠡᠬᠦ᠂ ᠭᠡᠳᠡᠰᠦ ᠡᠪᠡᠳᠴᠤ ᠪᠣᠰᠴᠤ ᠬᠡᠪᠲᠡᠬᠦ᠂ ᠠᠮᠠ ᠬᠠᠲᠠᠵᠤ ᠦᠮᠡᠬᠡᠶᠢᠷᠡᠬᠦ᠂ ᠭᠡᠳᠡᠰᠦᠨ ᠤ ᠳᠠᠭᠤᠨ ᠰᠤᠯᠠᠷᠠᠬᠤ᠂ ᠬᠡᠪᠡᠯᠢ ᠶᠡᠬᠡᠰᠬᠦ᠂ ᠰᠢᠯᠤᠭᠤᠨ ᠭᠡᠳᠡᠰᠦᠨ ᠤ ᠪᠠᠶᠢᠴᠠᠭᠠᠯᠲᠠ ᠪᠠᠷ ᠳᠠᠮᠵᠢᠨ ᠭᠡᠳᠡᠰᠦᠨ ᠳᠤ ᠬᠤᠷᠭᠤᠰᠢᠭᠰᠠᠨ ᠬᠤᠮᠣᠣᠯ ᠲᠠᠢ ᠪᠣᠯᠬᠤ ᠶᠢ ᠣᠯᠵᠤ ᠮᠡᠳᠡᠨ᠎ᠡ᠃ ᠡᠮᠨᠡᠨ ᠵᠠᠰᠠᠬᠤ᠄ ᠡᠩ ᠲᠡᠷᠢᠭᠦᠨ ᠳᠤ ᠡᠪᠡᠳᠬᠦ ᠶᠢ ᠵᠣᠭᠰᠤᠭᠠᠬᠤ ᠬᠡᠷᠡᠭᠲᠡᠢ᠃ 5% ᠶᠢᠨ ᠤᠰᠤᠵᠢᠮᠠᠯ ᠾᠯᠣᠷᠲᠤ ᠠᠯᠳᠧᠭᠢᠳ᠋᠂ ᠰᠫᠢᠷᠲ ᠤᠨ ᠲᠠᠷᠢᠯᠭ᠎ᠠ ᠶᠢᠨ ᠰᠢᠩᠭᠡᠨ 100 ~ 200 ᠮᠢᠯᠢᠯᠧᠲᠷ᠂ 30% ᠶᠢᠨ ᠠᠨ ᠨᠠᠢ ᠶᠢᠨ ᠲᠠᠷᠢᠯᠭ᠎ᠠ ᠶᠢᠨ ᠰᠢᠩᠭᠡᠨ 20 ~ 40 ᠮᠢᠯᠢᠯᠧᠲᠷ︔ ᠳᠠᠷᠠᠭ᠎ᠠ ᠨᠢ ᠹᠣᠰᠹᠣᠷ ᠬᠦᠴᠢᠯ ᠤᠨ ᠳᠠᠪᠤᠰᠤᠨ ᠤ ᠨᠠᠮᠬᠠᠳᠬᠠᠬᠤ ᠡᠮ ᠢ ᠤᠤᠭᠤᠯᠭᠠᠬᠤ ᠪᠤᠶᠤ ᠼᠤᠤ ᠶᠢᠨ ᠬᠥᠷᠥᠩᠭᠡ 300 ~ 500 ᠭᠷᠡᠮ᠂ ᠢᠰᠬᠡᠭᠦᠷ ᠤᠨ ᠨᠤᠨᠳᠠᠭ 500 ᠭᠷᠡᠮ᠂ ᠪᠦᠯᠢᠶᠡᠨ ᠤᠰᠤ 1000 ~ 2000 ᠮᠢᠯᠢᠯᠧᠲᠷ ᠤᠤᠭᠤᠯᠭᠠᠨ᠎ᠠ᠃ ᠳᠠᠬᠢᠨ ᠰᠢᠩᠭᠡᠨ ᠨᠥᠬᠦᠪᠦᠷᠢᠯᠡᠵᠦ᠂ ᠵᠢᠷᠦᠬᠡ ᠶᠢ ᠴᠢᠩᠭᠠᠷᠠᠭᠤᠯᠤᠨ᠎ᠠ᠃ ᠾᠯᠣᠷᠲᠤ ᠨᠠᠲᠷᠢ ᠶᠢᠨ ᠨᠡᠶᠢᠯᠡᠮᠡᠯ ᠲᠠᠷᠢᠯᠭ᠎ᠠ ᠶᠢᠨ ᠰᠢᠩᠭᠡᠨ ᠬᠢᠭᠡᠳ 5% ᠶᠢᠨ ᠦᠵᠦᠮ ᠤᠨ ᠰᠢᠬᠢᠷ ᠤᠨ ᠲᠠᠷᠢᠯᠭ᠎ᠠ ᠶᠢᠨ ᠰᠢᠩᠭᠡᠨ᠂ 5% ᠶᠢᠨ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠲᠷᠢ ᠶᠢᠨ ᠲᠠᠷᠢᠯᠭ᠎ᠠ ᠶᠢᠨ ᠰᠢᠩᠭᠡᠨ ᠢ ᠬᠡᠷᠡᠭᠯᠡᠵᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号