ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ | ᠲᠣᠪᠴᠢᠶ᠎ᠠ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠳᠤ᠄ | ︽ᠠᠯᠠᠱᠠ ᠠᠶᠢᠮᠠᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ | ᠭᠤᠤᠯᠳᠠᠯᠭ᠎ᠠ︾ ᠶᠢ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠳᠠᠷᠬᠠᠭᠠᠶ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠣᠷᠢᠵᠢᠭᠤᠯᠣᠭᠠᠷᠠᠢ᠃ | | ᠠᠯᠠᠱᠠ ᠠᠶᠢᠮᠠᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ | ᠭᠤᠤᠯᠳᠠᠯᠭ᠎ᠠ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠵᠢᠴᠢ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠬᠤᠯᠪᠣᠭᠳᠠᠯ | ᠪᠥᠬᠦᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠯ᠎ᠡ ᠵᠦᠢᠯ ᠤᠨ | ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ᠲᠣᠰ ᠠᠵᠢᠯ ᠤᠨ ᠭᠤᠤᠯᠳᠠᠯᠭ᠎ᠠ ᠶᠢ ᠲᠣᠭᠲᠠᠭᠠᠪᠠ᠃ | ᠨᠢᠭᠡ᠂ ᠬᠠᠷᠠᠯᠲᠠ ᠲᠣᠭᠲᠠᠴᠠ ᠶᠢ ᠳᠣᠭᠳᠠᠭᠠᠬᠤ | 1 . ︽ᠠᠯᠠᠱᠠ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ︵2023— | 2025 ᠣᠨ︶ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠬᠡᠷᠡᠭᠵᠢᠭᠦᠯᠵᠦ᠂ ᠨᠡᠭᠡᠭᠡᠯᠲᠡ ᠬᠢᠬᠦ ᠶᠢ ᠶᠡᠬᠡᠪᠡᠷ | ᠠᠳᠬᠤᠨ᠂ ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ | ᠠᠬᠢᠭᠤᠯᠬᠤ ᠲᠥᠪ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠨᠡᠭᠡᠭᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ︶ | 2 . ᠠᠶᠢᠮᠠᠭ ᠤᠨ ᠱᠠᠲᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ | ᠳᠤᠭᠤᠶᠢᠯᠠᠩ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠲᠤᠰᠬᠠᠶ ᠠᠩᠭᠢ ᠶᠢ ᠪᠠᠶᠢᠭᠤᠯᠤᠨ᠎ᠠ᠃ | ︵ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠭᠠᠳᠠᠭᠠᠳᠤ | ᠶᠠᠪᠤᠳᠠᠯ ᠤᠨ ᠠᠯᠪᠠᠨ ᠬᠡᠷ︶ | 3 . ᠪᠥᠬᠦ ᠠᠶᠢᠮᠠᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠯᠲᠠᠲᠤ | ᠡᠭᠦᠷᠭᠡ ᠶᠢ ᠲᠣᠭᠲᠠᠭᠠᠵᠤ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠤᠯᠤᠰ ᠤᠨ | ᠳᠣᠲᠣᠭᠠᠳᠤ ︵ᠣᠷᠣᠨ ᠤ ᠳᠣᠲᠣᠷ᠎ᠠ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ︶ ᠶᠢᠨ | ᠨᠠᠶᠢᠳᠠᠪᠤᠷᠢᠵᠢᠭᠤᠯᠤᠯᠲᠠ ᠶᠢᠨ ᠪᠠᠯᠠ ᠮᠥᠩᠭᠦ ᠶᠢ 300 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ ᠶᠢ 50 % ᠪᠠᠷ ᠨᠡᠮᠡᠭᠳᠡᠭᠦᠯᠦᠨ᠎ᠡ᠂ ᠡᠭᠦᠨ ᠳᠤ ᠣᠷᠣᠨ ᠤ ᠭᠠᠳᠠᠨᠠᠬᠢ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠠᠯᠠ ᠮᠥᠩᠭᠦ ᠶᠢ 175 ᠳ᠋ᠦᠩᠰᠢᠭᠤᠷ ᠲᠥᠭᠦᠷᠢᠭ ᠠᠴᠠ | ᠳᠤᠤᠷ᠎ᠠ ᠪᠠᠶᠢᠯᠭᠠᠬᠤ ᠥᠬᠡᠶ᠂ ᠨᠡᠮᠡᠭᠳᠡᠯ ᠤᠨ ᠬᠤᠷᠳᠤᠴᠠ ᠶᠢ 20 % ᠠᠴᠠ ᠳᠤᠤᠷ᠎ᠠ ᠪᠠᠶᠢᠯᠭᠠᠬᠤ ᠥᠬᠡᠶ᠃ | ᠭᠠᠳᠠᠭᠠᠳᠤ ᠪᠡᠯᠡ ᠶᠢ ᠪᠣᠳᠠᠲᠠᠢ ᠠᠰᠢᠭᠯᠠᠬᠤ ᠵᠢᠱᠢᠭᠰᠡᠨ ᠬᠠᠷᠠᠯᠲᠠ 1 . 5 ᠳ᠋ᠦᠩᠰᠢᠭᠤᠷ ᠲᠥᠭᠦᠷᠢᠭ ᠢ | ᠪᠡᠶᠡᠯᠡᠬᠦᠯᠦᠨ᠎ᠡ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ | ᠮᠠᠯᠵᠢᠬᠤ ᠣᠷᠣᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠭᠠᠳᠠᠭᠠᠳᠤ ᠨᠡᠭᠡᠭᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠡᠯ᠎ᠡ ᠬᠤᠰᠢᠭᠤ ᠣᠷᠣᠨ︶ | ᠬᠤᠶᠠᠷ᠂ ᠥᠨᠳᠥᠷ ᠪᠠᠶᠢᠷᠢ ᠠᠴᠠ ᠪᠠᠶᠢᠷᠢᠯᠠᠭᠤᠯᠤᠨ ᠠᠬᠢᠭᠤᠯᠣᠨ᠎ᠠ | 4 . ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠭᠡ ᠬᠤᠷᠠᠯ ᠢ ᠬᠤᠷᠠᠯᠳᠤᠭᠤᠯᠵᠤ᠂ | 2022 ᠣᠨ ᠤ ᠠᠵᠢᠯ ᠢ ᠳ᠋ᠦᠩᠨᠡᠨ᠂ 2023 ᠣᠨ ᠤ ᠡᠭᠦᠷᠭᠡ ᠶᠢ ᠪᠠᠶᠢᠷᠢᠯᠠᠭᠤᠯᠣᠨ᠎ᠠ᠃ ︵ᠠᠶᠢᠮᠠᠭ ᠤᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠭᠰᠠᠨ | ᠬᠤᠷᠠᠯ ᠤᠨ ᠲᠦᠷᠢᠮ ᠤᠨ ᠪᠦᠷᠢᠯᠳᠦᠬᠦᠨ ᠨᠢᠭᠡᠴᠡ︶ | 5. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠷ᠎ᠠ ᠪᠦᠷᠢ ᠲᠣᠬᠢᠷᠠᠭᠤᠯᠬᠤ᠂ ᠤᠯᠠᠷᠢᠯ ᠢᠶᠠᠷ | ᠠᠬᠢᠭᠤᠯᠬᠤ᠂ ᠬᠠᠭᠠᠰ ᠵᠢᠯ ᠳᠤ ᠠᠵᠢᠯ ᠡᠬᠢᠯᠡᠭᠦᠯᠬᠦ᠂ ᠵᠢᠯ ᠤᠨ ᠡᠴᠦᠰ ᠲᠤ ᠳ᠋ᠦᠩᠨᠡᠬᠦ ᠠᠵᠢᠯ ᠤᠨ ᠲᠣᠭᠲᠠᠴᠠ | ᠶᠣᠰᠣᠭᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠬᠤᠷᠠᠯ᠂ ᠲᠣᠬᠢᠷᠠᠭᠤᠯᠬᠤ ᠬᠤᠷᠠᠯ ᠢ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ | ᠲᠥᠪ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠭᠰᠠᠨ ᠬᠤᠷᠠᠯ ᠤᠨ ᠲᠦᠷᠢᠮ ᠤᠨ ᠪᠦᠷᠢᠯᠳᠦᠬᠦᠨ | ᠨᠢᠬᠡᠴᠡ︶ | ᠭᠤᠷᠪᠠ᠂ ᠠᠵᠢᠯᠯᠠᠭ᠎ᠠ ᠥᠷᠨᠢᠭᠦᠯᠵᠦ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠎ᠠ | 6 . ︽ᠤᠷᠢᠵᠤ ᠠᠪᠴᠢᠷᠠᠬᠤ︾ ᠬᠤᠳᠠᠯᠳᠤᠭᠠᠴᠢᠨ ᠤᠷᠢᠬᠤ ᠶᠢ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ | ᠬᠠᠪᠤᠷ ᠤᠨ ᠤᠯᠠᠷᠢᠯ ᠤᠨ ︽ᠪᠣᠬᠢᠷᠲᠤᠯ ᠥᠬᠡᠶ ᠴᠠᠬᠢᠯᠭᠠᠨ ᠤ ᠬᠤᠳᠠᠯᠳᠤᠭᠠᠴᠢᠨ ᠤᠷᠢᠬᠤ︾ ᠲᠤᠰᠬᠠᠶ | ᠲᠠᠨᠢᠯᠴᠠᠭᠤᠯᠭ᠎ᠠ ᠶᠢᠨ ᠬᠤᠷᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ | ᠶᠣᠰᠣᠯᠠᠯ ᠢ ᠡᠷᠭᠢᠯᠡᠵᠦ᠂ ᠠᠵᠢᠯ ᠲᠥᠷᠥᠯ ᠤᠨ ᠬᠠᠮᠢᠶ᠎ᠠ ᠪᠥᠬᠦᠶ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ | ᠬᠤᠷᠠᠯ ᠳᠤ ᠣᠷᠣᠯᠴᠠᠭᠤᠯᠬᠤ ᠶᠢᠨ ᠬᠠᠮᠲᠤ ᠲᠥᠪᠯᠡᠷᠡᠭᠦᠯᠦᠨ ᠭᠡᠷ᠎ᠡ ᠲᠣᠭᠲᠠᠭᠤᠯᠤᠨᠠ᠃ ᠪᠦᠬᠦ ᠠᠶᠢᠮᠠᠭ ᠤᠨ | ᠨᠠᠮᠤᠷ ᠤᠨ ᠤᠯᠠᠷᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠶᠡᠭᠡ ᠬᠤᠷᠠᠯ ᠢ ᠡᠷᠬᠢᠯᠡᠵᠦ᠂ ᠲᠦᠷᠦᠭᠦᠦ ᠭᠤᠷᠪᠠᠨ | ᠤᠯᠠᠷᠢᠯ ᠤᠨ ᠬᠤᠳᠠᠯᠳᠣᠭᠠᠴᠢᠨ ᠤᠷᠢᠵᠤ ᠵᠥᠪᠳᠡᠯᠴᠡᠬᠦ᠂ ᠵᠣᠯᠭᠠᠭᠤᠯᠤᠨ ᠪᠣᠯᠪᠠᠰᠤᠷᠠᠩᠭᠤᠢ ᠪᠣᠯᠤᠭᠰᠠᠨ ᠲᠥᠷᠥᠯ | ᠵᠦᠢᠯ ᠲᠠᠢ ᠲᠥᠪᠯᠡᠷᠡᠭᠦᠯᠦᠨ ᠭᠡᠷ᠎ᠡ ᠲᠣᠭᠲᠠᠨ᠎ᠠ᠃ ᠠᠯᠠᠱᠠ ᠶᠢᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ESG ᠶᠢᠨ ᠠᠩᠬᠠᠳᠤᠭᠠᠷ ᠬᠤᠭᠤᠴᠠᠭᠠᠨ ᠤ ᠣᠨ ᠤ ᠬᠤᠷᠠᠯ ᠢ ᠰᠠᠶᠢᠲᠤᠷ ᠡᠷᠬᠢᠯᠡᠨ᠎ᠡ᠃ | ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠠᠮᠲᠤᠷᠠᠭᠰᠠᠨ ᠬᠤᠷᠠᠯ ᠤᠨ ᠲᠦᠷᠢᠮ ᠤᠨ ᠪᠦᠷᠢᠯᠳᠦᠬᠦᠨ ᠨᠢᠭᠡᠴᠢ︶ | 7 . ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ︽ᠤᠷᠢᠵᠤ ᠣᠷᠣᠭᠤᠯᠬᠤ︾ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠭᠡ ᠬᠤᠷᠠᠯ ᠳᠤ ᠢᠳᠡᠪᠬᠢᠲᠡᠶ ᠣᠷᠣᠯᠴᠠᠨ᠎ᠠ᠂ ᠡᠭᠦᠨ ᠳᠤ | ᠳᠡᠯᠡᠬᠡᠶ ᠶᠢᠨ ᠰᠢᠨ᠎ᠡ ᠡᠨᠧᠷᠭᠢ ᠶᠢᠨ ᠶᠡᠭᠡ ᠬᠤᠷᠠᠯ᠂ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠳᠥᠷᠪᠡᠳᠦᠭᠡᠷ | ᠬᠤᠭᠤᠴᠠᠭᠠᠨ ᠤ ᠳᠤᠮᠳᠠᠳᠤ ᠤᠯᠤᠰ ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ᠂ ᠪᠥᠬᠦ | ᠪᠥᠮᠪᠥᠷᠴᠡᠭ ᠤᠨ ᠰᠠᠭᠠᠯᠢ ᠶᠢᠨ ᠦᠢᠯᠡᠰ ᠤᠨ ᠶᠡᠭᠡ ᠬᠤᠷᠠᠯ᠂ ᠪᠥᠬᠦ ᠪᠥᠮᠪᠥᠷᠴᠡᠭ ᠤᠨ ᠥᠪᠥᠷ ᠮᠣᠩᠭᠤᠯ ᠤᠨ | ᠬᠤᠳᠠᠯᠳᠤᠭᠠᠴᠢᠳ ᠤᠨ ᠶᠡᠭᠡ ᠬᠤᠷᠠᠯ ᠵᠡᠷᠭᠡ ᠡᠯ᠎ᠡ ᠲᠥᠷᠥᠯ ᠤᠨ ᠳᠡᠯᠭᠡᠨ ᠦᠵᠡᠭᠦᠯᠬᠦ ᠪᠠ ᠳᠡᠯᠭᠡᠨ ᠦᠵᠡᠭᠦᠯᠵᠦ | ᠵᠥᠪᠳᠡᠯᠴᠡᠬᠦ ᠠᠵᠢᠯᠯᠠᠭ᠎ᠠ ᠶᠢ ᠪᠠᠭᠲᠠᠭᠠᠨ᠎ᠠ᠃ ᠠᠶᠢᠮᠠᠭ ᠤᠨ ᠳᠣᠲᠣᠭᠠᠳᠤ ᠶᠢᠨ ᠬᠤᠯᠪᠣᠭᠳᠠᠯ ᠪᠦᠬᠦᠢ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ᠂ ᠲᠤᠰᠬᠠᠢ ᠠᠵᠢᠯᠯᠠᠭ᠎ᠠ ᠳᠤ ᠣᠷᠣᠯᠴᠠᠭᠤᠯᠵᠤ᠂ ᠬᠠᠮᠢᠶ᠎ᠠ ᠪᠦᠬᠦᠢ ᠲᠥᠷᠥᠯ | ᠵᠦᠢᠯ ᠢ ᠵᠣᠬᠢᠶᠠᠨ ᠪᠠᠶᠢᠭᠤᠯᠤᠨ ᠭᠡᠷ᠎ᠡ ᠲᠣᠭᠲᠠᠵᠤ᠂ ᠬᠠᠮᠢᠶ᠎ᠠ ᠪᠦᠬᠦᠢ ᠬᠡᠯᠡᠯᠴᠡᠭᠡᠷ ᠬᠢᠵᠦ᠂ ᠬᠤᠳᠠᠯᠳᠣᠭᠠᠴᠢᠨ | ᠤᠷᠢᠬᠤ ᠠᠵᠢᠯᠯᠠᠭ᠎ᠠ ᠶᠢ ᠲᠠᠨᠢᠯᠴᠠᠭᠤᠯᠤᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ | ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠬᠦᠳᠡᠭᠡ | ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠵᠥᠪᠯᠡᠯ᠂ | ᠡᠯ᠎ᠡ ᠬᠤᠰᠢᠭᠤ ᠣᠷᠣᠨ︶ | 8 . ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ︽ᠭᠠᠷᠴᠤ ᠶᠠᠪᠤᠬᠤ︾ ᠬᠤᠳᠠᠯᠳᠤᠭᠠᠴᠢᠨ | ᠤᠷᠢᠬᠤ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠨ᠎ᠠ᠂ ᠡᠭᠦᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠬᠢᠭᠡᠳ ᠲᠥᠪ ᠤᠨ ᠠᠵᠤ ᠠᠬᠤᠶᠢᠯᠠᠯ ︵ᠪᠡᠭᠡᠵᠢᠩ ᠲᠢᠶᠠᠨᠵᠢᠨ ᠾᠧᠪᠧᠶ︶ ᠤᠨ | ᠶᠠᠷᠢᠯᠴᠠᠬᠤ ᠬᠤᠷᠠᠯ ᠢᠶᠠᠷ ᠬᠢᠵᠠᠭᠠᠷᠯᠠᠭᠳᠠᠬᠤ ᠦᠭᠡᠶ᠂ ᠵᠧᠵᠢᠶᠠᠩ ᠳᠤ ᠥᠪᠥᠷ ᠮᠣᠩᠭᠤᠯ ︵ᠬᠥᠬᠡᠮᠥ᠋ᠷᠡᠨ ᠤ | ᠭᠤᠷᠪᠠᠯᠵᠢᠨ ᠬᠤᠶᠢᠭ︶ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠠᠵᠢᠯᠯᠠᠭ᠎ᠠ | ᠡᠷᠬᠢᠯᠡᠵᠦ᠂ ᠭᠤᠸᠠᠩᠳᠦ᠋ᠩ ᠳᠤ ᠥᠪᠥᠷ ᠮᠣᠩᠭᠤᠯ ︵ᠭᠤᠸᠠᠩᠳᠦ᠋ᠩ ᠰᠢᠶᠠᠩᠭᠠᠩ ᠣᠣᠮᠧᠨ︶ ᠤᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠠᠵᠢᠯᠯᠠᠭ᠎ᠠ ᠡᠷᠬᠢᠯᠡᠨ᠎ᠡ᠃ ︵ᠠᠶᠢᠮᠠᠭ ᠤᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠵᠦᠪᠯᠡᠯ᠂ ᠪᠡᠭᠡᠵᠢᠩ ᠳᠤ | ᠰᠠᠭᠤᠭ᠎ᠠ ᠬᠠᠷᠢᠯᠴᠠᠬᠤ ᠭᠠᠵᠠᠷ᠂ ᠬᠥᠬᠡᠬᠤᠲᠠ ᠳᠤ ᠰᠠᠭᠤᠭ᠎ᠠ ᠬᠠᠷᠢᠯᠴᠠᠬᠤ ᠭᠠᠵᠠᠷ᠂ ᠢᠷᠭᠠᠢ ᠳᠤ ᠰᠠᠭᠤᠭ᠎ᠠ | ᠬᠠᠷᠢᠯᠴᠠᠬᠤ ᠲᠥᠪ᠂ ᠡᠯ᠎ᠡ ᠬᠤᠰᠢᠭᠤ ᠣᠷᠣᠨ︶ | 9 . ᠪᠥᠬᠦ ᠠᠶᠢᠮᠠᠭ ᠤᠨ ᠳᠠᠪᠠᠭᠤᠯᠢᠭ ᠤᠨ ᠲᠣᠭᠤᠷᠢᠨ ᠳᠤ᠂ ᠭᠤᠤᠯᠳᠠᠯᠭ᠎ᠠ ᠲᠠᠢ ᠭᠠᠵᠠᠷ ᠣᠷᠣᠨ᠂ | ᠭᠤᠤᠯᠳᠠᠯᠭ᠎ᠠ ᠲᠠᠢ ᠠᠵᠤ ᠦᠢᠯᠡᠰ ᠢ ᠴᠢᠩᠭ᠎ᠠ ᠠᠩᠬᠠᠷᠴᠤ᠂ ᠨᠠᠷᠢᠨ ᠨᠢᠮᠪᠠᠶ ᠲᠥᠯᠥᠪᠯᠡᠨ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠪᠠ ᠤᠬᠠᠭᠤᠯᠬᠤ ᠠᠯᠢ ᠣᠯᠠᠨ ᠠᠵᠢᠯᠯᠠᠭ᠎ᠠ ᠶᠢ ᠭᠤᠤᠯᠳᠠᠯᠭ᠎ᠠ ᠲᠠᠢ | ᠪᠣᠶ ᠪᠣᠯᠭᠠᠨ᠎ᠠ᠃ ᠵᠢᠯ ᠤᠨ ᠳᠣᠲᠣᠷ᠎ᠠ ᠱᠠᠨᠳᠦ᠋ᠩ ᠤᠨ ᠴᠢᠩᠳᠣᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯᠯᠠᠭ᠎ᠠ᠂ ᠰᠧᠴᠣᠸᠠᠨ ᠤ ᠴᠧᠩᠳᠦ᠋ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ︵ᠬᠠᠩᠵᠧᠦ︶ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯᠯᠠᠭ᠎ᠠ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ︵ᠱᠧᠨᠵᠧᠨ︶ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ᠂ ᠪᠡᠭᠡᠵᠢᠩ ᠲᠢᠶᠠᠨᠵᠢᠨ ᠾᠧᠪᠸᠢ ︵ᠪᠡᠭᠡᠵᠢᠩ︶ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠳᠡᠯᠴᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ︽ | ᠭᠠᠳᠠᠭᠰᠢ ᠭᠠᠷᠴᠤ︾ ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠬᠠᠷᠠᠯᠲᠠ ᠪᠦᠬᠦᠢ ᠵᠣᠴᠢᠨ ᠡᠷᠦᠬᠡ ᠶᠢᠨ | ᠪᠦᠯᠬᠦᠮ ᠢ ᠡᠷᠬᠢᠯᠡᠵᠦ᠂ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠲᠡᠷᠢᠭᠦᠨ ᠤ | ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠤᠨ᠎ᠠ᠃ ︵ᠠᠶᠢᠮᠠᠭ ᠤᠨ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠵᠥᠪᠯᠡᠯ᠂ ᠪᠡᠭᠡᠵᠢᠩ ᠳᠤ ᠰᠠᠭᠤᠭ᠎ᠠ | ᠬᠠᠷᠢᠯᠴᠠᠬᠤ ᠭᠠᠵᠠᠷ᠂ ᠬᠥᠬᠡᠬᠤᠲᠠ ᠳᠤ ᠰᠠᠭᠤᠭ᠎ᠠ ᠬᠠᠷᠢᠯᠴᠠᠬᠤ ᠭᠠᠵᠠᠷ᠂ ᠢᠷᠭᠠᠢ ᠳᠤ ᠰᠠᠭᠤᠭ᠎ᠠ ᠬᠠᠷᠢᠯᠴᠠᠬᠤ ᠲᠥᠪ | ᠂ ᠡᠯ᠎ᠡ ᠬᠤᠰᠢᠭᠤ ᠣᠷᠣᠨ︶ | 10 . ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ᠂ ᠠᠮᠢ ᠠᠬᠤᠶ | ᠡᠯᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠤᠰᠬᠠᠶ ᠵᠦᠢᠯ ᠢᠶᠠᠷ ᠬᠤᠳᠠᠯᠳᠤᠭᠠᠴᠢᠨ ᠤᠷᠢᠬᠤ ᠶᠢ | ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠨᠢᠭᠡᠪᠦᠷᠢ ᠳᠤ ᠵᠢᠯ ᠪᠦᠷᠢ 2 ᠤᠳᠠᠭ᠎ᠠ ᠠᠴᠠ ᠳᠡᠭᠡᠭᠰᠢ ᠲᠤᠰᠬᠠᠶ | ᠵᠦᠢᠯ ᠢᠶᠠᠷ ᠬᠤᠳᠠᠯᠳᠤᠭᠠᠴᠢᠨ ᠤᠷᠢᠬᠤ ᠠᠵᠢᠯᠯᠠᠭ᠎ᠠ ︵ᠲᠠᠨᠢᠯᠴᠠᠭᠤᠯᠬᠤ᠂ ᠵᠥᠪᠳᠡᠯᠴᠡᠬᠦ᠂ ᠭᠡᠷ᠎ᠡ ᠲᠣᠭᠲᠠᠬᠤ᠂ | ᠪᠠᠷᠠᠭ᠎ᠠ ᠵᠠᠬᠢᠶᠠᠯᠠᠬᠤ ᠬᠤᠷᠠᠯ ᠵᠡᠷᠭᠡ ᠪᠠᠭᠲᠠᠨ᠎ᠠ︶ ᠥᠷᠨᠢᠭᠦᠯᠵᠦ᠂ ᠦᠷᠭᠦᠯᠵᠢᠯᠡᠨ ᠲᠠᠷᠢᠶᠠᠯᠠᠩ ᠮᠠᠯ ᠠᠵᠤ ᠠᠬᠤᠶ ᠶᠢᠨ | ᠠᠵᠢᠯ ᠢ ᠰᠠᠶᠢᠲᠤᠷ ᠬᠢᠵᠦ᠂ ᠳᠡᠭᠡᠳᠦ ᠳᠡᠰ ᠢᠶᠠᠷ ᠶᠠᠪᠤᠬᠤ᠂ ᠲᠦᠷᠦᠯ ᠲᠡᠮᠳᠡᠭ ᠡᠭᠦᠳᠬᠦ ᠶᠢ ᠪᠠᠷᠢᠮᠲᠠᠯᠠᠨ᠂ | ᠤᠯᠤᠰ ᠤᠨ ᠲᠠᠰ ᠤᠨ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ | ᠪᠠᠶᠢᠭᠤᠯᠤᠨ᠎ᠠ᠃ ︵ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠵᠦᠪᠯᠡᠯ᠂ ᠪᠠᠯᠠ | ᠣᠷᠣᠭᠤᠯᠤᠯᠲᠠ ᠶᠢ ᠠᠬᠢᠭᠤᠯᠬᠤ ᠲᠥᠪ᠂ ᠡᠯ᠎ᠡ ᠬᠤᠰᠢᠭᠤ ᠣᠷᠣᠨ︶ | 11 . ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠂ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶ᠎ᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠤᠰᠬᠠᠶ ᠵᠦᠢᠯ ᠢᠶᠠᠷ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠨᠢᠭᠡᠪᠦᠷᠢ ᠳᠤ ᠤᠯᠠᠷᠢᠯ ᠪᠦᠷᠢ | ᠠᠳᠠᠭ ᠲᠠᠭᠠᠨ 1 ᠤᠳᠠᠭ᠎ᠠ ᠲᠤᠰᠬᠠᠶ ᠵᠦᠢᠯ ᠢᠶᠠᠷ ᠬᠤᠳᠠᠯᠳᠤᠭᠠᠴᠢᠨ ᠤᠷᠢᠬᠤ ᠠᠵᠢᠯᠯᠠᠭ᠎ᠠ ︵ᠲᠠᠨᠢᠯᠴᠠᠭᠤᠯᠬᠤ᠂ | ᠵᠥᠪᠳᠡᠯᠴᠡᠬᠦ᠂ ᠭᠡᠷ᠎ᠡ ᠲᠣᠭᠲᠠᠬᠤ᠂ ᠶᠠᠷᠢᠶᠠᠨ ᠤ ᠲᠠᠪᠴᠠᠩ ᠵᠡᠷᠭᠡ ᠶᠢ ᠪᠠᠭᠲᠠᠭᠠᠨ᠎ᠠ᠂ ᠠᠵᠢᠯᠯᠠᠭ᠎ᠠ ᠶᠢᠨ ᠳᠤᠮᠳᠠ | ᠨᠡᠶᠢᠯᠡᠭᠦᠯᠦᠨ ᠶᠠᠪᠤᠭᠳᠠᠭᠤᠯᠵᠤ ᠪᠣᠯᠤᠨ᠎ᠠ︶ ᠥᠷᠨᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠷᠢᠭᠤᠯᠬᠤ | ᠨᠣᠷᠮ᠎ᠠ ᠶᠢ ᠳᠡᠭᠡᠭᠰᠢᠯᠡᠭᠦᠯᠬᠦ ᠲᠣᠭᠤᠷᠢᠨ ᠳᠤ᠂ ᠣᠲᠣ ᠶᠢᠨ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠶᠢ | ᠲᠦᠷᠭᠡᠳᠬᠡᠨ᠎ᠡ᠃ ᠴᠡᠪᠡᠷ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠴᠡᠪᠡᠷ | ᠡᠨᠧᠷᠭᠢ ᠶᠢᠨ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠪᠣᠬᠢᠷᠳᠣᠯ ᠦᠬᠡᠢ ᠴᠠᠬᠢᠯᠭᠠᠨ ᠤ | ᠬᠤᠳᠠᠯᠳᠣᠭᠠᠴᠢᠨ ᠤᠷᠢᠬᠤ ᠶᠢ ᠰᠠᠶᠢᠲᠤᠷ ᠬᠢᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠡᠯ᠎ᠡ | ᠬᠤᠰᠢᠭᠤ ᠣᠷᠣᠨ︶ | 12 . ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠤᠯᠠᠷᠢᠯ ᠪᠦᠷᠢ ᠳᠤ 1 | ᠤᠳᠠᠭ᠎ᠠ ᠠᠴᠠ ᠳᠡᠭᠡᠭᠰᠢ ᠲᠤᠰᠬᠠᠶ ᠵᠦᠢᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ︵ᠲᠠᠨᠢᠯᠴᠠᠭᠤᠯᠬᠤ᠂ | ᠵᠥᠪᠳᠡᠯᠴᠡᠬᠦ᠂ ᠭᠡᠷ᠎ᠡ ᠲᠣᠭᠲᠠᠬᠤ᠂ ᠳᠡᠯᠭᠡᠨ ᠦᠵᠡᠭᠦᠯᠬᠦ᠂ ᠨᠡᠶᠢᠲᠡᠯᠡᠬᠦ ᠵᠡᠷᠭᠡ ᠪᠠᠭᠲᠠᠨ᠎ᠠ︶ ᠥᠷᠨᠢᠭᠦᠯᠵᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠂ ᠰᠢᠨ᠎ᠡ ᠦᠵᠡᠮᠵᠢ ᠶᠢᠨ | ᠴᠡᠭ ᠢ ᠪᠣᠶ ᠪᠣᠯᠭᠠᠵᠤ᠂ ᠰᠢᠨ᠎ᠡ ᠨᠠᠭᠠᠳᠬᠤ ᠠᠷᠭ᠎ᠠ ᠳᠤ ᠰᠢᠨ᠎ᠡ ᠶᠢ ᠡᠭᠦᠳᠦᠨ᠂ ᠰᠢᠨ᠎ᠡ ᠵᠠᠮ ᠱᠤᠭᠤᠮ ᠢ ᠨᠡᠭᠡᠭᠡᠨ | ᠬᠥᠭᠵᠢᠭᠦᠯᠵᠦ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠂ ᠡᠯᠡᠰᠦᠨ ᠴᠥᠯ ᠤᠨ ᠵᠢᠭᠤᠯᠴᠢᠯᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠲᠦᠷᠦᠭᠦᠦ ᠬᠡᠰᠡᠭ ᠤᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠬᠠᠴᠢᠨ ᠴᠢᠯᠠᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠭᠦᠨ ᠠᠭᠤᠰᠤᠯᠴᠠᠯ ᠢ ᠠᠬᠢᠭᠤᠯᠤᠨ᠎ᠠ᠃ ︵ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠪᠡᠯᠡ ᠣᠷᠣᠭᠤᠯᠣᠯᠳᠠ ᠶᠢ ᠠᠬᠢᠭᠤᠯᠬᠤ ᠲᠥᠪ᠂ ᠡᠯ᠎ᠡ ᠬᠤᠰᠢᠭᠤ ᠣᠷᠣᠨ︶ | 13 . ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠠᠵᠤ ᠦᠢᠯᠡᠰ ᠤᠨ ᠬᠡᠯᠬᠢᠶ᠎ᠡ᠂ ᠪᠣᠭᠤᠮᠲᠠ ᠶᠢᠨ ᠠᠵᠤ ᠠᠬᠤᠶ ᠶᠢᠨ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠲᠤᠰᠬᠠᠶ ᠲᠥᠷᠥᠯ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ | ᠦᠢᠯᠡᠰ ᠤᠨ ᠬᠡᠯᠬᠢᠶ᠎ᠡ ᠨᠢᠭᠡᠪᠦᠷᠢ ᠳᠤ ᠵᠢᠯ ᠪᠦᠷᠢ ᠠᠳᠠᠭ ᠲᠠᠭᠠᠨ 1 ᠤᠳᠠᠭ᠎ᠠ ᠲᠤᠰᠬᠠᠶ ᠲᠥᠷᠥᠯ ᠢᠶᠠᠷ | ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠦᠨ᠎ᠡ ︵ᠲᠠᠨᠢᠯᠴᠠᠭᠤᠯᠬᠤ᠂ ᠵᠥᠪᠳᠡᠨ ᠶᠠᠷᠢᠯᠴᠠᠬᠤ᠂ ᠭᠡᠷ᠎ᠡ | ᠲᠣᠭᠲᠠᠬᠤ᠂ ᠶᠠᠷᠢᠶᠠᠨ ᠤ ᠲᠠᠪᠴᠠᠩ ᠵᠡᠷᠭᠡ ᠶᠢ ᠪᠠᠭᠲᠠᠭᠠᠨ᠎ᠠ᠂ ᠠᠵᠢᠯᠯᠠᠭ᠎ᠠ ᠶᠢᠨ ᠳᠤᠮᠳᠠ ᠨᠡᠶᠢᠯᠡᠭᠦᠯᠦᠨ | ᠶᠠᠪᠤᠭᠳᠠᠭᠤᠯᠵᠤ ᠪᠣᠯᠤᠨ᠎ᠠ︶᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ 5 G ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ᠂ ᠲᠤᠮᠤ ᠳ᠋ᠠᠶᠢᠲ᠋ᠠ ᠶᠢᠨ ᠮᠡᠷᠭᠡᠵᠢᠯ ᠵᠡᠷᠭᠡ ᠶᠢ | ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠤᠶᠤᠨᠲᠤ ᠵᠠᠮ ᠬᠠᠷᠢᠯᠴᠠᠭ᠎ᠠ᠂ ᠤᠶᠤᠨᠲᠤ ᠴᠠᠬᠢᠯᠭᠠᠨ ᠲᠣᠣᠷ ᠪᠣᠯᠤᠨ | ᠤᠶᠤᠨᠲᠤ ᠬᠤᠳᠠ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠭᠰᠠᠨ ᠤᠨᠴᠠᠯᠢᠭᠳᠤ ᠠᠵᠤ ᠦᠢᠯᠡᠰ ᠢ | ᠪᠤᠶᠢᠵᠢᠭᠤᠯᠵᠤ᠂ ᠬᠤᠳᠠᠯᠳᠤᠭᠠᠨ ᠳᠤ ᠵᠣᠷᠢᠭᠤᠯᠣᠭᠰᠠᠨ ᠰᠠᠨᠰᠠᠷ ᠠᠶᠠᠯᠠᠯ᠂ ᠮᠡᠳᠡᠭᠡ ᠵᠠᠩᠭᠢ ᠶᠢᠨ ᠠᠮᠤᠷ ᠲᠦᠪᠰᠢᠨ᠂ | ᠵᠡᠪᠰᠡᠭ ᠲᠣᠨᠣᠭᠯᠠᠯ ᠤᠨ ᠰᠢᠯᠭᠠᠯᠲᠠ᠂ ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ ᠢ ᠠᠷᠠᠳ ᠤᠨ | ᠬᠡᠷᠡᠭᠯᠡᠭᠡᠨ ᠳᠤ ᠰᠢᠯᠵᠢᠭᠦᠯᠬᠦ ᠪᠠ ᠣᠨᠴᠠ ᠲᠦᠷᠦᠯ ᠤᠨ ᠬᠡᠳᠦ ᠳᠠᠭᠠᠭᠠᠮᠠᠭᠠᠢ ᠪᠤᠯᠤᠳ᠂ ᠨᠡᠭᠦᠷᠡᠰᠦᠲᠥ᠋ᠷᠥᠭᠴᠢ | ᠴᠠᠬᠢᠭᠤᠷ ᠤᠨ ᠪᠥᠭᠡᠭᠡᠨᠡᠪᠦᠷᠢ ᠵᠡᠷᠭᠡ ᠳᠡᠭᠡᠳᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠠᠷᠭ᠎ᠠ | ᠰᠦᠪᠡᠭᠴᠢᠯᠡᠨ ᠠᠬᠢᠭᠤᠯᠵᠤ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ | ᠬᠥᠭᠵᠢᠭᠦᠯᠬᠦ ᠬᠤᠰᠢᠭᠤᠴᠢ ᠣᠷᠣᠨ ᠢ ᠴᠢᠷᠮᠠᠶᠢᠨ ᠪᠠᠶᠢᠭᠤᠯᠤᠨ᠎ᠠ᠃ ᠪᠣᠭᠤᠮᠲᠠ ᠶᠢᠨ ᠠᠵᠤ ᠠᠬᠤᠶ ᠶᠢᠨ ᠲᠤᠭ᠎ᠠ | ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ︽ᠪᠣᠭᠤᠮᠲᠠ + ᠳᠣᠲᠣᠷ᠎ᠠ ᠭᠠᠵᠠᠷ + | ᠠᠵᠤ ᠦᠢᠯᠡᠰ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠨᠤᠲᠤᠭᠰᠢᠵᠤ ᠡᠳ᠋ᠰᠢᠭᠦᠯᠬᠦ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠪᠣᠭᠤᠮᠲᠠ ᠶᠢᠨ ᠵᠢᠭᠤᠯᠴᠢᠯᠠᠯ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠬᠦᠴᠦ ᠣᠷᠣᠭᠤᠯᠤᠨ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠪᠲᠡᠷᠡᠬᠦ ᠵᠠᠮ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠲᠣᠮᠣ ᠳ᠋ᠠᠶᠢᠲ᠋ᠠ ᠶᠢᠨ | ᠲᠥᠪ᠂ ᠡᠯ᠎ᠡ ᠬᠤᠰᠢᠭᠤ ᠣᠷᠣᠨ︶ | ᠳᠥᠷᠪᠡ᠂ ᠴᠢᠭᠯᠡᠯ ᠢ ᠳᠣᠭᠳᠠᠭᠠᠨ ᠬᠤᠳᠠᠯᠳᠣᠭᠠᠴᠢᠨ ᠣᠷᠢᠬᠤ | 14᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠵᠠᠷ ᠣᠷᠣᠨ ᠪᠠ ᠠᠮᠢ ᠠᠬᠤᠶ ᠣᠷᠴᠢᠨ | ᠲᠣᠭᠤᠷᠢᠨ ᠬᠡᠪᠡᠷᠡᠭ ᠭᠠᠵᠠᠷ ᠣᠷᠣᠨ ᠳᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠳᠤᠲᠠᠭᠳᠠᠵᠤ᠂ | ᠪᠠᠶᠢᠷᠢᠯᠠᠭᠤᠯᠬᠤ ᠪᠠ ᠡᠷᠦᠬᠡ ᠠᠮᠠ ᠣᠷᠣᠭᠤᠯᠬᠤ ᠳᠤ ᠬᠦᠴᠢᠷᠲᠡᠶ ᠪᠠᠶᠢᠬᠤ ᠪᠠᠶᠢᠳᠠᠯ ᠳᠤᠤᠷ᠎ᠠ᠂ ︽ᠣᠷᠣᠨ ᠪᠦᠰᠡ ᠶᠢ | ᠬᠤᠯᠪᠣᠭᠰᠠᠨ ᠠᠵᠤ ᠠᠬᠤᠶ︾ ᠶᠢᠨ ᠵᠠᠭᠪᠤᠷ ᠥᠷᠨᠢᠭᠦᠯᠬᠦ ᠶᠢ ᠵᠣᠷᠢᠭᠵᠢᠭᠤᠯᠵᠤ᠂ ᠦᠢᠯᠡᠳᠬᠦ ᠦᠢᠯᠡᠰ ᠢ | ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ | ᠠᠬᠢᠭᠤᠯᠬᠤ ᠲᠥᠪ᠂ ᠡᠯ᠎ᠡ ᠬᠤᠰᠢᠭᠤ ᠣᠷᠣᠨ︶ | 15 . ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ ᠭᠤᠤᠯᠳᠠᠯᠭ᠎ᠠ ᠲᠠᠢ ᠣᠷᠣᠨ | ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠶ ᠶᠢᠨ 500 ᠬᠦᠴᠦᠷᠬᠡᠭ᠂ ᠳᠤᠮᠳᠠᠳᠤ ᠤᠯᠤᠰ ᠤᠨ 500 | ᠬᠦᠴᠦᠷᠬᠡᠭ᠂ ᠠᠷᠠᠳ ᠤᠨ ᠡᠵᠡᠩᠨᠡᠯᠲᠡ ᠶᠢᠨ 500 ᠬᠦᠴᠦᠷᠬᠡᠭ᠂ ᠦᠢᠯᠡᠳᠬᠦ ᠦᠢᠯᠡᠰ ᠤᠨ 500 | ᠬᠦᠴᠦᠷᠬᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ᠂ ᠪᠦᠯᠦᠭᠯᠡᠯ ᠤᠨ ᠭᠤᠤᠯ | ᠠᠵᠤ ᠠᠬᠤᠶᠢᠯᠠᠯ᠂ ᠬᠡᠯᠬᠢᠶ᠎ᠡ ᠶᠢᠨ ᠭᠤᠤᠯ ᠠᠵᠤ ᠠᠬᠤᠶᠢᠯᠠᠯ ᠢ ᠬᠥᠲᠥᠯᠥᠨ ᠳᠠᠭᠠᠭᠤᠯᠵᠤ᠂ ᠬᠤᠳᠠᠯᠳᠣᠭᠠᠴᠢᠨ | ᠤᠷᠢᠬᠤ ᠲᠤᠰᠬᠠᠶ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠬᠠᠨᠳᠤᠯᠭ᠎ᠠ ᠲᠠᠢ ᠪᠠᠷ ᠬᠤᠳᠠᠯᠳᠣᠭᠠᠴᠢᠨ ᠤᠷᠢᠬᠤ᠂ | ︽ᠪᠦᠬᠦᠯᠢ ᠬᠡᠯᠬᠢᠶ᠎ᠡ︾ ᠪᠠᠷ ᠬᠤᠳᠠᠯᠳᠣᠭᠠᠴᠢᠨ ᠤᠷᠢᠬᠤ᠂ ︽ᠣᠷᠣᠨ ᠠᠯᠤᠰᠯᠠᠭᠰᠠᠨ ᠠᠵᠤ ᠠᠬᠤᠶᠢᠯᠠᠯ︾ ᠢᠶᠠᠷ | ᠬᠤᠳᠠᠯᠳᠣᠭᠠᠴᠢᠨ ᠤᠷᠢᠬᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠬᠤ᠂ ᠲᠥᠷᠥᠯ ᠵᠦᠢᠯ ᠤᠨ | ᠪᠠᠶᠢᠷᠢᠰᠢᠭᠤᠯᠤᠯᠲᠠ ᠶᠢ ᠬᠤᠷᠠᠮᠳᠤᠭᠤᠯᠬᠤ᠂ ᠠᠵᠤ ᠦᠢᠯᠡᠰ ᠢ ᠢᠵᠢ ᠪᠥᠷᠢᠳᠦᠭᠦᠯᠬᠦ᠂ ᠴᠢᠬᠤᠯᠠ ᠡᠯᠧᠮᠧᠨ᠋ᠲ ᠤᠨ | ᠪᠠᠲᠤᠯᠠᠭ᠎ᠠ ᠵᠡᠷᠭᠡ ᠳᠠᠪᠠᠭᠤᠯᠢᠭ ᠢ ᠪᠠᠳᠠᠷᠠᠭᠤᠯᠵᠤ᠂ ᠠᠵᠢᠯ ᠲᠥᠷᠥᠯ ᠢ ᠬᠠᠮᠢᠶᠠᠷᠬᠤ᠂ ᠬᠦᠷᠢᠶᠡᠯᠡᠩ ᠲᠣᠭᠤᠷᠢᠭ ᠢ | ᠬᠠᠮᠢᠶᠠᠷᠬᠤ᠂ ᠣᠷᠣᠨ ᠨᠤᠲᠤᠭ ᠢ ᠬᠠᠮᠢᠶᠠᠷᠬᠤ ᠳᠤ ᠴᠥᠮ ᠬᠤᠳᠠᠯᠳᠣᠭᠠᠴᠢᠨ ᠤᠷᠢᠬᠤ ᠶᠢ ᠬᠠᠮᠢᠶᠠᠷᠬᠤ ᠠᠭᠤᠷ | ᠠᠮᠢᠰᠬᠤᠯ ᠢ ᠪᠣᠢ ᠪᠣᠯᠭᠠᠨ᠎ᠠ᠃ ᠨᠢᠭᠡᠳᠦᠭᠡᠷ ᠠᠵᠤ ᠦᠢᠯᠡᠰ ᠢ ᠳᠡᠭᠡᠳᠦ ᠲᠠᠰ ᠲᠤ ᠬᠦᠷᠭᠡᠬᠦ᠂ ᠨᠠᠷᠠᠲᠤ ᠲᠡᠮᠳᠡᠭ | ᠡᠭᠦᠳᠬᠦ ᠶᠢ ᠠᠬᠢᠭᠤᠯᠤᠨ᠂ ᠪᠥᠬᠦ ᠤᠯᠤᠰ ᠤᠨ ᠴᠢᠬᠤᠯᠠ ᠪᠥᠭᠡᠳ ᠦᠷᠭᠦᠯᠵᠢᠯᠡᠬᠦ᠋ᠢᠴᠡ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠬᠤᠰᠢᠭᠤᠴᠢ ᠣᠷᠣᠨ ᠢ ᠴᠢᠷᠮᠠᠶᠢᠨ ᠪᠣᠶ ᠪᠣᠯᠭᠠᠵᠤ᠂ ︽ᠮᠢᠬ᠎ᠠ᠂ ᠰᠦ᠂ ᠨᠤᠯᠤᠤᠷ᠂ | ᠵᠢᠮᠢᠰ᠂ ᠢᠳᠡᠰᠢᠨ ᠨᠣᠭᠤᠭ᠎ᠠ︾ ᠶᠢᠨ ᠠᠵᠤ ᠦᠢᠯᠡᠰ ᠤᠨ ᠰᠦᠷᠦᠭᠵᠢᠯ ᠢ ᠦᠷᠭᠦᠯᠵᠢᠯᠡᠨ ᠪᠣᠶ ᠪᠣᠯᠭᠠᠵᠤ᠂ ᠪᠥᠬᠦ | ᠤᠯᠤᠰ ᠤᠨ ᠴᠢᠬᠤᠯᠠ ᠤᠨᠴᠠᠯᠢᠭᠳᠤ ᠲᠡᠮᠡᠭᠡᠨ ᠤ ᠠᠵᠤ ᠦᠢᠯᠡᠰ ᠪᠠ ᠠᠮᠢ ᠠᠬᠤᠶ ᠶᠢᠨ ᠡᠯᠡᠰᠦᠨ ᠤ ᠠᠵᠤ | ᠦᠢᠯᠡᠰ ᠤᠨ ︽ᠬᠤᠤᠰ ᠣᠳᠣᠨ ᠣᠷᠣᠨ︾ ᠢ ᠪᠥᠲᠥᠭᠡᠨ ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠣᠲᠣ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ ᠠᠯᠠᠱᠠ ᠵᠡᠭᠦᠨ ᠬᠤᠰᠢᠭᠤᠨ ᠤ ᠤᠯᠤᠰ ᠤᠨ ᠲᠠᠰ ᠤᠨ | ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ᠂ ᠡᠵᠡᠨ᠎ᠡ ᠬᠤᠰᠢᠭᠤᠨ ᠤ ᠵᠢᠤᠢ ᠶᠠᠨ | ᠪᠠᠯᠲᠤ ᠬᠡᠮᠬᠡ ᠪᠠ ᠭᠤᠪᠢ ᠶᠢᠨ ᠬᠤᠨᠢᠨ ᠤ ᠵᠢᠭᠤᠯᠴᠢᠯᠠᠯ ᠤᠨ IP ᠨᠥᠯᠥᠭᠡᠯᠡᠯ ᠢ ᠤᠶᠠᠯᠳᠤᠭᠤᠯᠤᠨ ᠲᠥᠷᠥᠯ | ᠲᠡᠮᠳᠡᠭᠵᠢᠭᠦᠯᠦᠨ ᠬᠥᠭᠵᠢᠭᠦᠯᠬᠦ᠂ ᠬᠤᠶᠠᠷᠬᠤᠳᠳᠤᠭ ᠤᠨ ᠬᠦᠳᠡᠭᠡ ᠶᠢᠨ ᠦᠷᠬᠦᠯᠵᠢᠯᠡᠬᠦᠶᠢᠴᠡ ᠳᠠᠷᠢᠶᠠᠯᠠᠩ ᠤᠨ ᠠᠵᠦ | ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠣᠨ᠎ᠠ᠃ ᠵᠢᠯ ᠤᠨ ᠳᠣᠲᠣᠷ᠎ᠠ 2000 ᠲᠦᠮᠡᠨ ᠺᠢᠯᠣᠸᠠᠲ ᠠᠴᠠ | ᠳᠡᠭᠡᠭᠰᠢ ᠮᠠᠰᠢᠨ ᠤᠭᠰᠠᠷᠠᠵᠤ᠂ 500 ᠲᠦᠮᠡᠨ ᠺᠢᠯᠣᠸᠠᠲ ᠤᠨ ᠴᠠᠬᠢᠯᠭᠠᠨ ᠲᠣᠣᠷ ᠲᠤ ᠨᠡᠶᠢᠯᠡᠭᠦᠯᠦᠨ ᠰᠢᠨ᠎ᠡ ᠪᠠᠷ | ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ ᠬᠠᠷᠢᠴᠠᠯ ᠢ | 40 % ᠳᠤ ᠬᠦᠷᠭᠡᠬᠦ ᠪᠠᠷ ᠴᠢᠷᠮᠠᠶᠢᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ | ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠦᠷᠭᠡᠨ ᠰᠡᠷᠭᠦᠯᠲᠡ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠲᠡᠰ ᠤᠨ ᠬᠥᠭᠵᠢᠯᠲᠡ᠂ ᠬᠠᠴᠢᠨ ᠴᠢᠯᠠᠭᠤᠨ ᠤ ᠠᠵᠤ ᠦᠢᠯᠡᠰ | ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ︵ᠠᠶᠢᠮᠠᠭ ᠤᠨ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ | ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ | ᠶᠠᠪᠤᠳᠠᠯ ᠤᠨ ᠠᠯᠪᠠᠨ ᠬᠡᠷ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠬᠤᠷᠠᠯ᠂ | ᠪᠡᠭᠡᠵᠢᠩ ᠳᠤ ᠰᠠᠭᠤᠭ᠎ᠠ ᠬᠠᠷᠢᠯᠴᠠᠬᠤ ᠭᠠᠵᠠᠷ᠂ ᠬᠥᠬᠡᠬᠤᠲᠠ ᠳᠤ ᠰᠠᠭᠤᠭ᠎ᠠ ᠬᠠᠷᠢᠯᠴᠠᠬᠤ ᠭᠠᠵᠠᠷ᠂ ᠢᠷᠭᠠᠢ ᠳᠤ | ᠰᠠᠭᠤᠭ᠎ᠠ ᠬᠠᠷᠢᠯᠴᠠᠬᠤ ᠲᠥᠪ᠂ ᠡᠯ᠎ᠡ ᠬᠤᠰᠢᠭᠤ ᠣᠷᠣᠨ︶ | 16 . ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ ᠣᠨᠣᠪᠴᠢᠳᠠᠢ ᠪᠠᠷ ᠬᠤᠳᠠᠯᠳᠤᠭᠠᠴᠢᠨ | ᠤᠷᠢᠨ᠎ᠠ᠃ ᠪᠡᠭᠡᠵᠢᠩ ᠲᠢᠶᠠᠨᠵᠢᠨ ᠾᠧᠪᠧᠶ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠳᠡᠰ ᠤᠨ ᠲᠣᠨᠤᠭ | ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠲᠡᠷᠢᠭᠦᠨ ᠤ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡ᠂ | ᠬᠤᠷᠠᠮᠠᠯ ᠴᠠᠬᠢᠯᠭᠠᠨ ᠬᠡᠯᠬᠢᠶ᠎ᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠧᠩᠳᠦ᠋ | ᠴᠦᠩᠴᠢᠩ ᠤᠨ ᠡᠯᠧᠺᠲᠷᠣᠨ ᠮᠡᠳᠡᠭᠡ ᠵᠠᠩᠭᠢ᠂ ᠮᠠᠰᠢᠨ ᠲᠡᠷᠭᠡ᠂ ᠲᠣᠨᠤᠭ ᠲᠥᠬᠦᠭᠡᠷᠦᠮᠵᠢ ᠦᠢᠯᠡᠳᠬᠦ᠂ ᠣᠲᠣ | ᠦᠶ᠎ᠡ ᠶᠢᠨ ᠪᠠᠷᠠᠭᠠᠨ ᠤ ᠬᠦᠢᠯᠭᠡᠭᠡ᠂ ᠭᠤᠸᠠᠩᠳᠦ᠋ᠩ ᠰᠢᠶᠠᠩᠭᠠᠩ ᠣᠣᠮᠧᠨ ᠤ ᠲᠡᠷᠢᠭᠦᠨ ᠤ ᠦᠢᠯᠡᠳᠬᠦ ᠦᠢᠯᠡᠰ᠂ | ᠲᠡᠷᠢᠭᠦᠨ ᠤ ᠮᠠᠲ᠋ᠧᠷᠢᠶᠠᠯ᠂ ᠵᠥᠭᠡᠯᠡᠨ ᠲᠣᠨᠤᠭ ᠬᠢᠭᠡᠳ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠳᠠᠪᠠᠭᠤᠯᠢᠭ ᠠᠵᠤ | ᠦᠢᠯᠡᠰ ᠲᠤ ᠴᠢᠭᠯᠡᠭᠦᠯᠦᠨ᠂ ᠬᠠᠷᠠᠯᠲᠠᠲᠤ ᠠᠵᠤ ᠠᠬᠤᠶᠢᠯᠠᠯ ᠪᠠ ᠭᠤᠤᠯᠳᠠᠯᠭ᠎ᠠ ᠲᠠᠢ ᠬᠠᠷᠢᠴᠠᠭᠠᠨ ᠤ ᠡᠷᠦᠬᠡ ᠯᠦᠭᠡ | ᠵᠣᠯᠭᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠠᠵᠤ ᠠᠬᠤᠶᠢᠯᠠᠯ ᠪᠠ ᠲᠥᠷᠥᠯ | ᠵᠦᠢᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ | ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ | ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠬᠤᠷᠠᠯ᠂ ᠪᠡᠭᠡᠵᠢᠩ ᠳᠤ ᠰᠠᠭᠤᠭ᠎ᠠ | ᠬᠠᠷᠢᠯᠴᠠᠬᠤ ᠭᠠᠵᠠᠷ᠂ ᠬᠥᠬᠡᠬᠤᠲᠠ ᠳᠤ ᠰᠠᠭᠤᠭ᠎ᠠ ᠬᠠᠷᠢᠯᠴᠠᠬᠤ ᠭᠠᠵᠠᠷ᠂ ᠢᠷᠭᠠᠢ ᠳᠤ ᠰᠠᠭᠤᠭ᠎ᠠ ᠬᠠᠷᠢᠯᠴᠠᠬᠤ ᠲᠥᠪ | ᠂ ᠡᠯ᠎ᠡ ᠬᠤᠰᠢᠭᠤ ᠣᠷᠣᠨ︶ | 17 . ᠪᠦᠬᠦᠨ ᠢ ᠬᠠᠮᠤᠷᠤᠭᠰᠠᠨ ᠰᠦᠯᠵᠢᠶ᠎ᠡ ᠶᠢ ᠪᠠᠶᠢᠭᠤᠯᠤᠨ᠎ᠠ᠃ ᠭᠠᠳᠠᠭᠠᠳᠤ ᠳᠤ ᠰᠠᠭᠤᠭ᠎ᠠ | ᠪᠠᠶᠢᠭᠤᠯᠤᠮᠵᠢ ᠶᠢᠨ ᠭᠠᠳᠠᠭᠠᠳᠤ ᠲᠠᠢ ᠬᠠᠷᠢᠯᠴᠠᠬᠤ ᠳᠠᠪᠠᠭᠤᠯᠢᠭ ᠢ ᠪᠠᠳᠠᠷᠠᠭᠤᠯᠵᠤ᠂ ᠭᠤᠣᠯᠳᠠᠯᠭ᠎ᠠ ᠲᠠᠢ ᠣᠷᠣᠨ | ᠪᠦᠰᠡ ᠶᠢᠨ ᠬᠤᠳᠠᠯᠳᠤᠭᠠᠴᠢᠳ ᠤᠨ ᠨᠡᠶᠢᠭᠡᠮᠯᠢᠭ ᠪᠠ ᠬᠢᠯᠢ ᠶᠢᠨ ᠭᠠᠳᠠᠨᠠᠬᠢ ᠠᠵᠢᠯ ᠲᠦᠷᠦᠯ ᠤᠨ | ᠬᠤᠳᠠᠯᠳᠤᠭᠠᠴᠢᠳ ᠤᠨ ᠨᠡᠶᠢᠭᠡᠮᠯᠢᠭ ᠯᠦᠭᠡ ᠶᠢᠨ ᠨᠡᠪᠲᠡᠷᠡᠯᠴᠡᠭᠡ ᠬᠤᠷᠰᠢᠯ ᠢᠶᠠᠨ ᠭᠦᠨᠵᠡᠭᠡᠶᠢᠷᠡᠭᠦᠯᠵᠦ᠂ ᠲᠥᠪ ᠤᠨ | ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ 500 ᠬᠦᠴᠦᠷᠬᠡᠭ ᠠᠵᠤ ᠠᠬᠤᠶᠢᠯᠠᠯ᠂ | ᠭᠤᠣᠯᠳᠠᠯᠭ᠎ᠠ ᠲᠠᠢ ᠬᠠᠷᠠᠯᠲᠠ ᠪᠣᠯᠬᠤ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠ ᠲᠡᠭᠦᠨ ᠳᠤ ᠣᠷᠣᠯᠴᠠᠵᠤ᠂ ︽ᠬᠤᠨ ᠭᠠᠯᠠᠭᠤ ᠥᠪᠥᠷ ᠮᠣᠩᠭᠤᠯ ᠳᠤ ᠪᠤᠴᠠᠬᠤ︾᠂ | ᠰᠤᠷᠭᠠᠭᠤᠯᠢ ᠶᠢᠨ ᠨᠠᠶᠢᠵᠠ ᠨᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠬᠤᠳᠠᠯᠳᠤᠭᠠᠴᠢᠨ ᠤᠷᠢᠬᠤ ᠵᠡᠷᠭᠡ | ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠨ᠎ᠠ᠃ ᠵᠠᠭᠤᠨ | ᠠᠺᠠᠳᠧᠮᠢᠴᠢ ᠶᠢᠨ ᠥᠪᠥᠷ ᠮᠣᠩᠭᠤᠯ ᠳᠤ ᠣᠴᠢᠬᠤ᠂ ᠵᠠᠬ᠎ᠠ ᠳᠡᠯᠭᠡᠭᠦᠷ ᠲᠤ ᠭᠠᠷᠤᠭᠰᠠᠨ ᠵᠠᠭᠤᠨ ᠠᠵᠤ | ᠠᠬᠤᠶᠢᠯᠠᠯ ᠤᠨ ᠥᠪᠥᠷ ᠮᠣᠩᠭᠤᠯ ᠤᠨ ᠪᠠᠩᠬᠢ᠂ ᠪᠥᠬᠦ ᠤᠯᠤᠰ ᠤᠨ ᠨᠠᠷᠠᠲᠤ ᠲᠠᠷᠢᠶᠠᠯᠠᠩ ᠤᠨ ᠵᠠᠭᠤᠨ ᠠᠵᠤ | ᠠᠬᠤᠶᠢᠯᠠᠯ ᠤᠨ ᠥᠪᠥᠷ ᠮᠣᠩᠭᠤᠯ ᠳᠤ ᠣᠴᠢᠬᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ | ᠠᠬᠤᠶᠢᠯᠠᠯᠲᠠᠨ ᠤ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠳᠡᠳ᠋ ᠳᠠᠷᠤᠭ᠎ᠠ ᠪᠠ ᠬᠤᠳᠠᠯᠳᠤᠭᠠᠴᠢᠳ ᠤᠨ | ᠨᠡᠶᠢᠭᠡᠮᠯᠢᠭ ᠤᠨ ᠨᠠᠭᠠᠳᠤ ᠵᠠᠬ᠎ᠠ ᠳᠠᠭᠠᠨ ᠳᠣᠲᠣᠭᠠᠳᠤ ᠳᠠᠭᠠᠨ ᠣᠷᠣᠭᠤᠯᠵᠤ ᠭᠠᠳᠠᠭᠰᠢ ᠬᠤᠯᠪᠣᠭᠰᠠᠨ ᠵᠠᠭᠤᠨ ᠲᠥᠷᠥᠯ | ᠵᠦᠢᠯ᠂ ᠵᠠᠭᠤᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠨᠡᠶᠢᠭᠡᠮᠯᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠠᠭᠤᠨ ᠵᠢᠱᠢᠶ᠎ᠡ ᠦᠵᠡᠭᠦᠯᠬᠦ ᠲᠣᠰᠬᠤᠨ ᠪᠠᠶᠢᠭᠤᠯᠬᠤ ᠵᠡᠷᠭᠡ ︽ᠲᠠᠪᠤᠨ ᠵᠠᠭᠤᠨ︾ ᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ | ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ | ᠠᠬᠢᠭᠤᠯᠬᠤ ᠬᠤᠷᠠᠯ᠂ ᠪᠡᠭᠡᠵᠢᠩ ᠳᠤ ᠰᠠᠭᠤᠭ᠎ᠠ ᠬᠠᠷᠢᠯᠴᠠᠬᠤ ᠭᠠᠵᠠᠷ᠂ ᠬᠥᠬᠡᠬᠤᠲᠠ ᠳᠤ ᠰᠠᠭᠤᠭ᠎ᠠ ᠬᠠᠷᠢᠯᠴᠠᠬᠤ | ᠭᠠᠵᠠᠷ᠂ ᠢᠷᠭᠠᠢ ᠳᠤ ᠰᠠᠭᠤᠭ᠎ᠠ ᠬᠠᠷᠢᠯᠴᠠᠬᠤ ᠲᠥᠪ᠂ ᠡᠯ᠎ᠡ ᠬᠤᠰᠢᠭᠤ ᠣᠷᠣᠨ︶ | 18 . ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠦᠨ᠎ᠡ᠃ ᠥᠪᠥᠷ ᠮᠣᠩᠭᠤᠯ ︵ | ᠠᠯᠠᠱᠠ︶ ᠤᠨ ᠭᠠᠳᠠᠷ ᠮᠤᠵᠢ ᠬᠤᠲᠠ ᠳᠤ ᠰᠠᠭᠤᠭ᠎ᠠ ᠬᠤᠳᠠᠯᠳᠤᠭᠠᠴᠢᠳ ᠤᠨ ᠨᠡᠶᠢᠭᠡᠮᠯᠢᠭ ᠲᠠᠢ ᠭᠦᠢᠴᠡᠳ | ᠵᠣᠯᠭᠠᠯᠴᠠᠵᠤ᠂ ᠨᠠᠶᠢᠳᠠᠵᠤ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠰᠧᠴᠣᠸᠠᠨ᠂ ᠵᠧᠵᠢᠶᠠᠩ᠂ ᠱᠠᠨᠳᠦ᠋ᠩ᠂ | ᠴᠦᠩᠴᠢᠩ ᠵᠡᠷᠭᠡ ᠭᠠᠵᠠᠷ ᠲᠠᠬᠢ ᠬᠤᠳᠠᠯᠳᠤᠭᠠᠴᠢᠳ ᠤᠨ ᠨᠡᠶᠢᠭᠡᠮᠯᠢᠭ ᠲᠤ ᠲᠦᠰᠢᠭᠯᠡᠨ ᠠᠯᠠᠱᠠ ᠠᠶᠢᠮᠠᠭ ᠤᠨ | ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠤᠷᠢᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠤᠨ᠎ᠠ᠃ ᠠᠵᠤ | ᠠᠬᠤᠶᠢᠯᠠᠯ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ | ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ | ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ | ᠬᠡᠯᠬᠢᠶ᠎ᠡ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠳᠠᠪᠠᠭᠤᠯᠢᠭ ᠠᠵᠤ ᠦᠢᠯᠡᠰ ᠤᠨ ᠲᠥᠪᠯᠡᠷᠡᠨ ᠬᠥᠭᠵᠢᠬᠦ ᠶᠢ | ᠠᠬᠢᠭᠤᠯᠤᠨ᠎ᠠ᠃ ᠪᠡᠯᠡ ᠨᠡᠶᠢᠯᠡᠭᠦᠯᠦᠨ ᠬᠤᠷᠰᠢᠯᠴᠠᠬᠤ᠂ ᠪᠡᠯᠡ ᠨᠡᠮᠡᠭᠳᠡᠭᠦᠯᠦᠨ ᠰᠲ᠋ᠣᠺ ᠥᠷᠭᠡᠳᠬᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠯᠪᠣᠭᠳᠠᠬᠤ ᠠᠵᠤ ᠠᠬᠤᠶᠢᠯᠠᠯ ᠢ ᠣᠷᠣᠭᠤᠯᠵᠤ ᠢᠷᠡᠨ᠂ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ | ᠡᠳ᠋ ᠤᠨ ᠵᠠᠰᠠᠭ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠭᠤᠷᠬᠠᠢ ᠡᠨᠧᠷᠬᠢ ᠶᠢᠨ ᠪᠠᠯᠠ | ᠣᠷᠣᠭᠤᠯᠤᠯᠲᠠ ᠶᠢᠨ ᠺᠣᠮᠫᠠᠨᠢ︶ | 19 . ︽ᠤᠯᠤᠰ ᠠᠯᠤᠰᠯᠠᠭᠰᠠᠨ ᠺᠣᠮᠫᠠᠨᠢ ᠶᠢ ᠥᠪᠥᠷ ᠮᠣᠩᠭᠤᠯ ᠳᠤ ᠣᠷᠣᠭᠤᠯᠬᠤ︾ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠣᠷᠣᠯᠴᠠᠭᠤᠯᠵᠤ᠂ ᠳᠤᠮᠳᠠᠳᠤ ᠶᠠᠫᠣᠨ ᠤ ᠠᠵᠤ ᠠᠬᠤᠶ ᠶᠢᠨ ᠬᠠᠮᠲᠤᠷᠠᠯᠴᠠᠭᠠᠨ ᠤ ᠬᠤᠷᠠᠯ᠂ | ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠵᠡᠷᠭᠡ | ᠲᠠᠪᠴᠠᠩ ᠢ ᠠᠰᠢᠭᠯᠠᠨ᠂ ᠤᠬᠠᠭᠤᠯᠤᠨ ᠲᠠᠨᠢᠯᠴᠠᠭᠤᠯᠬᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠ ᠠᠵᠤ | ᠠᠬᠤᠶᠢᠯᠠᠯ ᠢ ᠵᠣᠯᠭᠠᠭᠤᠯᠬᠤ ᠶᠢ ᠠᠬᠢᠭᠤᠯᠤᠨ᠎ᠠ᠃ ᠧᠦ᠋ᠷᠣᠫᠠ᠂ ᠠᠮᠧᠷᠢᠺᠠ᠂ ᠶᠠᠫᠣᠨ᠂ ᠺᠣᠷᠢᠶᠠ ᠵᠡᠷᠭᠡ ᠤᠯᠤᠰ ᠵᠢᠴᠢ | ᠰᠢᠶᠠᠩᠭᠠᠩ᠂ ᠣᠣᠮᠧᠨ ᠵᠡᠷᠭᠡ ᠭᠠᠵᠠᠷ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ | ᠥᠷᠨᠢᠭᠦᠯᠦᠨ᠎ᠡ᠃ ᠣᠯᠠᠨ ᠤᠯᠤᠰ ᠤᠨ ᠬᠤᠭᠤᠷᠣᠨᠳᠣᠬᠢ ᠨᠥᠬᠦᠷᠰᠡᠭ ᠬᠤᠲᠠ ᠶᠢᠨ ᠵᠣᠯᠭᠠᠭᠤᠯᠤᠯᠲᠠ ᠶᠢ ᠰᠠᠶᠢᠲᠤᠷ | ᠬᠢᠵᠦ᠂ ᠠᠵᠤ ᠠᠬᠤᠶ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ︵ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠠᠷᠠᠯᠵᠢᠶ᠎ᠠ ᠶᠢ ᠠᠬᠢᠭᠤᠯᠬᠤ ᠵᠥᠪᠯᠡᠯ᠂ ᠪᠠᠯᠠ | ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ | ᠣᠷᠣᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | ᠲᠠᠪᠤ᠂ ᠰᠢᠯᠭᠠᠨ ᠬᠢᠨᠠᠵᠤ ᠲᠣᠬᠢᠷᠠᠭᠤᠯᠬᠤ ᠶᠢ ᠴᠢᠩᠭᠠᠷᠠᠭᠤᠯᠤᠨ᠎ᠠ | 20 . ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ | ᠠᠵᠤ ᠦᠢᠯᠡᠰ ᠤᠨ ᠲᠠᠰ ᠳᠡᠪᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠶ | ᠣᠷᠴᠢᠨ ᠲᠣᠭᠤᠷᠢᠨ ᠢ ᠬᠠᠮᠠᠭᠠᠯᠠᠬᠤ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠳᠤ ᠬᠠᠨᠳᠤᠭᠤᠯᠤᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠭᠤᠤᠯᠳᠠᠯᠭ᠎ᠠ ᠲᠠᠢ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠬᠥᠳᠡᠯᠦᠩᠭᠦᠶ ᠪᠠᠷ | ᠴᠤᠭᠯᠠᠭᠤᠯᠵᠤ᠂ ᠪᠥᠬᠦ ᠠᠶᠢᠮᠠᠭ ᠤᠨ 10 ᠠᠵᠤ ᠦᠢᠯᠡᠰ ᠤᠨ ᠬᠡᠯᠬᠢᠶ᠎ᠡ ᠪᠠᠷ ᠠᠴᠢᠶᠠᠯᠠᠪᠤᠷᠢ ᠪᠣᠯᠭᠠᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠲᠥᠰᠦᠪᠯᠡᠨ ᠨᠥᠭᠡᠴᠡᠯᠡᠬᠦ᠂ ᠨᠤᠲᠠᠯᠠᠯᠲᠠ ᠬᠢᠵᠦ | ᠵᠢᠷᠤᠭᠯᠠᠨ ᠲᠥᠯᠥᠪᠯᠡᠬᠦ᠂ ᠲᠥᠰᠦᠪᠯᠡᠨ ᠪᠣᠭᠤᠳᠠᠯᠯᠠᠬᠤ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠎ᠠ᠃ ︵ | ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠯ᠎ᠡ | ᠬᠤᠰᠢᠭᠤ ᠣᠷᠣᠨ︶ | 21 . ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠨᠢᠭᠡᠳᠦᠯᠲᠡᠶ ᠲᠣᠬᠢᠷᠠᠭᠤᠯᠬᠤ ᠪᠠᠨ | ᠴᠢᠩᠭᠠᠳᠬᠠᠵᠤ᠂ ᠪᠦᠬᠦ ᠠᠶᠢᠮᠠᠭ ᠤᠨ ᠡᠯ᠎ᠡ ᠱᠠᠲᠤᠨ ᠤ ᠥᠷᠨᠢᠭᠦᠯᠦᠭᠰᠡᠨ ᠡᠯ᠎ᠡ ᠲᠥᠷᠥᠯ ᠤᠨ ᠬᠤᠳᠠᠯᠳᠤᠭᠠᠴᠢᠨ | ᠤᠷᠢᠬᠤ ᠠᠵᠢᠯᠯᠠᠭ᠎ᠠ ᠳᠤ ᠨᠢᠭᠡᠳᠦᠯᠲᠡᠶ ᠲᠣᠬᠢᠷᠠᠭᠤᠯᠤᠯᠲᠠ ᠬᠢᠵᠦ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ | ᠣᠷᠣᠨ ᠤ ᠥᠷᠨᠢᠭᠦᠯᠦᠭᠰᠡᠨ ᠠᠵᠢᠯᠯᠠᠭ᠎ᠠ ᠶᠢᠨ ᠪᠠᠶᠢᠳᠠᠯ ᠢ ᠲᠣᠬᠢᠷᠠᠭᠤᠯᠬᠤ ᠬᠦᠰᠦᠨᠦᠭᠲᠦ ᠪᠠ ᠮᠡᠳᠡᠭᠡ ᠵᠠᠩᠭᠢ ᠶᠢᠨ | ᠬᠡᠯᠪᠡᠷᠢ ᠪᠠᠷ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠲᠤᠷᠠᠭᠰᠠᠨ ᠬᠤᠷᠠᠯ ᠤᠨ ᠳᠦᠷᠢᠮ ᠤᠨ | ᠠᠯᠪᠠᠨ ᠭᠡᠷ ᠲᠤ ᠮᠡᠳᠡᠭᠦᠯᠦᠨ ᠬᠦᠷᠭᠡᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠪᠦᠬᠦ ᠠᠶᠢᠮᠠᠭ ᠤᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ | ᠬᠦᠷᠭᠡᠨ᠎ᠡ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠭᠠᠳᠠᠭᠠᠳᠤ | ᠶᠠᠪᠤᠳᠠᠯ ᠤᠨ ᠠᠯᠪᠠᠨ ᠬᠡᠷ᠂ ᠡᠯ᠎ᠡ ᠬᠤᠰᠢᠭᠤ ᠣᠷᠣᠨ︶ | 22. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ ᠤᠨ ᠨᠢᠭᠡᠳᠦᠯᠲᠡᠶ | ᠲᠣᠬᠢᠷᠠᠭᠤᠯᠤᠯᠲᠠ ᠶᠢ ᠴᠢᠩᠭᠠᠳᠬᠠᠵᠦ᠂ ᠭᠤᠤᠯᠳᠠᠯᠭ᠎ᠠ ᠶᠢ ᠳᠠᠭᠠᠬᠤ᠂ ᠭᠡᠷ᠎ᠡ ᠲᠣᠭᠲᠠᠭᠰᠠᠨ᠂ ᠨᠢᠭᠡᠨᠲᠡ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠨᠢ | ᠮᠥᠷᠳᠡᠨ ᠦᠢᠯᠡᠴᠢᠯᠡᠬᠦ ᠡᠷᠴᠢᠮ ᠢᠶᠠᠨ ᠨᠡᠮᠡᠭᠳᠡᠬᠦᠯᠦᠨ᠂ ᠡᠳᠦᠷ ᠲᠤᠲᠤᠮ ᠤᠨ ᠲᠣᠬᠢᠷᠠᠭᠤᠯᠤᠯᠲᠠ ᠶᠢᠨ ᠬᠢᠨᠠᠨ | ᠬᠡᠮᠵᠢᠯᠲᠡ ᠶᠢᠨ ᠵᠠᠳᠠᠯᠤᠯᠲᠠ ᠶᠢ ᠴᠢᠩᠭᠠᠳᠬᠠᠨ᠂ ᠬᠤᠳᠠᠯᠳᠣᠭᠠᠴᠢᠨ ᠤᠷᠢᠬᠤ ᠲᠥᠷᠥᠯ ᠵᠦᠢᠯ ᠢ ᠣᠷᠣᠭᠤᠯᠬᠤ | ᠠᠵᠢᠯ ᠢ ᠳᠦᠷᠢᠮᠵᠢᠬᠦᠯᠦᠨ᠂ ︽ᠥᠪᠥᠷ ᠮᠣᠩᠭᠤᠯ ᠤᠨ ᠡᠭᠦᠯᠡᠨ ᠬᠤᠳᠠᠯᠳᠤᠭᠠᠴᠢᠨ ᠤᠷᠢᠬᠤ︾ ᠮᠡᠳᠡᠭᠡ | ᠵᠠᠩᠭᠢᠵᠢᠯᠲᠠ ᠶᠢᠨ ᠲᠠᠪᠴᠠᠩ ᠢ ᠰᠠᠶᠢᠲᠤᠷ ᠬᠡᠷᠡᠭᠯᠡᠨ᠂ ᠰᠢᠨᠡᠳᠬᠡᠭᠰᠡᠨ ᠲᠥᠷᠥᠯ ᠵᠦᠢᠯ ᠤᠨ ᠪᠠᠶᠢᠳᠠᠯ ᠢ ᠴᠠᠭ | ᠳᠠᠷᠤᠶ ᠳᠤᠨᠢ ᠣᠷᠣᠭᠤᠯᠵᠦ᠂ ᠰᠠᠷ᠎ᠠ ᠪᠠᠷ ᠲᠣᠬᠢᠷᠠᠭᠤᠯᠬᠤ᠂ ᠤᠯᠠᠷᠢᠯ ᠤᠨ ᠲᠦᠯᠬᠢᠴᠡ᠂ ᠬᠠᠭᠠᠰ ᠵᠢᠯ ᠳᠤ ᠠᠵᠢᠯ | ᠢᠶᠠᠨ ᠡᠬᠢᠯᠡᠬᠦᠯᠬᠦ᠂ ᠵᠢᠯ ᠤᠨ ᠡᠴᠦᠰ ᠲᠤ ᠳ᠋ᠦᠩᠨᠡᠬᠦ ᠲᠣᠭᠲᠠᠴᠠ ᠪᠠᠷ ᠥᠩᠭᠡᠷᠡᠭᠰᠡᠨ ᠵᠢᠯ ᠤᠳ ᠤᠨ ᠭᠡᠷ᠎ᠡ | ᠲᠣᠭᠲᠠᠵᠤ ᠪᠠᠶᠢᠭᠤᠯᠵᠤ ᠪᠠᠶᠢᠭ᠎ᠠ ᠪᠠ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠳᠤ ᠲᠣᠬᠢᠷᠠᠭᠤᠯᠤᠯᠲᠠ ᠬᠢᠵᠦ | ᠮᠦᠷᠳᠡᠨ᠂ ᠡᠯ᠎ᠡ ᠭᠠᠵᠠᠷ ᠣᠷᠣᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ | ᠠᠰᠠᠭᠤᠳᠠᠯ ᠢ ᠴᠠᠭ ᠲᠤᠬᠠᠶ ᠳᠤᠨᠢ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠭᠰᠠᠨ | ᠬᠤᠷᠠᠯ ᠤᠨ ᠲᠦᠷᠢᠮ ᠤᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠬᠠᠮᠲᠤᠷᠠᠭᠰᠠᠨ ᠬᠤᠷᠠᠯ ᠤᠨ ᠲᠦᠷᠢᠮ ᠤᠨ | ᠠᠷᠭ᠎ᠠ ᠬᠡᠯᠪᠡᠷᠢ ᠪᠠᠷ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠣᠨ᠂ | ᠭᠤᠤᠯᠳᠠᠯᠭ᠎ᠠ ᠲᠠᠢ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ ᠰᠢᠢᠳᠪᠦᠷᠢᠯᠡᠬᠦ ᠶᠢ ᠠᠬᠢᠭᠤᠯᠬᠤ | ᠴᠢᠬᠤᠯᠠᠲᠠᠶ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠦᠨ ᠬᠦᠷᠭᠡᠵᠦ᠂ ᠭᠡᠷ᠎ᠡ ᠲᠣᠭᠲᠠᠭᠰᠠᠨ ᠲᠥᠷᠥᠯ | ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠣᠨ᠂ ᠠᠰᠢᠭᠯᠠᠯᠲᠠ ᠳᠤ ᠣᠷᠣᠭᠤᠯᠵᠤ ᠦᠷ᠎ᠡ | ᠠᠰᠢᠭ ᠣᠯᠣᠨ᠎ᠠ᠃ ︵ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠭᠠᠳᠠᠭᠠᠳᠤ | ᠶᠠᠪᠤᠳᠠᠯ ᠤᠨ ᠠᠯᠪᠠᠨ ᠬᠡᠷ᠂ ᠡᠯ᠎ᠡ ᠬᠤᠰᠢᠭᠤ ᠣᠷᠣᠨ︶ | 23 . ︽ᠠᠯᠠᠱᠠ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠵᠤ ᠱᠠᠩᠨᠠᠬᠤ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ | ᠬᠤᠰᠢᠭᠤ ᠣᠷᠣᠨ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠬᠡᠴᠡ ᠳᠤ | ᠬᠠᠨᠳᠤᠭᠤᠯᠤᠨ᠂ ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠂ | ᠰᠢᠨ᠎ᠡ ᠪᠠᠷ ᠭᠡᠷ᠎ᠡ ᠲᠣᠭᠲᠠᠭᠰᠠᠨ ᠬᠤᠳᠠᠯᠳᠣᠭᠠᠴᠢᠨ ᠤᠷᠢᠬᠤ ᠲᠥᠷᠥᠯ ᠵᠦᠢᠯ ᠤᠨ ᠲᠤᠭ᠎ᠠ᠂ ᠪᠠᠯᠠ ᠮᠥᠩᠭᠦ ᠶᠢᠨ | ᠬᠡᠮᠵᠢᠶ᠎ᠡ᠂ ᠴᠢᠬᠤᠯᠠ ᠶᠡᠭᠡ ᠲᠥᠷᠥᠯ ᠵᠦᠢᠯ᠂ ᠲᠡᠷᠢᠭᠦᠨ ᠤ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠂ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ᠂ ︽ᠣᠷᠣᠨ | ᠪᠦᠰᠡ ᠶᠢ ᠬᠤᠯᠪᠣᠭᠰᠠᠨ ᠠᠵᠦ ᠠᠬᠤᠢ︾ ᠪᠠᠷ ᠠᠷᠠᠯᠵᠢᠶᠠᠴᠢᠨ ᠤᠷᠢᠬᠤ᠂ ᠭᠠᠳᠠᠭᠠᠳᠤ ᠪᠠᠯᠠ ᠶᠢ ᠠᠰᠢᠭᠯᠠᠬᠤ | ᠲᠤᠰᠬᠠᠶ ᠲᠥᠷᠥᠯ ᠢᠶᠠᠷ ᠠᠷᠠᠯᠵᠢᠶᠠᠴᠢᠨ ᠤᠷᠢᠬᠤ ᠪᠠᠶᠢᠳᠠᠯ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ | ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠠᠵᠢᠯ ᠳᠠᠭᠤᠰᠬᠠᠭᠰᠠᠨ | ᠨᠣᠷᠮ᠎ᠠ ᠵᠡᠷᠭᠡ ᠪᠣᠳᠠᠲᠤ ᠦᠷ᠎ᠡ ᠪᠦᠲᠦᠮᠵᠢ ᠶᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠴᠢᠭᠯᠡᠭᠦᠯᠦᠨ ᠬᠢᠨᠠᠨ ᠰᠢᠯᠭᠠᠯᠲᠠ ᠬᠢᠨ᠎ᠠ᠃ ︵ | ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ᠂ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠡᠯ᠎ᠡ ᠬᠤᠰᠢᠭᠤ ᠣᠷᠣᠨ︶ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |