— ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ | ᠱᠦᠵᠢ ᠯᠢᠦ ᡁᠢ ᠴᠢᠶᠠᠩ ᠢ ᠰᠤᠷᠪᠤᠯᠵᠢᠯᠠᠭᠰᠠᠨ ᠨᠢ | | ︽ᠠᠯᠠᠱᠠ ᠵᠡᠭᠦᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠯᠤᠰ ᠲᠥᠷᠥ ᠪᠠᠶᠢᠯᠳᠤᠬᠤ ᠪᠣᠳᠣᠯᠭ᠎ᠠ ᠪᠦᠬᠦ | ᠲᠠᠯ᠎ᠠ ᠶᠢᠨ ᠦᠨᠳᠦᠷᠴᠡ ᠠᠴᠠ ᠭᠦᠨᠵᠡᠭᠡᠢ ᠳᠠᠨᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ︿ᠬᠤᠶᠠᠷ ᠢ ᠲᠣᠭᠲᠠᠭᠠᠬᠤ﹀ ᠶᠢ | ᠡᠷᠡᠰ ᠬᠦᠷᠢᠶᠡᠯᠡᠨ᠂ ︿ᠬᠤᠶᠠᠷ ᠢ ᠬᠠᠮᠠᠭᠠᠯᠠᠬᠤ﹀ ᠶᠢ ᠡᠷᠡᠰ ᠪᠡᠶᠡᠯᠡᠬᠦᠯᠵᠦ᠂ ︿ᠤᠯᠤᠰ ᠤᠨ ᠶᠡᠭᠡ ᠶᠠᠪᠣᠳᠠᠯ﹀ ᠢ ᠴᠠᠭ | ᠢᠮᠠᠭᠲᠠ ᠪᠠᠲᠤ ᠴᠡᠭᠡᠵᠢᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠳᠠᠯᠠᠨ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠶᠢ | ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠳᠦᠪᠯᠡᠷᠡᠬᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠣᠨ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠥᠭᠵᠢᠯᠲᠡ ᠶᠢ ᠡᠷᠢᠯᠬᠢᠯᠡᠵᠦ᠂ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠦ᠂ ᠠᠮᠢ ᠠᠬᠤᠶ ᠭᠤᠶᠣ ᠰᠠᠶᠢᠬᠠᠨ᠂ ᠠᠵᠤ | ᠦᠢᠯᠡᠰ ᠬᠥᠭᠵᠢᠯ ᠪᠠᠳᠠᠷᠠᠯ ᠲᠠᠢ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠶ ᠵᠣᠯ ᠵᠢᠷᠭᠠᠯ ᠲᠠᠢ | ᠠᠯᠠᠱᠠ ᠵᠡᠭᠦᠨ ᠬᠤᠰᠢᠭᠤ ᠶᠢ ᠴᠢᠷᠮᠠᠶᠢᠨ ᠪᠠᠶᠢᠭᠤᠯᠣᠨ᠎ᠠ᠃︾ ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶᠠᠨ ᠤ | ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠠᠴᠠ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠬᠤ ᠲᠤᠬᠠᠶ ᠲᠤᠰᠬᠠᠶ | ᠰᠤᠷᠪᠤᠯᠵᠢᠯᠠᠭ᠎ᠠ ᠶᠢ ᠬᠦᠯᠢᠶᠡᠪᠡ᠃ | ᠯᠢᠦ ᡁᠢ ᠴᠢᠶᠠᠩ᠂ ᠠᠯᠠᠱᠠ ᠵᠡᠭᠦᠨ ᠬᠤᠰᠢᠭᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠨ᠎ᠠ ᠭᠡᠪᠡ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠣᠨ᠂ | ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠤᠷᠤᠯᠴᠠᠨ ᠤᠬᠠᠭᠤᠯᠵᠤ | ᠳᠣᠣᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠨ᠎ᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ | ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ | ᠰᠠᠶᠢᠲᠤᠷ ᠳᠣᠣᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠠ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠳᠣᠣᠱᠯᠠᠭᠤᠯᠬᠤ ᠲᠠᠢ ᠨᠢᠭᠲᠠ ᠤᠶᠠᠯᠳᠤᠭᠤᠯᠤᠨ᠂ ᠤᠳᠤᠷᠢᠳᠤᠯᠭ᠎ᠠ ᠪᠠᠨ ᠴᠢᠩᠭᠠᠳᠬᠠᠵᠤ᠂ | ᠨᠢᠮᠪᠠᠢ ᠵᠣᠬᠢᠶᠠᠨ ᠪᠠᠶᠢᠭᠤᠯᠵᠤ᠂ ᠰᠤᠷᠤᠯᠴᠠᠨ ᠤᠬᠠᠭᠤᠯᠵᠤ ᠳᠣᠣᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ | ᠲᠦᠷᠭᠡᠨ ᠪᠤᠢ ᠪᠣᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ | ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠰᠤᠷᠤᠯᠴᠠᠯᠭ᠎ᠠ ᠪᠣᠯᠪᠠᠰᠤᠷᠠᠯ ᠤᠨ ᠲᠥᠯᠥᠪᠯᠡᠭᠡ ᠶᠢ ᠨᠠᠷᠢᠨ ᠬᠢᠨᠠᠮᠠᠭᠠᠢ | ᠲᠣᠭᠲᠠᠭᠠᠵᠤ᠂ ᠤᠯᠠᠨ ᠬᠡᠯᠪᠡᠷᠢ ᠶᠢᠨ᠂ ᠲᠡᠰ ᠳᠠᠪᠬᠤᠷᠭ᠎ᠠ ᠬᠤᠪᠢᠶᠠᠭᠰᠠᠨ ᠲᠤᠰᠬᠠᠢ ᠰᠡᠳᠦᠪᠲᠦ ᠪᠣᠯᠪᠠᠰᠤᠷᠠᠯ ᠢ | ᠥᠷᠨᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠳᠤ ᠣᠷᠣᠭᠤᠯᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠢ ᠬᠦᠳᠦᠯᠥᠨ ᠵᠢᠯᠣᠭᠤᠳᠴᠤ ᠪᠠᠶᠢᠭᠠᠳ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠬᠤ ᠳᠡᠭᠡᠷ᠎ᠡ | ᠬᠦᠴᠦ ᠲᠠᠯᠪᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ | ᠨᠢᠭᠡᠳᠬᠡᠬᠦ ᠲᠠᠯ᠎ᠠ ᠪᠠᠷ ᠦᠨᠡᠨ ᠬᠦ ᠪᠡᠶᠡᠯᠡᠬᠦᠯᠦᠨ᠎ᠡ᠃ ᠤᠬᠠᠭᠤᠯᠭ᠎ᠠ ᠶᠢᠨ ᠲᠥᠰᠦᠯ ᠢ ᠨᠠᠷᠢᠨ ᠬᠢᠨᠠᠮᠠᠭᠠᠢ ᠰᠤᠳᠤᠯᠤᠨ | ᠲᠣᠭᠲᠠᠭᠠᠵᠤ᠂ ᠲᠤᠰᠬᠠᠢ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ᠂ | ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠣᠯᠭ᠎ᠠ ᠨᠢᠬᠡᠴᠡ᠂ ᠳᠤᠮᠳᠠᠳᠤ ᠪᠠᠭ᠎ᠠ ᠰᠤᠷᠭᠠᠭᠤᠯᠢ᠂ ᠭᠠᠴᠠᠭ᠎ᠠ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠲᠥᠪᠯᠡᠷᠡᠩᠭᠦᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ | ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠰᠣᠨᠣᠰᠴᠤ ᠣᠶᠢᠯᠠᠭᠠᠬᠤ᠂ ᠰᠣᠨᠣᠰᠴᠤ ᠣᠷᠣᠬᠤ ᠪᠣᠷᠣᠭᠵᠢᠭᠤᠨ | ᠦᠭᠡ ᠬᠡᠯᠡ ᠪᠠᠷ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠶᠠᠷᠢᠵᠤ᠂ ᠪᠦᠬᠦ ᠲᠠᠯ᠎ᠠ ᠪᠠᠷ ᠤᠬᠠᠭᠤᠯᠤᠨ | ᠮᠡᠳᠡᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠵᠣᠷᠢᠭᠵᠢᠭᠤᠯᠣᠨ᠎ᠠ᠃ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ | ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠨ᠎ᠡ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ | ᠤ ᠬᠠᠯᠬᠠᠪᠴᠢ ᠤᠢ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠨ ᠵᠠᠰᠠᠬᠤ ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ | ᠠᠯᠠᠱᠠ ᠠᠭᠤᠯᠠ ᠶᠢᠨ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ | ᠡᠵᠡᠮᠳᠡᠯ ᠢ ᠲᠠᠰᠤᠷᠠᠯᠳᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠯ ᠦᠭᠡᠢ | ᠥᠭᠡᠷᠡᠴᠢᠯᠡᠯᠲᠡ ᠶᠢ ᠲᠦᠷᠬᠡᠨ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ | ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠬᠦ ᠶᠢ ᠭᠦᠨᠵᠡᠭᠡᠢ ᠠᠬᠢᠭᠤᠯᠵᠤ᠂ ︽ᠠᠮᠤᠷ ᠠᠮᠤᠭᠤᠯᠠᠩ ᠠᠯᠠᠱᠠ ᠵᠡᠭᠦᠨ ᠬᠤᠰᠢᠭᠤ︾᠂ ︽ᠬᠠᠣᠯᠢ ᠪᠠᠷ | ᠵᠠᠰᠠᠭᠰᠠᠨ ᠠᠯᠠᠱᠠ ᠵᠡᠭᠦᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠵᠤ ᠦᠢᠯᠡᠰ ᠢᠶᠠᠷ | ᠬᠤᠰᠢᠭᠤ ᠪᠠᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠠᠵᠤ ᠠᠬᠤᠢ ᠶᠢᠨ ᠦᠷ᠎ᠡ ᠠᠰᠢᠭ ᠢ | ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠳᠠᠴᠢᠷ | ᠴᠦᠯ ᠡᠯᠡᠰᠦᠨ ᠭᠤᠪᠢ︾ ᠶᠢᠨ ᠲᠣᠮᠣ ᠰᠠᠭᠤᠷᠢᠨ ᠭᠠᠵᠠᠷ ᠵᠢᠴᠢ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠴᠢᠨᠠᠷ ᠰᠠᠶᠢᠲᠠᠢ | ᠪᠦᠲᠦᠭᠡᠨ ᠪᠠᠶᠢᠭᠤᠯᠤᠨ᠎ᠠ᠃ ᠪᠣᠬᠢᠷᠲᠤᠯ ᠥᠬᠡᠶ ᠪᠠᠷ ᠮᠠᠯ ᠠᠵᠤ ᠠᠬᠤᠶ ᠲᠠᠷᠢᠶᠠᠯᠠᠩ ᠢ ᠬᠥᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠮᠠᠯ ᠠᠵᠤ ᠠᠬᠤᠶ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠮᠠᠯ ᠠᠵᠤ ᠠᠬᠤᠶ | ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠨᠴᠠᠯᠢᠬᠳᠤ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ︽ᠲᠤᠰᠬᠠᠶ ᠨᠠᠷᠢᠯᠢᠭ | ᠣᠨᠴᠠ ᠰᠢᠨ᠎ᠡ︾ ᠪᠦᠲᠦᠭᠡᠭᠳᠡᠬᠦᠨ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ | ᠬᠦᠴᠦᠯᠡᠨ ᠡᠭᠦᠳᠴᠦ᠂ ᠮᠠᠯ ᠠᠵᠤ ᠠᠬᠤᠶ ᠲᠠᠷᠢᠶᠠᠯᠠᠩ ᠤᠨ ᠤᠨᠴᠠᠯᠢᠬᠵᠢᠭᠰᠠᠨ᠂ ᠠᠵᠤ ᠦᠢᠯᠡᠰᠵᠢᠭᠰᠡᠨ᠂ ᠲᠥᠷᠥᠯ | ᠲᠡᠮᠳᠡᠭᠵᠢᠭᠰᠡᠨ ᠬᠥᠭᠵᠢᠯᠲᠡ ᠶᠢ ᠦᠨᠡᠨ ᠬᠦ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ | ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠶᠢ ᠠᠬᠢᠭᠤᠯᠵᠤ | ᠂ ᠥᠯᠵᠡᠶ ᠪᠣᠭᠤᠮᠲᠠ ᠶᠢᠨ ᠵᠢᠯ ᠲᠤᠷᠰᠢ ᠪᠣᠭᠤᠮᠲᠠ ᠥᠩᠭᠡᠷᠡᠬᠦ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ | ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠥᠯᠵᠡᠶ ᠪᠣᠭᠤᠮᠲᠠ | ᠬᠢᠭᠡᠳ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠵᠡᠷᠭᠡ ᠡᠷᠭᠢᠨ ᠲᠣᠭᠤᠷᠢᠨ ᠤ ᠬᠦᠷᠢᠶᠡᠯᠡᠩ ᠲᠣᠭᠤᠷᠢᠭ ᠤᠨ | ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ᠂ ᠨᠢᠭᠡ ᠴᠣᠭᠴᠠᠵᠢᠨ ᠬᠥᠭᠵᠢᠬᠦ ᠶᠢ ᠢᠳᠡᠪᠬᠢᠲᠡᠢ ᠠᠬᠢᠭᠤᠯᠵᠤ᠂ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠶ ᠪᠦᠲᠦᠭᠡᠨ ᠪᠠᠶᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠤᠨ ᠲᠣᠭᠤᠷᠢᠨ ᠳᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ | ᠨᠠᠮ ᠤᠨ ᠪᠠᠶᠢᠭᠤᠯᠤᠯᠲᠠ ᠶᠢ ᠠᠬᠢᠭᠤᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶ | ᠠᠬᠢᠭᠤᠯᠣᠨ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠳᠡᠭᠦᠯᠳᠡᠷᠵᠢᠬᠦᠯᠦᠨ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠢᠳᠠᠪᠤᠷᠢᠲᠠᠨ ᠤ ᠬᠥᠮᠦᠵᠢᠯ᠂ ᠠᠵᠢᠯ ᠣᠯᠭᠤᠯᠲᠠ ᠦᠢᠯᠡᠰ ᠪᠣᠰᠬᠠᠯᠲᠠ ᠵᠡᠷᠭᠡ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠬᠦᠴᠦᠯᠡᠨ ᠨᠦᠬᠦᠪᠦᠷᠢᠯᠡᠵᠦ᠂ ᠠᠷᠠᠳ ᠤᠯᠠᠨ ᠤ | ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ ᠤᠨ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ | ᠰᠠᠶᠢᠲᠤᠷ ᠰᠢᠢᠳᠪᠦᠷᠢᠯᠡᠵᠦ᠂ ᠣᠯᠠᠨ ᠨᠡᠶᠢᠲᠡ ᠶᠢᠨ ᠦᠢᠯᠡᠴᠢᠯᠡᠬᠡᠨ ᠤ ᠲᠡᠩᠴᠡᠭᠦᠷᠢᠲᠦ ᠴᠢᠨᠠᠷ ᠪᠠ ᠪᠣᠯᠤᠮᠵᠢᠲᠤ | ᠴᠢᠨᠠᠷ ᠢ ᠦᠷᠭᠦᠯᠵᠢᠯᠡᠨ ᠴᠢᠩᠭᠠᠷᠠᠭᠤᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠨᠡᠨᠬᠦ ᠨᠠᠩ ᠣᠯᠠᠨ ᠨᠠᠩ ᠡᠷᠬᠡ ᠲᠡᠭᠰᠢ ᠪᠠᠷ | ᠬᠦᠷᠳᠡᠭᠡᠵᠦ᠂ ᠪᠦᠬᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠣᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠨ᠎ᠠ᠃ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ ᠢᠮᠠᠭᠲᠠ ᠪᠠᠳᠣᠯᠠᠨ᠎ᠠ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠣᠶᠣᠨ ᠣᠬᠠᠭᠠᠨ ᠢ ᠣᠮᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠬᠦᠰᠡᠯᠡᠩ ᠢᠲᠡᠭᠡᠯ ᠵᠣᠷᠢᠭ ᠤᠨ ᠬᠥᠮᠦᠵᠢᠯ ᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢ ᠬᠦᠲᠦᠯᠦᠨ | ᠵᠢᠯᠣᠭᠤᠳᠴᠤ ᠪᠠᠶᠢᠭᠠᠳ ᠨᠠᠮ ᠤᠨ ᠵᠣᠷᠢᠯᠲᠠ ᠶᠢ ᠪᠠᠲᠤ ᠴᠡᠭᠡᠵᠢᠯᠡᠭᠦᠯᠵᠦ᠂ ᠤᠬᠠᠮᠰᠠᠷ ᠠᠴᠠ ᠪᠠᠨ ᠡᠪ ᠬᠠᠮᠲᠤ | ᠶᠣᠰᠣᠨ ᠤ ᠠᠯᠤᠰ ᠬᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ | ᠪᠣᠯᠭᠠᠨ᠎ᠠ᠃ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠨ᠂ ᠲᠤᠷᠤᠢ | ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ | ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠳᠠ ᠦᠭᠡᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠦᠨᠡᠨ ᠬᠦ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ | ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠤᠨ᠎ᠠ᠃ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯ ᠤᠨ ᠡᠮᠦᠨ᠎ᠡ ᠹᠷᠣᠨᠲ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠡᠮᠦᠨ᠎ᠡ ᠹᠷᠣᠨᠲ ᠪᠠ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠭᠠᠯ ᠹᠷᠣᠨᠲ ᠲᠤ ᠺᠠᠳ᠋ᠷ ᠢ | ᠪᠣᠯᠪᠠᠰᠤᠷᠠᠭᠤᠯᠤᠨ ᠬᠥᠮᠦᠵᠢᠭᠦᠯᠬᠦ ᠪᠠ ᠰᠢᠯᠭᠠᠨ ᠪᠠᠶᠢᠴᠠᠭᠠᠵᠤ ᠢᠯᠭᠠᠨ ᠲᠠᠨᠢᠬᠤ ᠶᠢ ᠨᠠᠩ ᠴᠢᠬᠤᠯᠠᠴᠢᠯᠠᠵᠤ᠂ ︽ | ᠭᠤᠷᠪᠠ ᠶᠢ ᠠᠳᠬᠤᠵᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠬᠦ︾ ᠪᠠᠷ ᠭᠠᠷᠳᠠᠴᠠ ᠪᠣᠯᠭᠠᠵᠤ᠂ ︽ | ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠯᠠᠪᠳᠠᠭᠤᠨ ᠪᠠᠲᠤᠲᠠᠶ ᠰᠠᠶᠢᠲᠤᠷ | ᠰᠢᠢᠳᠪᠦᠷᠢᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ | ᠭᠤᠷᠪᠠᠨ ᠡᠷᠬᠡᠪᠰᠢ︾ ᠶᠢ ᠭᠦᠨᠵᠡᠭᠡᠶ ᠦᠢᠯᠡᠳᠦᠯᠬᠡᠵᠢᠬᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ | ᠪᠠᠶᠢᠭᠤᠯᠤᠨ᠎ᠠ᠃ ᠲᠦᠷᠢᠮ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ | ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠬᠤ ᠶᠢ ᠠᠳᠬᠤᠵᠤ᠂ ︽ᠲᠦᠷᠪᠡᠨ ᠰᠤᠷᠲᠠᠯ︾ ᠢ | ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ | ᠴᠢᠨᠠᠭᠰᠢᠳᠠ ᠲᠥᠪ ᠴᠢᠩᠭ᠎ᠠ ᠪᠣᠯᠭᠠᠵᠤ᠂ ᠦᠨᠳᠦᠰᠦᠨ ᠱᠠᠲᠤᠨ ᠤ ᠤᠯᠤᠰ ᠲᠦᠷᠦ ᠶᠢᠨ ᠣᠷᠴᠢᠨ ᠢ ᠲᠠᠰᠤᠷᠠᠯᠳᠠ | ᠦᠭᠡᠢ ᠴᠡᠪᠡᠷᠰᠢᠭᠦᠯᠵᠦ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠰᠤᠷᠲᠠᠯ ᠢ ᠦᠨᠡᠨ ᠬᠦ ᠴᠢᠩᠭᠠᠳᠬᠠᠵᠤ | ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠦᠢᠯᠡᠳᠦᠯ ᠴᠢᠳᠠᠪᠬᠢ ᠶᠢ ᠳᠡᠭᠡᠭᠰᠢᠯᠡᠭᠦᠯᠵᠦ᠂ ᠠᠯᠠᠱᠠ ᠵᠡᠭᠦᠨ | ᠬᠤᠰᠢᠭᠤᠨ ᠤ ᠰᠠᠶᠢᠨ ᠰᠠᠶᠢᠬᠠᠨ ᠲᠦᠷᠢ ᠲᠥᠷᠬᠦ ᠶᠢ ᠪᠣᠢ ᠪᠣᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠠᠯᠠᠱᠠ ᠵᠡᠭᠦᠨ ᠬᠤᠰᠢᠭᠤᠨ ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠬᠦ ᠶᠢ ᠪᠠᠳᠣᠯᠠᠨ᠎ᠠ᠃ |