︽ᠠᠯᠠᠱᠠ ᠠᠶᠢᠮᠠᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/4
   ᠮᠠᠨ ᠤ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠭᠠᠳᠠᠭᠠᠳᠤ ᠨᠡᠭᠡᠭᠡᠯᠲᠡ ᠶᠢᠨ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠯ᠂ ᠲᠥᠪᠯᠡᠷᠡᠯ᠂ ᠪᠣᠬᠢᠷᠲᠤᠯ ᠥᠬᠡᠶ ᠬᠥᠭᠵᠢᠯᠲᠡ ᠶᠢᠨ ᠪᠠᠶᠢᠷᠢᠰᠢᠯ ᠢ ᠲᠦᠷᠬᠡᠨ ᠪᠠᠶᠢᠭᠤᠯᠵᠤ᠂ ᠪᠥᠬᠦ ᠠᠶᠢᠮᠠᠭ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2023 ᠣᠨ ᠤ 4 ᠰᠠᠷ᠎ᠠ  ᠶᠢᠨ 12 ᠤᠨ ᠡᠳᠦᠷ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ︽ᠠᠯᠠᠱᠠ ᠠᠶᠢᠮᠠᠭ  ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ︾ ︵ᠳᠣᠷᠣᠭᠰᠢ ︽ᠠᠵᠢᠯ  ᠤᠨ ᠭᠤᠤᠯᠳᠠᠯᠭ᠎ᠠ︾ ᠭᠡᠵᠦ ᠲᠣᠪᠴᠢᠯᠠᠨ᠎ᠠ︶  ᠶᠢ ᠳᠠᠷᠤᠮᠠᠯᠯᠠᠨ ᠲᠠᠷᠬᠠᠭᠠᠪᠠ᠂ ᠡᠳᠦᠭᠡ ᠳᠤᠤᠷᠠᠬᠢ ᠮᠡᠲᠦ ᠲᠠᠶᠢᠯᠤᠮᠵᠢ ᠬᠢᠶ᠎ᠠ᠄   ᠨᠢᠭᠡ᠂ ᠠᠬᠤᠶ ᠪᠠᠶᠢᠳᠠᠯ ᠤᠨ ᠦᠨᠳᠦᠰᠦᠯᠡᠯ   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠬᠤᠯᠪᠣᠭᠳᠠᠯ ᠪᠦᠬᠦᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠣᠷᠢᠵᠢᠭᠤᠯᠵᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠳᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯᠯᠠᠭᠠᠨ ᠤ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠶᠢᠨ 2022 ᠣᠨ ᠤ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠬᠠᠭᠤᠳᠠᠰᠤ︾᠂ ︽︿2023 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ ᠡᠨᠡ ᠵᠢᠯ ᠤᠨ ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠣᠰ ︽ᠠᠵᠢᠯ ᠤᠨ ᠭᠤᠤᠯᠳᠠᠯᠭ᠎ᠠ︾ ᠶᠢ ᠲᠣᠭᠲᠠᠭᠠᠪᠠ᠃    ᠬᠤᠶᠠᠷ᠂ ᠳᠣᠭᠳᠠᠭᠠᠭᠰᠠᠨ ᠵᠣᠷᠢᠯᠭ᠎ᠠ    ᠨᠠᠷᠢᠯᠢᠭ ᠣᠨᠣᠪᠴᠢᠲᠠᠢ᠂ ᠬᠠᠷᠢᠭᠤᠴᠠᠯᠭ᠎ᠠ ᠲᠣᠳᠣᠷᠬᠠᠢ᠂ ᠪᠣᠳᠠᠲᠠᠢ ᠶᠢ ᠡᠷᠬᠢᠮᠯᠡᠭᠰᠡᠨ᠂ ᠲᠤᠰᠬᠠᠢ ᠮᠡᠷᠭᠡᠵᠢᠯ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠰᠲ᠋ᠧᠮ ᠢ ᠪᠠᠶᠢᠭᠤᠯᠵᠤ᠂ ᠪᠦᠬᠦ ᠠᠶᠢᠮᠠᠭ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠰᠢᠨ᠎ᠡ ᠬᠥᠳᠡᠯᠭᠡᠬᠦ ᠡᠨᠧᠷᠭᠢ ᠶᠢ ᠪᠠᠳᠠᠷᠠᠭᠤᠯᠵᠤ᠂ ᠰᠢᠨ᠎ᠡ ᠶᠢ ᠡᠭᠦᠳᠦᠨ ᠪᠦᠲᠦᠮᠵᠢᠲᠡᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠨ ᠤ ᠠᠶᠢᠮᠠᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠨ᠎ᠡ᠃    ᠭᠤᠷᠪᠠ᠂ ᠲᠣᠭᠲᠠᠭᠠᠭᠰᠠᠨ ᠶᠠᠪᠤᠴᠠ    ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠠᠴᠠ ︽ᠠᠵᠢᠯ ᠤᠨ ᠭᠤᠤᠯᠳᠠᠯᠭ᠎ᠠ︾ ᠶᠢ ᠲᠤᠭᠤᠷᠪᠢᠬᠤ ᠠᠵᠢᠯ ᠢ ᠬᠠᠷᠢᠭᠤᠴᠠᠪᠠ᠃ ︽ᠠᠵᠢᠯ ᠤᠨ ᠭᠤᠤᠯᠳᠠᠯᠭ᠎ᠠ︾ ᠶᠢ ᠲᠤᠭᠤᠷᠪᠢᠬᠤ ᠠᠵᠢᠯ 2023 ᠣᠨ ᠤ 2 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠵᠦ᠂ ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠪᠠ︔ ᠥᠪᠡᠷᠲᠡᠭᠡᠨ ᠵᠠᠰᠠᠬᠤ ᠣᠷᠣᠨ ᠤ ᠠᠵᠢᠯ ᠤᠨ ᠭᠤᠤᠯᠳᠠᠯᠭ᠎ᠠ ᠲᠠᠢ ᠬᠠᠷᠢᠴᠠᠭᠤᠯᠵᠤ᠂ 2 ᠳ᠋ᠤᠭᠠᠷ ᠰᠠᠷ᠎ᠠ ᠶᠢᠨ 18 ᠤ ᠡᠳᠦᠷ ᠡᠬᠡ ᠨᠤᠤᠷᠠᠭ ᠢ ᠳᠠᠭᠤᠰᠬᠠᠵᠤ᠂ ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠲᠤᠰᠬᠠᠶ ᠰᠡᠳᠦᠪᠲᠦ ᠬᠤᠷᠠᠯ ᠢᠶᠠᠷ ᠰᠤᠳᠤᠯᠤᠨ ᠶᠠᠷᠢᠯᠴᠠᠭᠰᠠᠨ ᠤ ᠳᠠᠷᠠᠭ᠎ᠠ 3 ᠡᠭᠡᠯᠵᠢ ᠪᠠᠷ ᠵᠠᠰᠠᠪᠤᠷᠢ ᠣᠷᠣᠭᠤᠯᠵᠤ᠂ 2 ᠳ᠋ᠤᠭᠠᠷ ᠰᠠᠷ᠎ᠠ ᠶᠢᠨ 21 ᠤ ᠡᠳᠦᠷ ᠰᠠᠨᠠᠯ ᠬᠤᠷᠢᠶᠠᠬᠤ ᠡᠬᠡ ᠨᠤᠤᠷᠠᠭ ᠢ ᠪᠦᠷᠢᠯᠳᠦᠭᠦᠯᠵᠦ᠂ ᠳᠠᠷᠠᠭ᠎ᠠ ᠨᠢ ᠣᠯᠠᠨ ᠲᠠᠯ᠎ᠠ ᠠᠴᠠ ᠰᠠᠨᠠᠯ ᠰᠠᠨᠠᠭᠤᠯᠭ᠎ᠠ ᠬᠤᠷᠢᠶᠠᠵᠤ᠂ ︽ᠠᠵᠢᠯ ᠤᠨ ᠭᠤᠤᠯᠳᠠᠯᠭ᠎ᠠ︾ ︵ᠬᠢᠨᠠᠭᠤᠯᠬᠤ ᠡᠬᠡ ᠨᠤᠤᠷᠠᠭ︶ ᠶᠢ ᠪᠦᠷᠢᠯᠳᠦᠭᠦᠯᠬᠦ ᠶᠢᠨ ᠬᠠᠮᠲᠤ ᠬᠤᠪᠢᠳᠠᠨ ᠬᠠᠮᠢᠶᠠᠷᠴᠤ ᠪᠦᠬᠦᠢ ᠠᠶᠢᠮᠠᠭ ᠤᠨ ᠳᠠᠷᠤᠭ᠎ᠠ ᠳᠤ ᠵᠠᠰᠠᠪᠤᠷᠢ ᠣᠷᠣᠭᠤᠯᠬᠤ ᠪᠠᠷ ᠮᠡᠳᠡᠭᠦᠯᠵᠦ᠂ 3 ᠳ᠋ᠤᠭᠠᠷ ᠰᠠᠷ᠎ᠠ ᠶᠢᠨ 16 ᠤ ᠡᠳᠦᠷ ᠠᠶᠢᠮᠠᠭ ᠤᠨ ᠵᠠᠬᠢᠷᠭ᠎ᠠ ᠶᠢᠨ ᠬᠠᠤᠯᠢ ᠲᠦᠷᠢᠮ ᠤᠨ ᠰᠠᠯᠠᠭ᠎ᠠ ᠳᠤ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠭᠠᠷᠭᠠᠪᠠ᠃ 4 ᠰᠠᠷ᠎ᠠ ᠶᠢᠨ 1 ᠤ ᠡᠳᠦᠷ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠳᠠᠷᠤᠮᠠᠯᠯᠠᠨ ᠲᠠᠷᠬᠠᠭᠠᠪᠠ᠃    ᠳᠥᠷᠪᠡ᠂ ᠭᠤᠣᠯ ᠠᠭᠤᠯᠭ᠎ᠠ    ᠲᠣᠰ ︽ᠠᠵᠢᠯ ᠤᠨ ᠭᠤᠤᠯᠳᠠᠯᠭ᠎ᠠ︾ ᠳᠤ ᠪᠥᠬᠦ ᠠᠶᠢᠮᠠᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠯᠲᠠᠲᠤ ᠡᠭᠦᠷᠭᠡ ᠶᠢ ᠲᠣᠳᠣᠷᠬᠠᠶᠢᠯᠠᠵᠤ᠂ ᠬᠤᠳᠠᠯᠳᠤᠭᠠᠴᠢᠨ ᠤᠷᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ ᠤᠨ ᠳᠣᠲᠣᠭᠠᠳᠤ ᠶᠢᠨ ᠠᠷᠪᠠᠨ ᠵᠦᠢᠯ ᠤᠨ ᠠᠵᠤ ᠦᠢᠯᠡᠰ ᠤᠨ ᠬᠡᠯᠬᠢᠶ᠎ᠡ ᠶᠢᠨ ᠣᠳᠣᠬᠢ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠭᠤᠤᠯᠳᠠᠯᠭ᠎ᠠ᠂ ᠪᠥᠬᠦ ᠵᠢᠯ ᠤᠨ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢᠨ ᠲᠥᠯᠥᠪᠯᠡᠭᠡ᠂ ᠬᠤᠳᠠᠯᠳᠤᠭᠠᠴᠢᠨ ᠤᠷᠢᠬᠤ ᠭᠤᠤᠯᠳᠠᠯᠭ᠎ᠠ ᠲᠠᠢ ᠴᠢᠭᠯᠡᠯ ᠪᠠ ᠭᠠᠵᠠᠷ ᠣᠷᠣᠨ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠲᠡ 5 ᠪᠦᠯᠦᠭ 23 ᠵᠦᠢᠯ ᠤᠨ ᠠᠭᠤᠯᠭ᠎ᠠ ᠪᠣᠶ᠃    ᠨᠢᠭᠡᠳᠦᠭᠡᠷ ᠪᠦᠯᠦᠭ᠄ ᠬᠠᠷᠠᠯᠲᠠ ᠲᠣᠭᠲᠠᠴᠠ ᠶᠢ ᠳᠣᠭᠳᠠᠭᠠᠬᠤ᠃ ᠰᠢᠨᠵᠢᠯᠡᠬᠦ ᠤᠬᠠᠭᠠᠨᠴᠢ ᠪᠦᠲᠦᠮᠵᠢᠲᠡᠶ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠥᠷᠨᠢᠬᠦ ᠶᠢ ᠪᠠᠳᠣᠯᠠᠨ᠎ᠠ᠃    ᠬᠤᠶᠠᠳᠤᠭᠠᠷ ᠪᠦᠯᠦᠭ᠄ ᠥᠨᠳᠥᠷ ᠪᠠᠶᠢᠷᠢ ᠠᠴᠠ ᠪᠠᠶᠢᠷᠢᠯᠠᠭᠤᠯᠤᠨ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ ᠬᠤᠯᠪᠣᠭᠠᠯᠠᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠭᠡ ᠬᠤᠷᠠᠯ ᠢ ᠬᠤᠷᠠᠯᠳᠤᠭᠤᠯᠵᠤ᠂ 2022 ᠣᠨ ᠤ ᠠᠵᠢᠯ ᠢ ᠳ᠋ᠦᠩᠨᠡᠨ᠂ 2023 ᠣᠨ ᠤ ᠡᠭᠦᠷᠭᠡ ᠶᠢ ᠪᠠᠶᠢᠷᠢᠯᠠᠭᠤᠯᠣᠨ᠎ᠠ᠃    ᠭᠤᠷᠪᠠᠳᠤᠭᠠᠷ ᠪᠦᠯᠦᠭ᠄ ᠠᠵᠢᠯᠯᠠᠭ᠎ᠠ ᠥᠷᠨᠢᠭᠦᠯᠵᠦ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ︽ᠭᠠᠷᠴᠤ ᠶᠠᠪᠤᠬᠤ︾ ︽ᠤᠷᠢᠵᠤ ᠠᠪᠴᠢᠷᠠᠬᠤ︾ ᠰᠢᠷᠢᠰ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢᠨ ᠲᠣᠭᠤᠷᠢᠨ ᠳᠤ ᠬᠠᠮᠢᠶ᠎ᠠ ᠪᠥᠬᠦᠶ ᠪᠡᠯᠡᠳᠬᠡᠬᠦ᠂ ᠵᠣᠬᠢᠶᠠᠨ ᠪᠠᠶᠢᠭᠤᠯᠬᠤ᠂ ᠵᠥᠪᠳᠡᠯᠴᠡᠬᠦ᠂ ᠭᠡᠷ᠎ᠡ ᠲᠣᠭᠲᠠᠬᠤ ᠵᠡᠷᠭᠡ ᠠᠵᠢᠯ ᠢ ᠰᠠᠶᠢᠲᠤᠷ ᠬᠢᠨ᠎ᠠ︔ ᠪᠥᠬᠦ ᠠᠶᠢᠮᠠᠭ ᠤᠨ ᠳᠠᠪᠠᠭᠤᠯᠢᠭ ᠤᠨ ᠲᠣᠭᠤᠷᠢᠨ ᠳᠤ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠠᠵᠤ  ᠦᠢᠯᠡᠰ ᠢ ᠴᠢᠩᠭ᠎ᠠ ᠠᠩᠬᠠᠷᠴᠤ᠂ ᠨᠠᠷᠢᠨ ᠨᠢᠮᠪᠠᠶ ᠲᠥᠰᠦᠪᠯᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠪᠠ ᠤᠬᠠᠭᠤᠯᠬᠤ ᠠᠯᠢ ᠣᠯᠠᠨ ᠠᠵᠢᠯᠯᠠᠭ᠎ᠠ ᠶᠢ ᠭᠤᠤᠯᠳᠠᠯᠭ᠎ᠠ ᠲᠠᠢ ᠦᠷᠨᠢᠬᠦᠯᠦᠨ᠎ᠡ᠃    ᠳᠥᠷᠪᠡᠳᠦᠭᠡᠷ ᠪᠦᠯᠦᠭ᠄ ᠲᠣᠭᠲᠠᠭᠰᠠᠨ ᠴᠢᠭᠯᠡᠯ ᠢᠶᠠᠷ ᠬᠤᠳᠠᠯᠳᠤᠭᠠᠴᠢᠨ ᠤᠷᠢᠨ᠎ᠠ᠃ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠭᠵᠢᠯᠲᠡ ᠶᠢᠨ ᠴᠢᠭᠯᠡᠯ ᠢᠶᠠᠨ ᠲᠣᠭᠲᠠᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ ᠨᠠᠷᠢᠯᠢᠭ ᠣᠨᠣᠪᠴᠢᠳᠠᠢ  ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ  ᠲᠠᠢ  ᠪᠠᠷ ᠬᠤᠳᠠᠯᠳᠤᠭᠠᠴᠢᠨ ᠤᠷᠢᠬᠤ᠂ ︽ᠬᠡᠯᠬᠢᠶ᠎ᠡ  ᠶᠢ ᠴᠡᠭᠴᠡᠯᠡᠬᠦ︾ ᠪᠠᠷ ᠬᠤᠳᠠᠯᠳᠤᠭᠠᠴᠢᠨ ᠣᠷᠢᠨ᠎ᠠ᠃   ᠲᠠᠪᠤᠳᠤᠭᠠᠷ ᠪᠦᠯᠦᠭ᠄ ᠬᠢᠨᠠᠨ ᠰᠢᠯᠭᠠᠵᠤ ᠲᠣᠬᠢᠷᠠᠭᠤᠯᠬᠤ ᠶᠢ ᠴᠢᠩᠭᠠᠳᠬᠠᠨ᠎ᠠ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠳᠤ ᠬᠠᠮᠵᠢᠯᠴᠠᠨ ᠵᠣᠷᠢᠭᠵᠢᠭᠤᠯᠵᠤ ᠱᠠᠩᠨᠠᠬᠤ ᠪᠠᠷ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃    ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号