ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ | ᠲᠤᠤᠱᠯᠠᠭᠤᠯᠤᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ︽ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠪᠣᠯᠤᠨ ᠥᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ | ᠪᠥᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ ᠶᠢ ᠡᠭᠦᠳᠦᠨ ᠥᠷᠨᠢᠭᠦᠯᠬᠦ᠂ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢᠨ ᠲᠤᠰᠠᠳᠠ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ | ᠠᠵᠢᠯ ᠤᠨ ᠲᠥᠰᠦᠯ ᠢ ᠣᠨᠴᠣᠭᠤᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ | ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠦ᠂ ᠬᠤᠣᠰ ᠴᠢᠭᠯᠡᠯ ᠢᠶᠠᠷ ᠰᠣᠯᠢᠯᠴᠠᠬᠤ | ᠂ ᠦᠢᠯᠡᠳᠦᠯᠬᠡ ᠪᠠᠷ ᠬᠥᠮᠦᠨ ᠢ ᠬᠥᠮᠦᠵᠢᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠦ᠂ ᠣᠷᠣᠨ ᠪᠦᠰᠡ ᠠᠯᠤᠰᠯᠠᠨ᠂ | ᠪᠦᠬᠦ ᠲᠠᠯ᠎ᠠ ᠶᠢᠨ᠂ ᠣᠯᠠᠨ ᠶᠠᠩᠵᠤ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ | ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠢ | ᠪᠣᠯᠭᠠᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠣᠬᠠᠢ ᠳᠡᠭᠡᠳᠦ | ᠬᠡᠮᠵᠢᠶᠡᠨ ᠤ ᠮᠡᠳᠡᠷᠡᠬᠦᠢ ᠶᠢ ᠲᠠᠰᠤᠷᠠᠯᠲᠠ ᠦᠭᠡᠢ ᠡᠷᠡᠰ ᠪᠠᠲᠤ ᠪᠠᠶᠢᠯᠭᠠᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠢ ᠡᠷᠡᠰ ᠪᠠᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ | ᠪᠠᠶᠢᠭᠤᠯᠤᠭᠴᠢ ᠪᠠ ᠨᠠᠶᠢᠳᠠᠪᠤᠷᠢᠲᠠᠶ ᠵᠠᠯᠭᠠᠮᠵᠢᠯᠠᠭᠴᠢ ᠪᠣᠯᠭᠠᠨ ᠬᠥᠮᠦᠵᠢᠭᠦᠯᠬᠦ ᠪᠠᠷ ᠴᠢᠷᠮᠠᠶᠢᠨ᠎ᠠ᠃ | ︵ᠬᠤᠶᠠᠷ︶ ᠦᠨᠳᠦᠰᠦᠨ ᠵᠠᠷᠴᠢᠮ | ᠭᠤᠣᠯ ᠰᠢᠵᠢᠮ ᠢ ᠳᠣᠪᠤᠶᠢᠯᠭᠠᠬᠤ ᠶᠢ ᠪᠠᠷᠢᠮᠲᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠣᠯᠢᠯᠴᠠᠭᠠᠨ ᠤ ᠠᠵᠢᠯᠯᠠᠭ᠎ᠠ ᠶᠢᠨ ᠪᠦᠬᠦ ᠶᠠᠪᠤᠴᠠ᠂ ᠡᠯ᠎ᠡ | ᠲᠠᠯ᠎ᠠ ᠳᠤ ᠳᠣᠣᠱᠯᠠᠭᠤᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ | ᠨᠡᠶᠢᠭᠡᠮ ᠤᠨ ᠳᠠᠶᠢᠴᠢᠯᠠᠯᠲᠠ ᠶᠢ ᠪᠠᠷᠢᠮᠳᠠᠯᠠᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠪᠦᠯᠬᠦᠮ ᠤᠨ ᠦᠢᠯᠡᠳᠦᠯ ᠢ ᠬᠦᠢᠴᠡᠳ | ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠶᠢ ᠳᠠᠮᠵᠢᠵᠤ ᠬᠥᠲᠥᠯᠥᠨ ᠵᠢᠯᠣᠭᠤᠳᠴᠤ᠂ ᠨᠡᠶᠢᠭᠡᠮ ᠳᠠᠶᠠᠭᠠᠷ ᠬᠠᠮᠲᠤ ᠪᠠᠷ | ᠣᠷᠣᠯᠴᠠᠭᠰᠠᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ | ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠠᠳᠠᠯᠢ ᠪᠤᠰᠤ ᠨᠠᠰᠤᠨ ᠤ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠣᠨᠴᠠᠯᠢᠭ ᠢ ᠦᠨᠳᠦᠰᠦᠯᠡᠨ᠂ ᠣᠷᠣᠨ ᠪᠦᠰᠡ ᠠᠯᠤᠰᠯᠠᠭᠰᠠᠨ ᠪᠠ ᠠᠶᠢᠮᠠᠭ ᠤᠨ | ᠬᠡᠪᠴᠢᠶᠡᠨ ᠳᠠᠬᠢ ᠰᠣᠯᠢᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠳᠡᠰ ᠬᠤᠪᠢᠶᠠᠨ᠂ | ᠬᠤᠭᠤᠴᠠᠭ᠎ᠠ ᠬᠤᠪᠢᠶᠠᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠬᠠᠨᠳᠤᠯᠭᠠᠲᠤ ᠴᠢᠨᠠᠷ ᠢ ᠨᠡᠮᠡᠭᠳᠡᠭᠦᠯᠦᠨ᠎ᠡ᠃ | ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠣᠯᠢᠯᠴᠠᠭᠠᠨ ᠤ ᠠᠵᠢᠯᠯᠠᠭ᠎ᠠ ᠶᠢᠨ | ᠥᠷᠲᠡᠭ ᠤᠨ ᠬᠥᠲᠥᠯᠥᠨ ᠵᠢᠯᠣᠭᠤᠳᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ ᠢ ᠳᠣᠪᠤᠶᠢᠯᠭᠠᠵᠤ | ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠥᠷᠭᠡᠨ ᠢᠶᠠᠷ ᠰᠣᠯᠢᠯᠴᠠᠭᠤᠯᠵᠤ᠂ ᠬᠠᠷᠠᠭ᠎ᠠ ᠶᠢ ᠨᠢ | ᠥᠷᠭᠡᠳᠬᠡᠨ᠂ ᠴᠢᠳᠠᠪᠤᠷᠢ ᠶᠢ ᠨᠢ ᠨᠡᠮᠡᠭᠳᠡᠭᠦᠯᠵᠦ᠂ ᠣᠶᠤᠨ ᠰᠠᠨᠠᠭ᠎ᠠ ᠶᠢ ᠨᠢ ᠨᠢᠭᠲᠠᠷᠠᠭᠤᠯᠤᠨ ᠰᠦᠭ ᠰᠦᠨᠡᠰᠦ ᠶᠢ ᠨᠢ | ᠨᠢᠭᠲᠠᠷᠠᠭᠤᠯᠤᠨ᠎ᠠ᠃ | ︵ᠭᠤᠷᠪᠠ︶ ᠭᠤᠣᠯ ᠬᠠᠷᠠᠯᠲᠠ | 2025 ᠣᠨ ᠤ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠡᠯ᠎ᠡ ᠦᠨᠳᠦᠰᠦᠲᠡᠨ ᠤ ᠵᠠᠯᠠᠭᠤᠴᠤᠳ | ᠪᠠᠭᠠᠴᠤᠳ ᠤᠨ ᠠᠶᠢᠮᠠᠭ ᠠᠯᠤᠰᠯᠠᠨ ᠰᠣᠯᠢᠯᠴᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ ᠪᠠᠶᠢᠩᠭᠤᠵᠢᠭᠤᠯᠬᠤ᠂ | ᠳᠦᠷᠢᠮᠵᠢᠭᠦᠯᠬᠦ᠂ ᠵᠢᠷᠤᠮᠵᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠰᠣᠯᠢᠯᠴᠠᠭᠠᠨ ᠤ ᠲᠥᠯᠥᠪᠯᠡᠭᠡ︾ | ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠬᠠᠷᠢᠯᠴᠠᠨ | ᠣᠶᠢᠯᠠᠭᠠᠯᠴᠠᠵᠤ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭᠠᠵᠤ ᠬᠠᠷᠢᠯᠴᠠᠨ ᠰᠣᠨᠢᠷᠬᠠᠬᠤ᠂ ᠬᠠᠷᠢᠯᠴᠠᠨ | ᠰᠤᠷᠤᠯᠴᠠᠵᠤ ᠬᠠᠷᠢᠯᠴᠠᠨ ᠬᠠᠪᠰᠤᠷᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠲᠣᠭᠲᠠᠴᠠ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠥᠨᠳᠥᠷ | ᠪᠦᠲᠦᠮᠵᠢᠲᠡᠶ ᠡᠮᠬᠢ ᠵᠢᠷᠤᠮ ᠲᠠᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠠᠯᠠᠱᠠ ᠠᠶᠢᠮᠠᠭ ᠤᠨ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠴᠠᠭᠤᠯᠤᠨ | ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠣᠯᠢᠯᠴᠠᠭᠠᠨ ᠤ ᠠᠵᠢᠯᠯᠠᠭ᠎ᠠ ᠶᠢ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠬᠢᠨᠠᠨ ᠵᠢᠯᠣᠭᠤᠳᠴᠤ | ᠨᠠᠶᠢᠳᠠᠪᠤᠷᠢᠵᠢᠭᠤᠯᠬᠤ ᠶᠢ ᠪᠣᠳᠠᠲᠠᠶ ᠬᠠᠷᠢᠭᠤᠴᠠᠵᠤ᠂ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠠᠬᠢ | ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠴᠠᠭ ᠲᠤᠬᠠᠶ ᠳᠤᠨᠢ | ᠰᠢᠢᠳᠪᠦᠷᠢᠯᠡᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠠᠯᠠᠱᠠ ᠠᠶᠢᠮᠠᠭ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠶᠢᠮᠠᠭ ᠬᠤᠲᠠ ᠶᠢᠨ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ | ᠮᠠᠨ ᠤ ᠠᠶᠢᠮᠠᠭ ᠤᠨ ᠪᠤᠰᠤᠳ ᠠᠶᠢᠮᠠᠭ ᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ | ᠪᠠᠭᠠᠴᠤᠳ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠶᠠᠷ ᠭᠠᠵᠠᠷ ᠤᠨ | ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠵᠤᠨ ︵ᠡᠪᠦᠯ︶ ᠤ | ᠤᠯᠠᠷᠢᠯ ᠤᠨ ᠬᠤᠸᠠᠷᠠᠨ ᠤ ᠬᠡᠯᠪᠡᠷᠢ ᠪᠠᠷ ᠬᠤᠣᠰ ᠴᠢᠭᠯᠡᠯᠲᠦ ᠰᠣᠯᠢᠯᠴᠠᠭ᠎ᠠ ᠶᠢ ᠵᠣᠬᠢᠶᠠᠨ ᠪᠠᠶᠢᠭᠤᠯᠵᠤ᠂ ᠲᠣᠭᠤᠷᠢᠨ | ᠦᠵᠡᠵᠦ ᠪᠡᠶᠡᠴᠢᠯᠡᠨ ᠣᠶᠢᠯᠠᠭᠠᠬᠤ᠂ ᠰᠤᠳᠤᠯᠤᠨ ᠰᠤᠷᠤᠯᠴᠠᠵᠤ ᠵᠢᠭᠤᠯᠴᠢᠯᠠᠬᠤ᠂ ᠰᠤᠷᠤᠯᠴᠠᠨ ᠰᠣᠯᠢᠯᠴᠠᠬᠤ ᠵᠡᠷᠭᠡ | ᠠᠵᠢᠯᠯᠠᠭ᠎ᠠ ᠪᠠᠷ ᠳᠠᠮᠵᠢᠭᠤᠯᠤᠨ᠂ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠡᠬᠡ | ᠤᠯᠤᠰ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠮᠡᠳᠡᠭᠦᠯᠵᠦ᠂ ᠡᠬᠡ ᠣᠷᠣᠨᠴᠢ ᠦᠵᠡᠯ ᠪᠠ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠥᠮᠦᠵᠢᠯ ᠢ ᠬᠦᠷᠲᠡᠭᠡᠨ᠎ᠡ︔ ᠡᠯ᠎ᠡ ᠠᠶᠢᠮᠠᠭ ᠬᠤᠲᠠ ᠶᠢᠨ | ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠲᠤ ᠮᠠᠨ ᠤ ᠠᠶᠢᠮᠠᠭ ᠲᠤ ᠢᠷᠡᠵᠦ ᠡᠬᠡ ᠤᠯᠤᠰ ᠤᠨ ᠭᠠᠵᠠᠷ | ᠠᠭᠤᠳᠠᠮ ᠡᠳ᠋ ᠪᠠᠶᠠᠯᠢᠭ᠂ ᠬᠡᠷᠡᠯ ᠰᠠᠴᠤᠷᠠᠩᠭᠤᠶ ᠰᠣᠶᠣᠯ᠂ ᠥᠨᠢ ᠤᠳᠠᠭᠠᠨ ᠲᠡᠦᠬᠡ᠂ ᠪᠠᠶᠢᠭᠠᠯᠢ ᠶᠢᠨ ᠥᠩᠭᠡ | ᠦᠵᠡᠮᠵᠢ ᠶᠢ ᠮᠡᠳᠡᠷᠡᠭᠦᠯᠵᠦ᠂ ᠮᠠᠨ ᠤ ᠠᠶᠢᠮᠠᠭ ᠬᠢᠭᠡᠳ ᠡᠯ᠎ᠡ ᠠᠶᠢᠮᠠᠭ ᠬᠤᠲᠠ ᠶᠢᠨ ᠡᠯ᠎ᠡ ᠦᠨᠳᠦᠰᠦᠲᠡᠨ ᠤ | ᠵᠠᠯᠠᠭᠤᠴᠤᠳ ᠪᠠᠭᠠᠴᠤᠳ ᠯᠤᠭ᠎ᠠ ᠶᠢᠨ ᠥᠷᠭᠡᠨ ᠳᠡᠯᠭᠡᠷ ᠰᠣᠯᠢᠯᠴᠠᠭ᠎ᠠ᠂ ᠭᠦᠨᠵᠡᠭᠡᠶ ᠶᠠᠪᠤᠯᠴᠠᠭ᠎ᠠ ᠶᠢ ᠠᠬᠢᠭᠤᠯᠤᠨ᠎ᠠ᠃ | ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︔ ᠬᠠᠮᠵᠢᠯᠴᠠᠬᠤ | ᠨᠢᠭᠡᠴᠡ᠄ ᠡᠯ᠎ᠡ ᠬᠤᠰᠢᠭᠤ ᠣᠷᠣᠨ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠡᠪᠯᠡᠯ ᠤᠨ ᠬᠤᠷᠢᠶ᠎ᠠ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ︵ᠬᠤᠶᠠᠷ︶ ᠠᠯᠠᠱᠠ ᠠᠶᠢᠮᠠᠭ ᠬᠢᠭᠡᠳ ᠭᠠᠳᠠᠷ ᠮᠤᠵᠢ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠯᠤᠭ᠎ᠠ ︽ᠬᠠᠷᠢᠯᠴᠠᠨ ᠬᠠᠪᠰᠣᠷᠣᠯᠴᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ ᠴᠡᠭ | ᠲᠣᠭᠲᠠᠭᠠᠨ ᠬᠠᠪᠰᠤᠷᠤᠨ ᠲᠡᠳᠬᠦᠬᠦ ᠳᠤ ᠲᠦᠰᠢᠭᠯᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ | ᠲᠠᠪᠴᠠᠩ᠂ ᠢᠳᠡᠪᠬᠢᠲᠡᠶ ᠵᠡᠭᠦᠨ ᠳᠤᠮᠳᠠ ᠬᠡᠰᠡᠭ᠂ ᠳᠠᠯᠠᠢ ᠳᠠᠭᠠᠤ ᠬᠥᠭᠵᠢᠭᠰᠡᠨ ᠮᠤᠵᠢ ᠬᠤᠳᠠ ᠶᠢᠨ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠤᠯᠤᠯᠴᠠᠭ᠎ᠠ ᠵᠣᠯᠭᠠᠯᠴᠠᠭ᠎ᠠ᠂ ᠰᠦᠯᠵᠢᠶᠡᠨ ᠳᠡᠭᠡᠷ᠎ᠡ ᠬᠠᠷᠢᠯᠴᠠᠭ᠎ᠠ ᠪᠠᠶᠢᠭᠤᠯᠬᠤ ᠶᠢ | ᠵᠣᠬᠢᠶᠠᠨ ᠪᠠᠶᠢᠭᠤᠯᠣᠨ᠂ ᠵᠤᠨ ᠤ ᠤᠯᠠᠷᠢᠯ ᠤᠨ ᠵᠣᠰᠠᠯᠠᠩ ᠵᠡᠷᠭᠡ ᠰᠣᠯᠢᠯᠴᠠᠭᠠᠨ ᠤ ᠠᠵᠢᠯᠯᠠᠭ᠎ᠠ ᠶᠢ ᠴᠠᠭ ᠲᠤᠨᠢ | ᠲᠣᠬᠢᠷᠠᠭᠤᠯᠤᠨ ᠦᠷᠨᠢᠬᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠰᠤᠷᠭᠠᠨ ᠬᠥᠮᠦᠵᠢᠯ ᠤᠨ | ᠦᠢᠯᠡᠳᠦᠯᠬᠡ ᠂ ᠲᠡᠦᠬᠡ ᠰᠣᠶᠣᠯ ᠤᠨ ᠣᠷᠳᠣᠨ᠂ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠵᠡᠷᠭᠡ ᠰᠠᠭᠤᠷᠢᠨ | ᠭᠠᠵᠠᠷ ᠲᠤ ᠬᠠᠷᠢᠯᠴᠠᠨ ᠣᠷᠣᠭᠤᠯᠵᠦ᠂ ᠦᠵᠡᠯ ᠰᠠᠨᠠᠭᠠᠨ ᠤ ᠬᠥᠮᠦᠵᠢᠯ ᠢ ᠬᠠᠮᠲᠤ ᠪᠠᠷ ᠬᠦᠷᠲᠡᠬᠦ ᠪᠠᠷ ᠳᠠᠮᠵᠢᠨ᠂ | ᠲᠡᠦᠬᠡ ᠰᠣᠶᠣᠯ ᠰᠣᠷᠣᠯᠴᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠬᠦᠯᠦᠯᠬᠡ ᠶᠢᠨ ᠣᠷᠳᠣᠨ ᠢ ᠲᠣᠭᠤᠷᠢᠨ | ᠦᠵᠡᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠰᠣᠶᠣᠯ ᠪᠠ ᠡᠬᠡ ᠤᠯᠤᠰ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠣᠯᠤᠭᠰᠠᠨ ᠴᠢᠬᠤᠯᠠ ᠶᠡᠭᠡ ᠠᠮᠵᠢᠯᠲᠠ | ᠪᠦᠲᠦᠮᠵᠢ ᠶᠢ ᠮᠡᠳᠡᠷᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠣᠬᠠᠢ ᠳᠡᠭᠡᠳᠦ ᠬᠡᠮᠵᠢᠶᠡᠨ ᠤ ᠮᠡᠳᠡᠷᠡᠬᠦᠢ ᠲᠠᠢ ᠪᠠᠶᠢᠯᠭᠠᠨ᠎ᠠ᠃ | ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠣᠷᠣᠨ︔ ᠬᠠᠮᠵᠢᠯᠴᠠᠬᠤ ᠨᠢᠭᠡᠴᠡ᠄ ᠠᠶᠢᠮᠠᠭ ᠤᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ᠂ ᠠᠶᠢᠮᠠᠭ ᠤᠨ ᠡᠪᠯᠡᠯ ᠤᠨ ᠬᠤᠷᠢᠶ᠎ᠠ︶ | ︵ᠭᠤᠷᠪᠠ︶ ᠦᠨᠳᠦᠰᠦᠲᠡᠨ ᠨᠦᠭᠦᠳ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ | ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠤᠶᠤᠲᠠᠳ ᠰᠠᠶᠢᠨ ᠳᠤᠷᠠᠴᠤᠳ᠂ ᠪᠠᠷᠠᠭᠤᠨ | ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ ᠵᠣᠨ ᠤ ᠠᠮᠠᠷᠠᠯᠲᠠ ᠶᠢᠨ | ᠬᠤᠭᠤᠴᠠᠭᠠᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ | ᠪᠠᠭᠤᠯᠭᠠᠬᠤ︾ ᠨᠡᠶᠢᠭᠡᠮ ᠤᠨ ᠦᠢᠯᠡᠳᠦᠯᠬᠡ ᠪᠠ ︽ᠪᠥᠬᠦ ᠤᠯᠤᠰ ᠲᠤ ᠨᠡᠶᠢᠳᠡᠮ ᠬᠡᠷᠡᠭᠯᠡᠭᠡᠨ ᠤ ᠬᠡᠯᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾᠂ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ | ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠳᠤ | ᠣᠷᠣᠯᠴᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ᠂ ᠰᠣᠶᠣᠯ ᠢ ᠤᠯᠠᠮᠵᠢᠯᠠᠨ | ᠵᠠᠯᠭᠠᠮᠵᠢᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠵᠦ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ | ᠠᠵᠢᠯᠯᠠᠭ᠎ᠠ ᠳᠤᠮᠳᠠ ᠰᠣᠯᠢᠯᠴᠠᠭ᠎ᠠ ᠶᠠᠪᠤᠯᠴᠠᠭ᠎ᠠ ᠪᠠᠨ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠵᠣᠷᠢᠭ | ᠰᠠᠨᠠᠭ᠎ᠠ ᠶᠢ ᠤᠯᠠᠮᠵᠢᠯᠠᠨ᠎ᠠ᠃ ︵ᠲᠦᠷᠦᠭᠦᠯᠡᠨ ᠬᠢᠬᠦ ᠨᠢᠭᠡᠴᠡ᠄ ᠡᠪᠯᠡᠯ ᠤᠨ ᠬᠤᠷᠢᠶ᠎ᠠ︔ ᠬᠠᠮᠵᠢᠯᠴᠠᠬᠤ ᠨᠢᠬᠡᠴᠡ᠄ | ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶ | ︵ᠳᠥᠷᠪᠡ︶ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠰᠣᠯᠢᠯᠴᠠᠬᠤ | ᠠᠵᠢᠯᠯᠠᠭ᠎ᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ | ᠵᠢᠱᠢᠶ᠎ᠡ ᠦᠵᠡᠭᠦᠯᠬᠦ ᠲᠥᠪ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠣᠰᠠᠯᠠᠬᠤ ᠰᠡᠳᠬᠢᠴᠡ ᠶᠢᠨ ᠡᠷᠡᠭᠦᠯ | ᠮᠡᠨᠳᠦ ᠶᠢ ᠬᠠᠪᠰᠤᠷᠤᠨ ᠲᠡᠳᠬᠦᠵᠦ ᠰᠣᠯᠢᠯᠴᠠᠬᠤ ᠲᠣᠭᠲᠠᠴᠠ ᠳᠤ ᠲᠦᠰᠢᠭᠯᠡᠨ᠂ ︽ᠶᠡᠭᠡ ᠭᠠᠷ ᠢᠶᠠᠷ ᠪᠠᠭ᠎ᠠ | ᠭᠠᠷ ᠢ ᠨᠢ ᠲᠠᠲᠠᠬᠤ︾ ᠠᠷᠭ᠎ᠠ ᠮᠠᠶ᠋ᠢᠭ ᠢᠶᠠᠷ ︽ᠰᠡᠳᠬᠢᠯ ᠢ ᠨᠢ ᠤᠮᠳᠠᠯᠠᠵᠤ ᠬᠥᠮᠦᠨ ᠢ ᠨᠢ ᠬᠥᠮᠦᠵᠢᠭᠦᠯᠬᠦ᠂ | ᠬᠥᠮᠦᠨ ᠢ ᠨᠢ ᠲᠤᠰᠠᠯᠠᠵᠤ ᠥᠰᠬᠡᠨ ᠪᠤᠶᠢᠵᠢᠭᠤᠯᠬᠤ︾ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠳᠡᠭᠡᠳᠦ ᠵᠡᠷᠭᠡ ᠶᠢᠨ | ᠰᠤᠷᠭᠠᠭᠤᠯᠢ ᠨᠢ ᠠᠶᠢᠮᠠᠭ ᠤᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢ ᠬᠠᠪᠰᠤᠷᠤᠨ ᠳᠠᠮᠵᠢᠵᠤ ᠵᠢᠭᠠᠨ | ᠵᠢᠯᠣᠭᠤᠳᠴᠤ ᠪᠠᠶᠢᠭᠠᠳ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠰᠢᠰᠲ᠋ᠧᠮᠵᠢ ᠵᠢᠴᠢ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠡᠳᠬᠢᠴᠡ ᠶᠢᠨ ᠬᠢᠮᠤᠷᠠᠯ ᠢ ᠰᠡᠷᠭᠡᠶᠢᠯᠡᠬᠦ ᠪᠠ ᠬᠠᠮᠢᠶᠠᠷᠬᠤ᠂ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ᠂ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ | ᠪᠠᠭᠰᠢ ᠶᠢᠨ ᠡᠩᠨᠡᠭᠡ ᠶᠢᠨ ᠪᠣᠯᠪᠠᠰᠤᠷᠠᠭᠤᠯᠤᠯ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠢᠶᠠᠷ ᠢᠶᠠᠨ | ᠲᠤᠰᠠᠯᠠᠬᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠬᠦ ᠪᠠ ᠬᠠᠮᠵᠢᠯᠴᠠᠨ ᠠᠬᠢᠭᠤᠯᠬᠤ ᠶᠢ ᠴᠢᠩᠭᠠᠳᠬᠠᠨ᠎ᠠ᠃ | ᠰᠤᠷᠭᠠᠨ ᠬᠥᠮᠦᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠤ ᠰᠤᠷᠭᠠᠭᠤᠯᠢ ᠳᠤ ᠲᠣᠭᠲᠠᠮᠠᠯ | ᠬᠤᠭᠤᠴᠠᠭ᠎ᠠ ᠲᠠᠢ ᠪᠠᠷ ᠬᠦᠷᠴᠦ ᠰᠤᠷᠭᠠᠨ ᠬᠥᠮᠦᠵᠢᠯ ᠢ ᠳᠡᠮᠵᠢᠬᠦ ᠪᠠ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠡᠯ᠎ᠡ | ᠬᠤᠰᠢᠭᠤ ᠣᠷᠣᠨ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠪᠯᠡᠯ ᠤᠨ ᠬᠤᠷᠢᠶ᠎ᠠ᠂ | ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠲᠠᠪᠤ︶ ᠠᠶᠢᠮᠠᠭ ᠤᠨ ᠳᠣᠲᠣᠷᠠᠬᠢ ᠬᠤᠰᠢᠭᠤᠨ ᠤ ᠬᠤᠭᠤᠷᠣᠨᠳᠣ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ︽ᠭᠠᠷ ᠬᠤᠯᠪᠣᠨ ᠬᠢᠯᠢ ᠪᠠᠷ ᠠᠶᠠᠯᠠᠬᠤ︾ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ | ᠡᠯ᠎ᠡ ᠬᠤᠰᠢᠭᠤᠨ ᠤ ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠦᠨᠳᠦᠰᠦᠲᠡᠨ ᠤ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ︽ᠠᠨᠠᠷ ᠤᠨ ᠦᠷ᠎ᠡ︾ ᠶᠢᠨ ᠬᠤᠯᠪᠣᠭ᠎ᠠ ᠶᠢ | ᠰᠦᠪᠡᠭᠴᠢᠯᠡᠨ ᠪᠠᠶᠢᠭᠤᠯᠵᠤ᠂ ᠵᠢᠯ ᠪᠦᠷᠢ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠢ ᠵᠣᠬᠢᠶᠠᠨ | ᠪᠠᠶᠢᠭᠤᠯᠵᠤ ︽ᠭᠠᠷ ᠬᠤᠯᠪᠣᠨ ᠬᠢᠯᠢ ᠬᠢᠵᠠᠭᠠᠷ ᠣᠷᠣᠨ ᠢᠶᠠᠷ ᠠᠶᠠᠯᠠᠬᠤ︾ ᠵᠡᠷᠭᠡ ᠰᠣᠯᠢᠯᠴᠠᠭᠠᠨ ᠤ ᠠᠵᠢᠯᠯᠠᠭ᠎ᠠ | ᠥᠷᠨᠢᠭᠦᠯᠵᠦ᠂ ᠴᠡᠷᠢᠭ ᠤᠨ ᠬᠤᠸᠠᠷᠠᠨ᠂ ᠬᠠᠷᠠᠭᠤᠯ ᠤᠨ ᠭᠠᠵᠠᠷ᠂ ᠬᠠᠮᠲᠤ ᠪᠠᠷ ᠬᠢᠯᠢ ᠬᠢᠵᠠᠭᠠᠷ ᠢᠶᠠᠷ ᠴᠠᠭᠳᠠᠨ | ᠲᠣᠭᠤᠷᠢᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠲᠤ | ᠡᠬᠡ ᠤᠯᠤᠰ ᠤᠨ ᠢᠶᠠᠨ ᠠᠭᠤᠳᠠᠮ ᠬᠢᠯᠢ᠂ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠭᠦᠨ ᠵᠤᠵᠠᠭᠠᠨ ᠲᠡᠦᠬᠡ | ᠪᠠ ᠲᠠᠩᠰᠤᠭ ᠰᠠᠶᠢᠬᠠᠨ ᠰᠣᠶᠣᠯ ᠢ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠵᠥᠪ | ᠦᠵᠡᠯᠲᠡ ᠶᠢ ᠪᠠᠲᠤ ᠪᠣᠶ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠣᠷᠣᠨ︔ ᠬᠠᠮᠵᠢᠯᠴᠠᠬᠤ | ᠨᠢᠬᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠠᠶᠢᠮᠠᠭ ᠤᠨ ᠡᠪᠯᠡᠯ ᠤᠨ ᠬᠤᠷᠢᠶ᠎ᠠ︶ | ︵ᠵᠢᠷᠭᠤᠭ᠎ᠠ︶ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠨᠠᠮ ᠢᠶᠠᠨ ᠳᠠᠭᠠᠵᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ | ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠠᠶᠢᠮᠠᠭ ᠤᠨ ᠡᠯ᠎ᠡ ᠬᠤᠰᠢᠭᠤᠨ ᠳᠤ | ᠲᠦᠰᠢᠭᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠦᠢᠯᠡᠳᠦᠯᠬᠡ ᠶᠢᠨ ᠰᠠᠭᠤᠷᠢᠨ ᠭᠠᠵᠠᠷ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠬᠡᠴᠡ ᠵᠡᠷᠭᠡ ᠰᠤᠷᠭᠠᠨ ᠬᠥᠮᠦᠵᠢᠯ ᠤᠨ ᠲᠠᠪᠴᠠᠩ᠂ ᠬᠤᠪᠢᠰᠬᠠᠯ ᠤᠨ | ᠬᠥᠮᠦᠵᠢᠯ ᠢ ᠬᠦᠢᠴᠡᠳ ᠠᠰᠢᠭᠯᠠᠵᠦ᠂ ᠪᠠᠶᠢᠭᠠᠯᠢ ᠶᠢᠨ ᠭᠠᠵᠠᠷ ᠵᠦᠢ᠂ ᠲᠡᠦᠬᠡ ᠰᠣᠶᠣᠯ᠂ ᠠᠵᠤ ᠠᠬᠤᠶ ᠨᠡᠶᠢᠭᠡᠮ᠂ | ᠨᠤᠲᠤᠭ ᠤᠨ ᠵᠠᠩ ᠦᠢᠯᠡ ᠶᠢᠨ ᠰᠣᠶᠣᠯ ᠵᠡᠷᠭᠡ ᠡᠬᠢ ᠪᠠᠶᠠᠯᠢᠭ᠂ ᠡᠯ᠎ᠡ ᠦᠨᠳᠦᠰᠦᠲᠡᠨ ᠤ ᠵᠠᠯᠠᠭᠤᠴᠤᠳ | ᠪᠠᠭᠠᠴᠤᠳ ᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ ᠦᠢᠯᠡᠳᠦᠯᠬᠡ ᠥᠷᠨᠢᠭᠦᠯᠬᠦ ᠪᠠᠷ ᠳᠠᠮᠵᠢᠨ᠂ | ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠠᠷᠭ᠎ᠠ ᠮᠠᠶ᠋ᠢᠭ ᠢᠶᠠᠷ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠬᠠᠷᠢᠯᠴᠠᠨ ᠢᠲᠡᠭᠡᠯᠴᠡᠬᠦ᠂ ᠬᠠᠷᠢᠯᠴᠠᠨ ᠰᠤᠷᠤᠯᠴᠠᠬᠤ᠂ ᠬᠠᠷᠢᠯᠴᠠᠨ ᠬᠠᠪᠰᠤᠷᠬᠤ ᠶᠢ ᠬᠥᠲᠥᠯᠥᠨ | ᠵᠢᠯᠣᠭᠤᠳᠴᠦ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ | ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠨ᠂ ᠡᠯ᠎ᠡ ᠦᠨᠳᠦᠰᠦᠲᠡᠨ ᠤ | ᠵᠠᠯᠠᠭᠤᠴᠤᠳ ᠪᠠᠭᠠᠴᠤᠳ ᠤᠨ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ | ᠪᠣᠳᠠᠲᠠᠶ ᠲᠠᠢ ᠪᠠᠨ ᠤᠶᠠᠯᠳᠤᠭᠤᠯᠤᠨ᠂ ᠬᠥᠭᠵᠢᠭᠰᠡᠨ ᠮᠤᠵᠢ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠯᠤᠭ᠎ᠠ ᠶᠢᠨ | ᠬᠠᠮᠲᠤᠷᠠᠯᠴᠠᠭ᠎ᠠ ᠰᠣᠯᠢᠯᠴᠠᠭ᠎ᠠ ᠶᠢ ᠢᠳᠡᠪᠬᠢᠲᠡᠶ ᠰᠦᠪᠡᠭᠴᠢᠯᠡᠵᠦ᠂ ︽ᠭᠠᠷ ᠭᠠᠷ ᠢᠶᠠᠨ ᠬᠤᠯᠪᠣᠯᠴᠠᠬᠤ︾ ᠵᠠᠬᠢᠳᠠᠯ | ᠴᠢᠮᠡᠭᠡ ᠰᠣᠯᠢᠯᠴᠠᠬᠤ᠂ ᠰᠦᠯᠵᠢᠶ᠎ᠡ ᠸᠢᠳᠢᠤ᠋ ᠶᠢᠨ ᠠᠩᠭᠢ ᠶᠢᠨ ᠬᠤᠷᠠᠯ᠂ ᠲᠤᠬᠠᠶ ᠶᠢᠨ ᠭᠠᠵᠠᠷ ᠲᠤᠨᠢ ᠲᠣᠭᠤᠷᠢᠨ | ᠦᠵᠡᠵᠦ ᠰᠤᠳᠤᠯᠤᠨ ᠰᠤᠷᠤᠯᠴᠠᠬᠤ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠰᠣᠯᠢᠯᠴᠠᠭ᠎ᠠ ᠵᠡᠷᠭᠡ ᠠᠳᠠᠯᠢ | ᠪᠤᠰᠤ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠥᠷᠨᠢᠭᠦᠯᠵᠦ᠂ | ᠰᠤᠷᠭᠠᠭᠤᠯᠢ ᠬᠠᠷᠢᠯᠴᠠᠨ ᠠᠶᠢᠯᠴᠢᠯᠠᠬᠤ᠂ ᠰᠤᠷᠤᠭᠴᠢᠳ ᠬᠠᠷᠢᠯᠴᠠᠨ ᠬᠠᠪᠰᠤᠷᠤᠯᠴᠠᠬᠤ᠂ ᠵᠢᠭᠠᠨ ᠰᠤᠷᠭᠠᠯᠲᠠ ᠶᠢᠨ | ᠶᠠᠪᠣᠴᠠ ᠳᠤ ᠬᠠᠷᠢᠯᠴᠠᠨ ᠰᠤᠳᠤᠯᠬᠤ ᠶᠢ ᠪᠡᠶᠡᠯᠡᠭᠦᠯᠵᠦ᠂ ᠮᠠᠨ ᠤ ᠠᠶᠢᠮᠠᠭ ᠬᠢᠭᠡᠳ ᠬᠥᠭᠵᠢᠭᠰᠡᠨ ᠮᠤᠵᠢ ᠬᠤᠲᠠ ᠶᠢᠨ | ᠡᠯ᠎ᠡ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠢᠯᠴᠠᠨ ᠣᠶᠢᠯᠠᠭᠠᠯᠴᠠᠬᠤ᠂ | ᠬᠠᠷᠢᠯᠴᠠᠨ ᠰᠣᠯᠢᠯᠴᠠᠬᠤ᠂ ᠬᠠᠷᠢᠯᠴᠠᠨ ᠰᠤᠷᠤᠯᠴᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠡᠯ᠎ᠡ | ᠬᠤᠰᠢᠭᠤ ᠣᠷᠣᠨ︔ ᠬᠠᠮᠵᠢᠯᠴᠠᠬᠤ ᠨᠢᠭᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠂ ᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠳᠣᠯᠤᠭ᠎ᠠ︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ | ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠵᠢᠯ ᠪᠦᠷᠢ ᠵᠠᠯᠠᠭᠤᠴᠤᠳ ᠪᠠᠭᠠᠴᠤᠳ ᠢ ᠵᠣᠬᠢᠶᠠᠨ | ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠡᠳᠦᠪ ᠪᠣᠯᠭᠠᠭᠰᠠᠨ ᠳᠤᠮᠳᠠᠳᠤ ᠶᠢᠨ ᠰᠣᠩᠭᠤᠳᠠᠭ ᠪᠦᠲᠦᠭᠡᠯ ᠤᠨ ᠤᠩᠰᠢᠯᠭ᠎ᠠ᠂ ᠤᠳᠬ᠎ᠠ ᠤᠷᠠᠯᠢᠭ ᠤᠨ | ᠪᠦᠲᠦᠭᠡᠯ ᠤᠨ ᠦᠵᠡᠭᠦᠯᠦᠯᠭᠡ ᠰᠢᠭᠦᠮᠵᠢ᠂ ᠤᠯᠠᠮᠵᠢᠯᠠᠯᠲᠤ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠴᠥᠭᠡᠨ | ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠯ᠎ᠡ | ᠲᠦᠷᠦᠯ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠰᠣᠯᠢᠯᠴᠠᠭ᠎ᠠ ᠰᠤᠷᠤᠯᠴᠠᠯᠭ᠎ᠠ᠂ ᠪᠦᠯᠬᠦᠮᠳᠡᠯ ᠨᠥᠬᠦᠷᠯᠡᠯ᠂ ᠥᠪᠡᠷ ᠢ ᠪᠠᠨ ᠢᠲᠡᠭᠡᠬᠦ ᠥᠪᠡᠷ ᠢ ᠪᠠᠨ | ᠬᠦᠴᠦᠷᠬᠡᠭᠵᠢᠭᠦᠯᠬᠦ ᠶᠢ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠬᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ᠂ ᠠᠶᠢᠮᠠᠭ ᠤᠨ ᠡᠪᠯᠡᠯ ᠤᠨ ᠬᠤᠷᠢᠶ᠎ᠠ︶ | ︵ᠨᠠᠢᠮᠠ︶ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠣᠭᠰᠠᠨ ᠵᠠᠯᠠᠭᠤᠴᠤᠳ ᠤᠨ ᠪᠦᠯᠬᠦᠮ ᠤᠨ | ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠬᠤᠪᠢ ᠶᠢᠨ ᠵᠠᠭᠤᠴᠢᠯᠠᠭᠤᠷ ᠤᠨ ᠬᠥᠮᠦᠨ᠂ ᠰᠦᠯᠵᠢᠶᠡᠨ ᠤ | ᠵᠣᠬᠢᠶᠠᠯᠴᠢ᠂ ᠤᠳᠬ᠎ᠠ ᠤᠷᠠᠯᠢᠭ ᠤᠨ ᠪᠦᠲᠦᠭᠡᠯᠴᠢ ᠤᠷᠠᠯᠢᠭᠴᠢᠨ᠂ ᠳᠠᠭᠤᠤ ᠬᠥᠭᠵᠢᠮᠴᠢᠨ ᠵᠡᠷᠭᠡ | ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ | ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ ᠪᠣᠯᠪᠠᠰᠤᠷᠠᠯ᠂ | ᠵᠣᠬᠢᠶᠠᠨ ᠪᠦᠲᠦᠭᠡᠯᠭᠡ ᠰᠣᠯᠢᠯᠴᠠᠭ᠎ᠠ᠂ ᠤᠷ᠎ᠠ ᠴᠢᠳᠠᠪᠤᠷᠢ ᠶᠢᠨ ᠦᠵᠡᠬᠦᠯᠦᠯᠬᠡ ᠵᠡᠷᠭᠡ ᠠᠵᠢᠯᠯᠠᠭ᠎ᠠ ᠪᠠᠷ ᠳᠠᠮᠵᠢᠭᠤᠯᠤᠨ | ᠂ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠤᠨ ᠪᠦᠯᠬᠦᠮ ᠯᠦᠭᠡ ᠶᠢᠨ ᠬᠠᠷᠢᠯᠴᠠᠭ᠎ᠠ ᠪᠠᠨ | ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠤᠨ ᠪᠦᠯᠬᠦᠮ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠮᠠᠭᠠᠯᠠᠭᠴᠢ᠂ | ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠭᠠᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠡ᠄ | ᠡᠪᠯᠡᠯ ᠤᠨ ᠬᠤᠷᠢᠶ᠎ᠠ︔ ᠬᠠᠮᠵᠢᠯᠴᠠᠬᠤ ᠨᠢᠬᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠣᠷᠣᠨ | ᠪᠠ ᠬᠠᠮᠢᠶ᠎ᠠ ᠪᠥᠬᠦᠶ ᠰᠠᠯᠠᠭ᠎ᠠ ᠮᠥᠴᠢᠷ ᠠᠶᠢᠮᠠᠭ ᠤᠨ ᠱᠠᠲᠤᠨ ᠤ ᠤᠳᠤᠷᠢᠳᠬᠤ ᠪᠠᠶᠢᠭᠤᠯᠤᠮᠵᠢ ᠪᠠᠷ ᠯᠠᠪᠯᠠᠯᠲᠠ | ᠪᠣᠯᠭᠠᠨ᠂ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ ᠠᠩᠭᠢ ᠵᠢᠭᠠᠨ ᠲᠣᠭᠲᠠᠭᠠᠵᠤ | ᠲᠤᠰᠬᠠᠶ ᠬᠥᠮᠦᠨ ᠢᠶᠠᠷ ᠬᠠᠷᠢᠭᠤᠴᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠪᠣᠳᠠᠲᠠᠶ ᠬᠦᠴᠢᠷᠳᠡᠯ ᠢ | ᠰᠢᠢᠳᠪᠦᠷᠢᠯᠡᠵᠦ᠂ ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ | ᠤ ᠠᠵᠢᠯᠯᠠᠭ᠎ᠠ ᠶᠢᠨ ᠢᠯᠡ ᠲᠣᠳᠣ ᠪᠥᠭᠡᠳ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠳᠣᠷᠬᠠᠶᠢᠯᠠᠨ᠎ᠠ᠃ ᠠᠶᠢᠮᠠᠭ ᠤᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠬᠢᠨᠠᠨ ᠵᠢᠯᠣᠭᠤᠳᠴᠤ ᠪᠠᠶᠢᠴᠠᠭᠠᠬᠤ ᠶᠢ ᠵᠣᠬᠢᠶᠠᠨ | ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ︔ ᠠᠶᠢᠮᠠᠭ ᠤᠨ | ᠦᠨᠳᠦᠰᠦᠲᠡᠨ ᠤ ᠵᠥᠪᠯᠡᠯ ᠨᠢ ᠰᠣᠯᠢᠯᠴᠠᠭᠠᠨ ᠤ ᠲᠥᠯᠥᠪᠯᠡᠭᠡ ᠵᠢᠴᠢ ᠠᠵᠢᠯᠯᠠᠭ᠎ᠠ ᠶᠢᠨ ᠶᠡᠷᠦᠩᠬᠡᠶ ᠲᠥᠰᠦᠯ ᠢ | ᠲᠣᠭᠲᠠᠭᠠᠬᠤ ᠵᠢᠴᠢ ᠠᠵᠢᠯᠯᠠᠭ᠎ᠠ ᠶᠢᠨ ᠬᠤᠭᠤᠴᠠᠭᠠᠨ ᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ︔ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠦᠨᠳᠦᠰᠦᠲᠡᠨ ᠤ ᠵᠠᠯᠠᠭᠤᠴᠤᠳ | ᠪᠠᠭᠠᠴᠤᠳ ᠤᠨ ᠰᠣᠯᠢᠯᠴᠠᠭᠠᠨ ᠤ ᠠᠵᠢᠯ ᠢ ᠪᠣᠳᠠᠲᠠᠶ ᠰᠣᠯᠢᠯᠴᠠᠭᠠᠨ ᠤ ᠪᠦᠳᠦᠭᠦᠪᠴᠢ ᠬᠡᠯᠡᠯᠴᠡᠭᠡᠷ ᠲᠤ | ᠣᠷᠣᠭᠤᠯᠬᠤ ᠶᠢ ᠬᠠᠷᠢᠭᠤᠴᠠᠨ᠎ᠠ︔ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠠᠵᠢᠯᠯᠠᠭ᠎ᠠ ᠶᠢ ᠵᠢᠯᠣᠭᠤᠳᠬᠤ ᠪᠠ ᠳᠡᠮᠵᠢᠬᠦ ᠶᠢ ᠬᠠᠷᠢᠭᠤᠴᠠᠨ᠎ᠠ︔ ᠠᠶᠢᠮᠠᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠠᠳᠠᠷ ᠮᠤᠵᠢ ᠬᠤᠲᠠ ᠯᠤᠭ᠎ᠠ ᠨᠡᠪᠲᠡᠷᠡᠯᠴᠡᠨ | ᠵᠣᠬᠢᠴᠠᠭᠤᠯᠬᠤ ᠶᠢ ᠬᠠᠷᠢᠭᠤᠴᠠᠵᠤ᠂ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ | ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠭᠤᠯᠭ᠎ᠠ ᠳᠤ ᠣᠷᠣᠭᠤᠯᠤᠨ᠎ᠠ︔ ᠡᠪ ᠬᠠᠮᠲᠤ ᠵᠠᠯᠠᠭᠤᠴᠤᠳ ᠤᠨ | ᠡᠪᠯᠡᠯ ᠤᠨ ᠬᠤᠷᠢᠶ᠎ᠠ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ | ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠵᠢᠯᠣᠭᠤᠳᠴᠤ ᠦᠢᠯᠡᠴᠢᠯᠡᠬᠦ ᠦᠢᠯᠡᠳᠦᠯ ᠢ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠰᠣᠯᠢᠯᠴᠠᠭᠠᠨ ᠤ | ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠲᠦᠷᠦᠭᠦᠯᠡᠬᠦ ᠨᠢᠭᠡᠴᠡ ᠨᠢ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ | ᠡᠭᠦᠷᠭᠡ ᠪᠠᠨ ᠨᠢᠭᠡᠳᠦᠯᠲᠡᠶ ᠲᠥᠯᠥᠪᠯᠡᠨ ᠳᠣᠭᠢᠷᠠᠭᠤᠯᠤᠨ ᠬᠤᠪᠢᠶᠠᠷᠢᠯᠠᠵᠤ᠂ ᠬᠠᠮᠵᠢᠯᠴᠠᠬᠤ ᠨᠢᠭᠡᠴᠡ ᠨᠢ ᠠᠵᠢᠯ ᠤᠨ | ᠬᠤᠪᠢᠶᠠᠷᠢᠯᠠᠯ ᠤᠨ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠠᠵᠢᠯ ᠢ ᠰᠠᠶᠢᠲᠤᠷ ᠬᠢᠵᠦ᠂ ᠬᠤᠰᠢᠭᠤ ᠣᠷᠣᠨ ᠤ | ᠬᠠᠮᠢᠶ᠎ᠠ ᠪᠥᠬᠦᠶ ᠰᠠᠯᠠᠭ᠎ᠠ ᠮᠥᠴᠢᠷ ᠨᠢ ᠠᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠪᠣᠳᠠᠲᠠᠶ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠢᠨ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠦᠨ᠂ ᠰᠣᠯᠢᠯᠴᠠᠬᠤ ᠠᠵᠢᠯᠯᠠᠭ᠎ᠠ ᠶᠢ ᠴᠢᠩᠭ᠎ᠠ ᠥᠷᠨᠢᠭᠦᠯᠬᠦ ᠬᠡᠷᠡᠭᠲᠡᠶ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢᠨ | ᠠᠭᠤᠯᠭ᠎ᠠ ᠨᠢ ᠣᠯᠠᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ᠂ ᠬᠤᠯᠪᠣᠭᠳᠠᠬᠤ ᠬᠥᠮᠦᠨ ᠨᠢ ᠣᠯᠠᠨ ᠪᠣᠯᠬᠤᠷ᠂ | ᠵᠣᠬᠢᠬᠤ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠬᠡᠷᠡᠭᠴᠡᠭᠡ ᠲᠠᠢ ᠪᠠᠶᠢᠵᠤ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠳ ︽ᠰᠣᠯᠢᠯᠴᠠᠭᠠᠨ ᠤ ᠲᠥᠯᠥᠪᠯᠡᠭᠡ︾ ᠶᠢ ᠣᠨ ᠤ ᠠᠵᠢᠯ ᠤᠨ ᠲᠥᠯᠥᠪᠵᠢᠭᠦᠯᠭᠡ ᠪᠠ | ᠭᠤᠣᠯᠳᠠᠯᠭ᠎ᠠ ᠲᠠᠢ ᠡᠭᠦᠷᠭᠡ ᠳᠡᠭᠡᠨ ᠣᠷᠣᠭᠤᠯᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ | ᠬᠦᠴᠦᠨ ᠤ ᠲᠠᠯ᠎ᠠ ᠪᠠᠷ ᠢᠯᠡᠭᠦᠬᠡᠨ ᠬᠠᠷᠠᠭᠠᠯᠵᠠᠯ ᠦᠵᠡᠭᠦᠯᠬᠦ ᠶᠢᠨ ᠬᠠᠮᠲᠤ᠂ ︽ᠰᠣᠯᠢᠯᠴᠠᠭᠠᠨ ᠤ ᠲᠥᠯᠥᠪᠯᠡᠭᠡ︾ | ᠶᠢᠨ ᠨᠡᠷᠡᠲᠦ ᠲᠥᠷᠥᠯ ᠲᠡᠮᠳᠡᠭᠲᠦ ᠶᠢ ᠢᠳᠡᠪᠬᠢᠲᠡᠶ ᠪᠠᠷ ᠡᠭᠦᠳᠴᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ | ᠶᠡᠭᠡ ᠠᠴᠢ ᠬᠤᠯᠪᠣᠭᠳᠠᠯ ᠪᠠ ᠢᠯᠡᠳᠲᠡ ᠦᠷ᠎ᠡ ᠪᠦᠲᠦᠮᠵᠢ ᠶᠢ ᠶᠡᠭᠡ ᠪᠠᠷ ᠤᠬᠠᠭᠤᠯᠬᠤ ᠬᠡᠷᠡᠭᠲᠡᠢ᠃ ᠵᠠᠯᠠᠭᠤᠴᠤᠳ | ᠪᠠᠭᠠᠴᠤᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠦ᠂ ᠵᠠᠯᠠᠭᠤᠴᠤᠳ ᠪᠠᠭᠠᠴᠤᠳ ᠤᠨ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠨᠡᠨ ᠬᠥᠮᠦᠨ ᠦᠨᠡᠨ | ᠶᠠᠪᠤᠳᠠᠯ ᠪᠠ ᠦᠨᠡᠨ ᠰᠡᠳᠬᠢᠯᠭᠡ ᠪᠣᠳᠠᠲᠤ ᠰᠡᠳᠬᠢᠯᠭᠡ ᠪᠠᠷ ᠭᠡᠷ ᠤᠨ ᠠᠬᠠᠮᠠᠳ᠂ ᠪᠠᠭᠰᠢ᠂ ᠬᠠᠮᠲᠤ | ᠰᠤᠷᠤᠯᠭᠠᠲᠠᠨ ᠳᠤ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠪᠦᠯᠬᠦᠮᠳᠡᠯ | ᠨᠥᠬᠦᠷᠯᠡᠯ ᠬᠠᠷᠢᠯᠴᠠᠨ ᠬᠠᠪᠰᠤᠷᠤᠯᠴᠠᠭᠰᠠᠨ ᠦᠯᠢᠭᠡᠷ ᠢ ᠶᠠᠷᠢᠵᠤ ᠥᠭᠭᠦᠨ᠎ᠡ᠃ ᠰᠣᠩᠭᠤᠨ ᠰᠢᠯᠭᠠᠷᠠᠭᠤᠯᠬᠤ ᠪᠠ | ᠤᠬᠠᠭᠤᠯᠤᠨ ᠰᠣᠯᠢᠯᠴᠠᠬᠤ ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ | ᠳᠠᠭᠠᠭᠤᠯᠬᠤ ᠠᠳᠠᠯᠢᠳᠬᠠᠬᠤ ᠰᠤᠷᠬᠤ ᠴᠢᠷᠮᠠᠶᠢᠬᠤ ᠬᠠᠪᠰᠤᠷᠬᠤ ᠳᠠᠪᠠᠭ᠋ᠤ ᠰᠠᠶᠢᠨ ᠰᠠᠶᠢᠬᠠᠨ ᠬᠡᠪ ᠰᠤᠷᠲᠠᠯ ᠢ ᠪᠤᠢ | ᠪᠣᠯᠭᠠᠬᠤ ᠶᠢ ᠠᠬᠢᠭᠤᠯᠵᠤ᠂ ᠨᠢᠭᠡ ᠪᠦᠯᠦᠭ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ | ᠪᠦᠷᠢᠯᠳᠦᠬᠦᠯᠦᠨ᠎ᠡ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |