︽ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/6
    ᠡᠳᠦᠭᠡ ︽ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠲᠥᠰᠦᠯ︾᠎ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠳᠤ ᠳᠤᠤᠷᠠᠬᠢ ᠮᠡᠲᠦ ᠲᠣᠳᠣᠷᠬᠠᠶᠢᠯᠠᠯᠲᠠ ᠬᠢᠶ᠎ᠠ᠄     ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠤᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ︽ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ ᠶᠢ ᠡᠭᠦᠳᠦᠨ ᠥᠷᠨᠢᠭᠦᠯᠬᠦ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠤᠰᠠᠳᠠ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠣᠨᠴᠣᠭᠤᠶᠢᠯᠠᠨ ᠲᠣᠭᠲᠠᠭᠠᠪᠠ᠃     ᠬᠤᠶᠠᠷ᠂ ᠲᠥᠰᠦᠯ ᠤᠨ ᠭᠤᠣᠯᠳᠠᠯᠭ᠎ᠠ ᠲᠠᠢ ᠠᠭᠤᠯᠭ᠎ᠠ     ︵ᠨᠢᠭᠡ︶ ᠶᠡᠷᠦᠩᠬᠡᠶ ᠱᠠᠭᠠᠷᠳᠠᠯᠭ᠎ᠠ    1 . ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠎ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠬᠤᠣᠰ ᠴᠢᠭᠯᠡᠯ ᠢᠶᠠᠷ ᠰᠣᠯᠢᠯᠴᠠᠬᠤ᠂ ᠦᠢᠯᠡᠳᠦᠯᠬᠡ ᠪᠠᠷ ᠬᠥᠮᠦᠨ ᠢ ᠬᠥᠮᠦᠵᠢᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠦ᠂ ᠣᠷᠣᠨ ᠪᠦᠰᠡ ᠠᠯᠤᠰᠯᠠᠨ᠂ ᠪᠦᠬᠦ ᠲᠠᠯ᠎ᠠ ᠶᠢᠨ᠂ ᠣᠯᠠᠨ ᠶᠠᠩᠵᠤ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠢ ᠪᠣᠯᠭᠠᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠣᠬᠠᠢ ᠳᠡᠭᠡᠳᠦ ᠬᠡᠮᠵᠢᠶᠡᠨ ᠤ ᠮᠡᠳᠡᠷᠡᠬᠦᠢ ᠶᠢ ᠲᠠᠰᠤᠷᠠᠯᠲᠠ ᠦᠭᠡᠢ ᠡᠷᠡᠰ ᠪᠠᠲᠤ ᠪᠠᠶᠢᠯᠭᠠᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠵᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠶ ᠵᠠᠯᠭᠠᠮᠵᠢᠯᠠᠭᠴᠢ ᠪᠣᠯᠭᠠᠨ ᠬᠥᠮᠦᠵᠢᠭᠦᠯᠬᠦ ᠪᠠᠷ ᠴᠢᠷᠮᠠᠶᠢᠨ᠎ᠠ᠃    2 . ᠦᠨᠳᠦᠰᠦᠨ ᠵᠠᠷᠴᠢᠮ    ᠨᠢᠭᠡ ᠳᠤ᠂ ᠭᠤᠤᠯ ᠰᠢᠵᠢᠮ ᠢ ᠳᠣᠪᠤᠶᠢᠯᠭᠠᠬᠤ ᠶᠢ ᠪᠠᠷᠢᠮᠲᠠᠯᠠᠨ᠎ᠠ᠃    ᠬᠤᠶᠠᠷ ᠲᠤ᠂ ᠨᠡᠶᠢᠭᠡᠮ ᠤᠨ ᠳᠠᠶᠢᠴᠢᠯᠠᠯᠲᠠ ᠶᠢ ᠪᠠᠷᠢᠮᠲᠠᠯᠠᠨ᠎ᠠ᠃    ᠭᠤᠷᠪᠠ ᠳᠤ᠂ ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠨ᠎ᠠ᠃    ᠳᠥᠷᠪᠡ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠎ᠠ᠃    3 . ᠭᠤᠣᠯ ᠬᠠᠷᠠᠯᠲᠠ    2025 ᠣᠨ ᠤ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠠᠶᠢᠮᠠᠭ ᠠᠯᠤᠰᠯᠠᠨ ᠰᠣᠯᠢᠯᠴᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠰᠣᠯᠢᠯᠴᠠᠭᠠᠨ ᠤ ᠲᠥᠯᠥᠪᠯᠡᠭᠡ︾᠎ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠬᠠᠷᠢᠯᠴᠠᠨ ᠣᠶᠢᠯᠠᠭᠠᠯᠴᠠᠵᠤ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭᠠᠵᠤ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠪᠤᠢ ᠪᠣᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃     ︵ᠬᠤᠶᠠᠷ︶ ᠭᠤᠣᠯ ᠡᠭᠦᠷᠭᠡ    1 . ᠠᠯᠠᠱᠠ ᠠᠶᠢᠮᠠᠭ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠶᠢᠮᠠᠭ ᠬᠤᠲᠠ ᠶᠢᠨ ᠦᠨᠳᠦᠰᠦᠲᠡᠨ ᠨᠦᠭᠦᠳ  ᠤᠨ ᠵᠠᠯᠠᠭᠤᠴᠤᠳ ᠪᠠᠭᠠᠴᠤᠳ  ᠯᠤᠭ᠎ᠠ  ᠶᠢᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃    2 . ᠠᠯᠠᠱᠠ ᠠᠶᠢᠮᠠᠭ ᠬᠢᠭᠡᠳ ᠭᠠᠳᠠᠷ ᠮᠤᠵᠢ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠠᠢ ︽ᠬᠠᠷᠢᠯᠴᠠᠨ ᠬᠠᠪᠰᠣᠷᠣᠯᠴᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃    3 . ᠦᠨᠳᠦᠰᠦᠲᠡᠨ ᠨᠦᠭᠦᠳ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠦᠨ᠎ᠡ᠃    4 . ︽ᠶᠡᠭᠡ ᠭᠠᠷ ᠪᠠᠭ᠎ᠠ ᠭᠠᠷ ᠢ ᠬᠤᠯᠪᠣᠬᠤ︾ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠰᠣᠯᠢᠯᠴᠠᠬᠤ ᠠᠵᠢᠯᠯᠠᠭ᠎ᠠ ᠶᠢ ᠥᠷᠨᠢᠭᠦᠯᠦᠨ᠎ᠡ᠃    5 . ᠠᠶᠢᠮᠠᠭ ᠤᠨ ᠳᠣᠲᠣᠷᠠᠬᠢ ᠬᠤᠰᠢᠭᠤᠨ ᠤ ᠬᠤᠭᠤᠷᠣᠨᠳᠣ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠭᠠᠷ ᠭᠠᠷ ᠢᠶᠠᠨ ᠬᠤᠯᠪᠣᠯᠴᠠᠨ ᠬᠢᠯᠢ ᠪᠠᠷ ᠠᠶᠠᠯᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃    6 . ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠎ᠡ᠃    7 . ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃    8 . ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠣᠭᠰᠠᠨ ᠵᠠᠯᠠᠭᠤᠴᠤᠳ ᠤᠨ ᠪᠦᠯᠬᠦᠮ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃    ︵ᠭᠤᠷᠪᠠ︶ ᠬᠤᠯᠪᠣᠭᠳᠠᠯ ᠪᠦᠬᠦᠢ ᠱᠠᠭᠠᠷᠳᠠᠯᠭ᠎ᠠ    1 . ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ 2 . ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠳᠣᠷᠬᠠᠶᠢᠯᠠᠨ᠎ᠠ᠃ 3 . ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ 4 . ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠡ᠃    ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号