ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠲᠥᠰᠦᠯ
ᠨᠡᠶᠢᠲᠡᠯᠡᠭᠰᠡᠨ ᠴᠠᠭ᠄
2023/7/6
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠤᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ ᠶᠢ ᠡᠭᠦᠳᠦᠨ ᠥᠷᠨᠢᠭᠦᠯᠬᠦ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠤᠰᠠᠳᠠ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠣᠨᠴᠣᠭᠤᠶᠢᠯᠠᠨ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ︵ᠨᠢᠭᠡ︶ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠦ᠂ ᠬᠤᠣᠰ ᠴᠢᠭᠯᠡᠯ ᠢᠶᠠᠷ ᠰᠣᠯᠢᠯᠴᠠᠬᠤ ᠂ ᠦᠢᠯᠡᠳᠦᠯᠬᠡ ᠪᠠᠷ ᠬᠥᠮᠦᠨ ᠢ ᠬᠥᠮᠦᠵᠢᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠦ᠂ ᠣᠷᠣᠨ ᠪᠦᠰᠡ ᠠᠯᠤᠰᠯᠠᠨ᠂ ᠪᠦᠬᠦ ᠲᠠᠯ᠎ᠠ ᠶᠢᠨ᠂ ᠣᠯᠠᠨ ᠶᠠᠩᠵᠤ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠢ ᠪᠣᠯᠭᠠᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠣᠬᠠᠢ ᠳᠡᠭᠡᠳᠦ ᠬᠡᠮᠵᠢᠶᠡᠨ ᠤ ᠮᠡᠳᠡᠷᠡᠬᠦᠢ ᠶᠢ ᠲᠠᠰᠤᠷᠠᠯᠲᠠ ᠦᠭᠡᠢ ᠡᠷᠡᠰ ᠪᠠᠲᠤ ᠪᠠᠶᠢᠯᠭᠠᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠡᠷᠡᠰ ᠪᠠᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠶ ᠵᠠᠯᠭᠠᠮᠵᠢᠯᠠᠭᠴᠢ ᠪᠣᠯᠭᠠᠨ ᠬᠥᠮᠦᠵᠢᠭᠦᠯᠬᠦ ᠪᠠᠷ ᠴᠢᠷᠮᠠᠶᠢᠨ᠎ᠠ᠃    ︵ᠬᠤᠶᠠᠷ︶ ᠦᠨᠳᠦᠰᠦᠨ ᠵᠠᠷᠴᠢᠮ    ᠭᠤᠣᠯ ᠰᠢᠵᠢᠮ ᠢ ᠳᠣᠪᠤᠶᠢᠯᠭᠠᠬᠤ ᠶᠢ ᠪᠠᠷᠢᠮᠲᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠣᠯᠢᠯᠴᠠᠭᠠᠨ ᠤ ᠠᠵᠢᠯᠯᠠᠭ᠎ᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠳᠣᠣᠱᠯᠠᠭᠤᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃    ᠨᠡᠶᠢᠭᠡᠮ ᠤᠨ ᠳᠠᠶᠢᠴᠢᠯᠠᠯᠲᠠ ᠶᠢ ᠪᠠᠷᠢᠮᠳᠠᠯᠠᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠪᠦᠯᠬᠦᠮ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠶᠢ ᠳᠠᠮᠵᠢᠵᠤ ᠬᠥᠲᠥᠯᠥᠨ ᠵᠢᠯᠣᠭᠤᠳᠴᠤ᠂ ᠨᠡᠶᠢᠭᠡᠮ ᠳᠠᠶᠠᠭᠠᠷ ᠬᠠᠮᠲᠤ ᠪᠠᠷ ᠣᠷᠣᠯᠴᠠᠭᠰᠠᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃    ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠠᠳᠠᠯᠢ ᠪᠤᠰᠤ ᠨᠠᠰᠤᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠣᠨᠴᠠᠯᠢᠭ ᠢ ᠦᠨᠳᠦᠰᠦᠯᠡᠨ᠂ ᠣᠷᠣᠨ ᠪᠦᠰᠡ ᠠᠯᠤᠰᠯᠠᠭᠰᠠᠨ ᠪᠠ ᠠᠶᠢᠮᠠᠭ ᠤᠨ ᠬᠡᠪᠴᠢᠶᠡᠨ ᠳᠠᠬᠢ ᠰᠣᠯᠢᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠳᠡᠰ ᠬᠤᠪᠢᠶᠠᠨ᠂ ᠬᠤᠭᠤᠴᠠᠭ᠎ᠠ ᠬᠤᠪᠢᠶᠠᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠬᠠᠨᠳᠤᠯᠭᠠᠲᠤ ᠴᠢᠨᠠᠷ ᠢ ᠨᠡᠮᠡᠭᠳᠡᠭᠦᠯᠦᠨ᠎ᠡ᠃ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠣᠯᠢᠯᠴᠠᠭᠠᠨ ᠤ ᠠᠵᠢᠯᠯᠠᠭ᠎ᠠ ᠶᠢᠨ ᠥᠷᠲᠡᠭ ᠤᠨ ᠬᠥᠲᠥᠯᠥᠨ ᠵᠢᠯᠣᠭᠤᠳᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ ᠢ ᠳᠣᠪᠤᠶᠢᠯᠭᠠᠵᠤ ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠥᠷᠭᠡᠨ ᠢᠶᠠᠷ ᠰᠣᠯᠢᠯᠴᠠᠭᠤᠯᠵᠤ᠂ ᠬᠠᠷᠠᠭ᠎ᠠ ᠶᠢ ᠨᠢ ᠥᠷᠭᠡᠳᠬᠡᠨ᠂ ᠴᠢᠳᠠᠪᠤᠷᠢ ᠶᠢ ᠨᠢ ᠨᠡᠮᠡᠭᠳᠡᠭᠦᠯᠵᠦ᠂ ᠣᠶᠤᠨ ᠰᠠᠨᠠᠭ᠎ᠠ ᠶᠢ ᠨᠢ ᠨᠢᠭᠲᠠᠷᠠᠭᠤᠯᠤᠨ ᠰᠦᠭ ᠰᠦᠨᠡᠰᠦ ᠶᠢ ᠨᠢ ᠨᠢᠭᠲᠠᠷᠠᠭᠤᠯᠤᠨ᠎ᠠ᠃    ︵ᠭᠤᠷᠪᠠ︶ ᠭᠤᠣᠯ ᠬᠠᠷᠠᠯᠲᠠ    2025 ᠣᠨ ᠤ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠠᠶᠢᠮᠠᠭ ᠠᠯᠤᠰᠯᠠᠨ ᠰᠣᠯᠢᠯᠴᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠰᠣᠯᠢᠯᠴᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠬᠠᠷᠢᠯᠴᠠᠨ ᠣᠶᠢᠯᠠᠭᠠᠯᠴᠠᠵᠤ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭᠠᠵᠤ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃    ᠬᠤᠶᠠᠷ᠂ ᠵᠣᠬᠢᠶᠠᠨ ᠪᠠᠶᠢᠭᠤᠯᠤᠯᠲᠠ ᠶᠢᠨ ᠲᠣᠭᠲᠠᠴᠠ    ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠣᠯᠢᠯᠴᠠᠭᠠᠨ ᠤ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠬᠢᠨᠠᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠪᠣᠳᠠᠲᠠᠶ ᠬᠠᠷᠢᠭᠤᠴᠠᠵᠤ᠂ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠴᠠᠭ ᠲᠤᠬᠠᠶ ᠳᠤᠨᠢ  ᠰᠢᠢᠳᠪᠦᠷᠢᠯᠡᠨ᠎ᠡ᠃    ᠭᠤᠷᠪᠠ᠂ ᠭᠤᠣᠯ ᠡᠭᠦᠷᠭᠡ    ︵ᠨᠢᠭᠡ︶ ᠠᠯᠠᠱᠠ ᠠᠶᠢᠮᠠᠭ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠶᠢᠮᠠᠭ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠮᠠᠨ ᠤ ᠠᠶᠢᠮᠠᠭ ᠤᠨ ᠪᠤᠰᠤᠳ ᠠᠶᠢᠮᠠᠭ ᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠶᠠᠷ ᠭᠠᠵᠠᠷ ᠤᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠵᠤᠨ ︵ᠡᠪᠦᠯ︶ ᠤ ᠤᠯᠠᠷᠢᠯ ᠤᠨ ᠬᠤᠸᠠᠷᠠᠨ ᠤ ᠬᠡᠯᠪᠡᠷᠢ ᠪᠠᠷ ᠬᠤᠣᠰ ᠴᠢᠭᠯᠡᠯᠲᠦ ᠰᠣᠯᠢᠯᠴᠠᠭ᠎ᠠ ᠶᠢ ᠵᠣᠬᠢᠶᠠᠨ ᠪᠠᠶᠢᠭᠤᠯᠵᠤ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠰᠤᠳᠤᠯᠤᠨ ᠰᠤᠷᠤᠯᠴᠠᠵᠤ ᠵᠢᠭᠤᠯᠴᠢᠯᠠᠬᠤ᠂ ᠰᠤᠷᠤᠯᠴᠠᠨ ᠰᠣᠯᠢᠯᠴᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠡᠬᠡ ᠤᠯᠤᠰ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠮᠡᠳᠡᠭᠦᠯᠵᠦ᠂ ᠡᠬᠡ ᠣᠷᠣᠨᠴᠢ ᠦᠵᠡᠯ ᠪᠠ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠥᠮᠦᠵᠢᠯ ᠢ ᠬᠦᠷᠲᠡᠭᠡᠨ᠎ᠡ︔ ᠡᠯ᠎ᠡ ᠠᠶᠢᠮᠠᠭ ᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠲᠤ ᠮᠠᠨ ᠤ ᠠᠶᠢᠮᠠᠭ ᠲᠤ ᠢᠷᠡᠵᠦ ᠡᠬᠡ ᠤᠯᠤᠰ ᠤᠨ ᠭᠠᠵᠠᠷ ᠠᠭᠤᠳᠠᠮ ᠡᠳ᠋ ᠪᠠᠶᠠᠯᠢᠭ᠂ ᠬᠡᠷᠡᠯ ᠰᠠᠴᠤᠷᠠᠩᠭᠤᠶ ᠰᠣᠶᠣᠯ᠂ ᠥᠨᠢ ᠤᠳᠠᠭᠠᠨ ᠲᠡᠦᠬᠡ᠂ ᠪᠠᠶᠢᠭᠠᠯᠢ ᠶᠢᠨ ᠥᠩᠭᠡ ᠦᠵᠡᠮᠵᠢ ᠶᠢ ᠮᠡᠳᠡᠷᠡᠭᠦᠯᠵᠦ᠂ ᠮᠠᠨ ᠤ ᠠᠶᠢᠮᠠᠭ ᠬᠢᠭᠡᠳ ᠡᠯ᠎ᠡ ᠠᠶᠢᠮᠠᠭ ᠬᠤᠲᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠯᠤᠭ᠎ᠠ ᠶᠢᠨ ᠥᠷᠭᠡᠨ ᠳᠡᠯᠭᠡᠷ ᠰᠣᠯᠢᠯᠴᠠᠭ᠎ᠠ᠂ ᠭᠦᠨᠵᠡᠭᠡᠶ ᠶᠠᠪᠤᠯᠴᠠᠭ᠎ᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︔ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠣᠷᠣᠨ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶    ︵ᠬᠤᠶᠠᠷ︶ ᠠᠯᠠᠱᠠ ᠠᠶᠢᠮᠠᠭ ᠬᠢᠭᠡᠳ ᠭᠠᠳᠠᠷ ᠮᠤᠵᠢ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠯᠤᠭ᠎ᠠ ︽ᠬᠠᠷᠢᠯᠴᠠᠨ ᠬᠠᠪᠰᠣᠷᠣᠯᠴᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ ᠴᠡᠭ ᠲᠣᠭᠲᠠᠭᠠᠨ ᠬᠠᠪᠰᠤᠷᠤᠨ ᠲᠡᠳᠬᠦᠬᠦ ᠳᠤ ᠲᠦᠰᠢᠭᠯᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠪᠴᠠᠩ᠂ ᠢᠳᠡᠪᠬᠢᠲᠡᠶ ᠵᠡᠭᠦᠨ ᠳᠤᠮᠳᠠ ᠬᠡᠰᠡᠭ᠂ ᠳᠠᠯᠠᠢ ᠳᠠᠭᠠᠤ ᠬᠥᠭᠵᠢᠭᠰᠡᠨ ᠮᠤᠵᠢ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠯᠤᠯᠴᠠᠭ᠎ᠠ ᠵᠣᠯᠭᠠᠯᠴᠠᠭ᠎ᠠ᠂ ᠰᠦᠯᠵᠢᠶᠡᠨ ᠳᠡᠭᠡᠷ᠎ᠡ ᠬᠠᠷᠢᠯᠴᠠᠭ᠎ᠠ ᠪᠠᠶᠢᠭᠤᠯᠬᠤ ᠶᠢ ᠵᠣᠬᠢᠶᠠᠨ ᠪᠠᠶᠢᠭᠤᠯᠣᠨ᠂ ᠵᠤᠨ ᠤ ᠤᠯᠠᠷᠢᠯ ᠤᠨ ᠵᠣᠰᠠᠯᠠᠩ ᠵᠡᠷᠭᠡ ᠰᠣᠯᠢᠯᠴᠠᠭᠠᠨ ᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠦᠷᠨᠢᠬᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠰᠤᠷᠭᠠᠨ ᠬᠥᠮᠦᠵᠢᠯ ᠤᠨ ᠦᠢᠯᠡᠳᠦᠯᠬᠡ ᠂ ᠲᠡᠦᠬᠡ ᠰᠣᠶᠣᠯ ᠤᠨ ᠣᠷᠳᠣᠨ᠂ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠵᠡᠷᠭᠡ ᠰᠠᠭᠤᠷᠢᠨ ᠭᠠᠵᠠᠷ ᠲᠤ ᠬᠠᠷᠢᠯᠴᠠᠨ ᠣᠷᠣᠭᠤᠯᠵᠦ᠂ ᠦᠵᠡᠯ ᠰᠠᠨᠠᠭᠠᠨ ᠤ ᠬᠥᠮᠦᠵᠢᠯ ᠢ ᠬᠠᠮᠲᠤ ᠪᠠᠷ ᠬᠦᠷᠲᠡᠬᠦ ᠪᠠᠷ ᠳᠠᠮᠵᠢᠨ᠂ ᠲᠡᠦᠬᠡ ᠰᠣᠶᠣᠯ ᠰᠣᠷᠣᠯᠴᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠬᠦᠯᠦᠯᠬᠡ ᠶᠢᠨ ᠣᠷᠳᠣᠨ ᠢ ᠲᠣᠭᠤᠷᠢᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠰᠣᠶᠣᠯ ᠪᠠ ᠡᠬᠡ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠮᠡᠳᠡᠷᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠣᠬᠠᠢ ᠳᠡᠭᠡᠳᠦ ᠬᠡᠮᠵᠢᠶᠡᠨ ᠤ ᠮᠡᠳᠡᠷᠡᠬᠦᠢ ᠲᠠᠢ ᠪᠠᠶᠢᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠣᠷᠣᠨ︔ ᠬᠠᠮᠵᠢᠯᠴᠠᠬᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠶᠢᠮᠠᠭ ᠤᠨ ᠡᠪᠯᠡᠯ ᠤᠨ ᠬᠤᠷᠢᠶ᠎ᠠ︶    ︵ᠭᠤᠷᠪᠠ︶ ᠦᠨᠳᠦᠰᠦᠲᠡᠨ ᠨᠦᠭᠦᠳ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠤᠶᠤᠲᠠᠳ ᠰᠠᠶᠢᠨ ᠳᠤᠷᠠᠴᠤᠳ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠢᠯᠡᠳᠦᠯᠬᠡ ᠪᠠ ︽ᠪᠥᠬᠦ ᠤᠯᠤᠰ ᠲᠤ ᠨᠡᠶᠢᠳᠡᠮ ᠬᠡᠷᠡᠭᠯᠡᠭᠡᠨ ᠤ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾᠂ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ ᠠᠵᠢᠯᠯᠠᠭ᠎ᠠ ᠳᠤᠮᠳᠠ ᠰᠣᠯᠢᠯᠴᠠᠭ᠎ᠠ ᠶᠠᠪᠤᠯᠴᠠᠭ᠎ᠠ ᠪᠠᠨ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ᠃ ︵ᠲᠦᠷᠦᠭᠦᠯᠡᠨ ᠬᠢᠬᠦ ᠨᠢᠭᠡᠴᠡ᠄ ᠡᠪᠯᠡᠯ ᠤᠨ ᠬᠤᠷᠢᠶ᠎ᠠ︔ ᠬᠠᠮᠵᠢᠯᠴᠠᠬᠤ ᠨᠢᠬᠡᠴᠡ᠄ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶    ︵ᠳᠥᠷᠪᠡ︶ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠰᠣᠯᠢᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠣᠰᠠᠯᠠᠬᠤ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠲᠡᠳᠬᠦᠵᠦ ᠰᠣᠯᠢᠯᠴᠠᠬᠤ ᠲᠣᠭᠲᠠᠴᠠ ᠳᠤ ᠲᠦᠰᠢᠭᠯᠡᠨ᠂ ︽ᠶᠡᠭᠡ ᠭᠠᠷ ᠢᠶᠠᠷ ᠪᠠᠭ᠎ᠠ ᠭᠠᠷ ᠢ ᠨᠢ ᠲᠠᠲᠠᠬᠤ︾ ᠠᠷᠭ᠎ᠠ ᠮᠠᠶ᠋ᠢᠭ ᠢᠶᠠᠷ ︽ᠰᠡᠳᠬᠢᠯ ᠢ ᠨᠢ ᠤᠮᠳᠠᠯᠠᠵᠤ ᠬᠥᠮᠦᠨ ᠢ ᠨᠢ ᠬᠥᠮᠦᠵᠢᠭᠦᠯᠬᠦ᠂ ᠬᠥᠮᠦᠨ ᠢ ᠨᠢ ᠲᠤᠰᠠᠯᠠᠵᠤ ᠥᠰᠬᠡᠨ ᠪᠤᠶᠢᠵᠢᠭᠤᠯᠬᠤ︾ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠨᠢ ᠠᠶᠢᠮᠠᠭ ᠤᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢ ᠬᠠᠪᠰᠤᠷᠤᠨ ᠳᠠᠮᠵᠢᠵᠤ ᠵᠢᠭᠠᠨ ᠵᠢᠯᠣᠭᠤᠳᠴᠤ ᠪᠠᠶᠢᠭᠠᠳ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠰᠢᠰᠲ᠋ᠧᠮᠵᠢ ᠵᠢᠴᠢ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠡᠳᠬᠢᠴᠡ ᠶᠢᠨ ᠬᠢᠮᠤᠷᠠᠯ ᠢ ᠰᠡᠷᠭᠡᠶᠢᠯᠡᠬᠦ ᠪᠠ ᠬᠠᠮᠢᠶᠠᠷᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠣᠯᠪᠠᠰᠤᠷᠠᠭᠤᠯᠤᠯ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠢᠶᠠᠷ ᠢᠶᠠᠨ ᠲᠤᠰᠠᠯᠠᠬᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠬᠦ ᠪᠠ ᠬᠠᠮᠵᠢᠯᠴᠠᠨ ᠠᠬᠢᠭᠤᠯᠬᠤ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠤ ᠰᠤᠷᠭᠠᠭᠤᠯᠢ ᠳᠤ ᠲᠣᠭᠲᠠᠮᠠᠯ ᠬᠤᠭᠤᠴᠠᠭ᠎ᠠ ᠲᠠᠢ ᠪᠠᠷ ᠬᠦᠷᠴᠦ ᠰᠤᠷᠭᠠᠨ ᠬᠥᠮᠦᠵᠢᠯ ᠢ ᠳᠡᠮᠵᠢᠬᠦ ᠪᠠ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠡᠯ᠎ᠡ ᠬᠤᠰᠢᠭᠤ ᠣᠷᠣᠨ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠪᠯᠡᠯ ᠤᠨ ᠬᠤᠷᠢᠶ᠎ᠠ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶     ︵ᠲᠠᠪᠤ︶ ᠠᠶᠢᠮᠠᠭ ᠤᠨ ᠳᠣᠲᠣᠷᠠᠬᠢ ᠬᠤᠰᠢᠭᠤᠨ ᠤ ᠬᠤᠭᠤᠷᠣᠨᠳᠣ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠭᠠᠷ ᠬᠤᠯᠪᠣᠨ ᠬᠢᠯᠢ ᠪᠠᠷ ᠠᠶᠠᠯᠠᠬᠤ︾ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ ᠡᠯ᠎ᠡ ᠬᠤᠰᠢᠭᠤᠨ ᠤ ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ︽ᠠᠨᠠᠷ ᠤᠨ ᠦᠷ᠎ᠡ︾ ᠶᠢᠨ ᠬᠤᠯᠪᠣᠭ᠎ᠠ ᠶᠢ ᠰᠦᠪᠡᠭᠴᠢᠯᠡᠨ ᠪᠠᠶᠢᠭᠤᠯᠵᠤ᠂ ᠵᠢᠯ ᠪᠦᠷᠢ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ︽ᠭᠠᠷ ᠬᠤᠯᠪᠣᠨ ᠬᠢᠯᠢ ᠬᠢᠵᠠᠭᠠᠷ ᠣᠷᠣᠨ ᠢᠶᠠᠷ ᠠᠶᠠᠯᠠᠬᠤ︾ ᠵᠡᠷᠭᠡ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠴᠡᠷᠢᠭ ᠤᠨ ᠬᠤᠸᠠᠷᠠᠨ᠂ ᠬᠠᠷᠠᠭᠤᠯ ᠤᠨ ᠭᠠᠵᠠᠷ᠂ ᠬᠠᠮᠲᠤ ᠪᠠᠷ ᠬᠢᠯᠢ ᠬᠢᠵᠠᠭᠠᠷ ᠢᠶᠠᠷ ᠴᠠᠭᠳᠠᠨ ᠲᠣᠭᠤᠷᠢᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠲᠤ ᠡᠬᠡ ᠤᠯᠤᠰ ᠤᠨ ᠢᠶᠠᠨ ᠠᠭᠤᠳᠠᠮ ᠬᠢᠯᠢ᠂ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠭᠦᠨ ᠵᠤᠵᠠᠭᠠᠨ ᠲᠡᠦᠬᠡ ᠪᠠ ᠲᠠᠩᠰᠤᠭ ᠰᠠᠶᠢᠬᠠᠨ ᠰᠣᠶᠣᠯ ᠢ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠵᠥᠪ ᠦᠵᠡᠯᠲᠡ ᠶᠢ ᠪᠠᠲᠤ ᠪᠣᠶ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠣᠷᠣᠨ︔ ᠬᠠᠮᠵᠢᠯᠴᠠᠬᠤ ᠨᠢᠬᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠡᠪᠯᠡᠯ ᠤᠨ ᠬᠤᠷᠢᠶ᠎ᠠ︶     ︵ᠵᠢᠷᠭᠤᠭ᠎ᠠ︶ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠠᠶᠢᠮᠠᠭ ᠤᠨ ᠡᠯ᠎ᠡ ᠬᠤᠰᠢᠭᠤᠨ ᠳᠤ ᠲᠦᠰᠢᠭᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠬᠡ ᠶᠢᠨ ᠰᠠᠭᠤᠷᠢᠨ ᠭᠠᠵᠠᠷ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠬᠡᠴᠡ ᠵᠡᠷᠭᠡ ᠰᠤᠷᠭᠠᠨ ᠬᠥᠮᠦᠵᠢᠯ ᠤᠨ ᠲᠠᠪᠴᠠᠩ᠂ ᠬᠤᠪᠢᠰᠬᠠᠯ ᠤᠨ ᠬᠥᠮᠦᠵᠢᠯ ᠢ ᠬᠦᠢᠴᠡᠳ ᠠᠰᠢᠭᠯᠠᠵᠦ᠂ ᠪᠠᠶᠢᠭᠠᠯᠢ ᠶᠢᠨ ᠭᠠᠵᠠᠷ ᠵᠦᠢ᠂ ᠲᠡᠦᠬᠡ ᠰᠣᠶᠣᠯ᠂ ᠠᠵᠤ ᠠᠬᠤᠶ ᠨᠡᠶᠢᠭᠡᠮ᠂ ᠨᠤᠲᠤᠭ ᠤᠨ ᠵᠠᠩ ᠦᠢᠯᠡ ᠶᠢᠨ ᠰᠣᠶᠣᠯ ᠵᠡᠷᠭᠡ ᠡᠬᠢ ᠪᠠᠶᠠᠯᠢᠭ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ  ᠦᠢᠯᠡᠳᠦᠯᠬᠡ ᠥᠷᠨᠢᠭᠦᠯᠬᠦ ᠪᠠᠷ ᠳᠠᠮᠵᠢᠨ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠠᠷᠭ᠎ᠠ ᠮᠠᠶ᠋ᠢᠭ ᠢᠶᠠᠷ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠬᠠᠷᠢᠯᠴᠠᠨ ᠢᠲᠡᠭᠡᠯᠴᠡᠬᠦ᠂ ᠬᠠᠷᠢᠯᠴᠠᠨ ᠰᠤᠷᠤᠯᠴᠠᠬᠤ᠂ ᠬᠠᠷᠢᠯᠴᠠᠨ ᠬᠠᠪᠰᠤᠷᠬᠤ ᠶᠢ ᠬᠥᠲᠥᠯᠥᠨ ᠵᠢᠯᠣᠭᠤᠳᠴᠦ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠨ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ ᠪᠣᠳᠠᠲᠠᠶ ᠲᠠᠢ ᠪᠠᠨ ᠤᠶᠠᠯᠳᠤᠭᠤᠯᠤᠨ᠂ ᠬᠥᠭᠵᠢᠭᠰᠡᠨ ᠮᠤᠵᠢ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠢᠳᠡᠪᠬᠢᠲᠡᠶ ᠰᠦᠪᠡᠭᠴᠢᠯᠡᠵᠦ᠂ ︽ᠭᠠᠷ ᠭᠠᠷ ᠢᠶᠠᠨ ᠬᠤᠯᠪᠣᠯᠴᠠᠬᠤ︾ ᠵᠠᠬᠢᠳᠠᠯ ᠴᠢᠮᠡᠭᠡ ᠰᠣᠯᠢᠯᠴᠠᠬᠤ᠂ ᠰᠦᠯᠵᠢᠶ᠎ᠡ ᠸᠢᠳᠢᠤ᠋ ᠶᠢᠨ ᠠᠩᠭᠢ ᠶᠢᠨ ᠬᠤᠷᠠᠯ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠳᠤᠯᠤᠨ ᠰᠤᠷᠤᠯᠴᠠᠬᠤ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠰᠣᠯᠢᠯᠴᠠᠭ᠎ᠠ ᠵᠡᠷᠭᠡ ᠠᠳᠠᠯᠢ ᠪᠤᠰᠤ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠬᠠᠷᠢᠯᠴᠠᠨ ᠠᠶᠢᠯᠴᠢᠯᠠᠬᠤ᠂ ᠰᠤᠷᠤᠭᠴᠢᠳ ᠬᠠᠷᠢᠯᠴᠠᠨ ᠬᠠᠪᠰᠤᠷᠤᠯᠴᠠᠬᠤ᠂ ᠵᠢᠭᠠᠨ ᠰᠤᠷᠭᠠᠯᠲᠠ ᠶᠢᠨ ᠶᠠᠪᠣᠴᠠ ᠳᠤ ᠬᠠᠷᠢᠯᠴᠠᠨ ᠰᠤᠳᠤᠯᠬᠤ ᠶᠢ ᠪᠡᠶᠡᠯᠡᠭᠦᠯᠵᠦ᠂ ᠮᠠᠨ ᠤ ᠠᠶᠢᠮᠠᠭ ᠬᠢᠭᠡᠳ ᠬᠥᠭᠵᠢᠭᠰᠡᠨ ᠮᠤᠵᠢ ᠬᠤᠲᠠ ᠶᠢᠨ ᠡᠯ᠎ᠡ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠰᠣᠯᠢᠯᠴᠠᠬᠤ᠂ ᠬᠠᠷᠢᠯᠴᠠᠨ ᠰᠤᠷᠤᠯᠴᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠣᠷᠣᠨ︔ ᠬᠠᠮᠵᠢᠯᠴᠠᠬᠤ ᠨᠢᠭᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶    ︵ᠳᠣᠯᠤᠭ᠎ᠠ︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠵᠢᠯ ᠪᠦᠷᠢ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠡᠳᠦᠪ ᠪᠣᠯᠭᠠᠭᠰᠠᠨ ᠳᠤᠮᠳᠠᠳᠤ ᠶᠢᠨ ᠰᠣᠩᠭᠤᠳᠠᠭ ᠪᠦᠲᠦᠭᠡᠯ ᠤᠨ ᠤᠩᠰᠢᠯᠭ᠎ᠠ᠂ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠦᠯᠭᠡ ᠰᠢᠭᠦᠮᠵᠢ᠂ ᠤᠯᠠᠮᠵᠢᠯᠠᠯᠲᠤ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠯ᠎ᠡ ᠲᠦᠷᠦᠯ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠰᠤᠷᠤᠯᠴᠠᠯᠭ᠎ᠠ᠂ ᠪᠦᠯᠬᠦᠮᠳᠡᠯ ᠨᠥᠬᠦᠷᠯᠡᠯ᠂ ᠥᠪᠡᠷ ᠢ ᠪᠠᠨ ᠢᠲᠡᠭᠡᠬᠦ ᠥᠪᠡᠷ ᠢ ᠪᠠᠨ ᠬᠦᠴᠦᠷᠬᠡᠭᠵᠢᠭᠦᠯᠬᠦ ᠶᠢ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠬᠡᠴᠡ᠄ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠶᠢᠮᠠᠭ ᠤᠨ ᠡᠪᠯᠡᠯ ᠤᠨ ᠬᠤᠷᠢᠶ᠎ᠠ︶    ︵ᠨᠠᠢᠮᠠ︶ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠣᠭᠰᠠᠨ ᠵᠠᠯᠠᠭᠤᠴᠤᠳ ᠤᠨ ᠪᠦᠯᠬᠦᠮ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠬᠤᠪᠢ ᠶᠢᠨ ᠵᠠᠭᠤᠴᠢᠯᠠᠭᠤᠷ ᠤᠨ ᠬᠥᠮᠦᠨ᠂ ᠰᠦᠯᠵᠢᠶᠡᠨ ᠤ ᠵᠣᠬᠢᠶᠠᠯᠴᠢ᠂ ᠤᠳᠬ᠎ᠠ ᠤᠷᠠᠯᠢᠭ ᠤᠨ ᠪᠦᠲᠦᠭᠡᠯᠴᠢ ᠤᠷᠠᠯᠢᠭᠴᠢᠨ᠂ ᠳᠠᠭᠤᠤ ᠬᠥᠭᠵᠢᠮᠴᠢᠨ ᠵᠡᠷᠭᠡ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ ᠪᠣᠯᠪᠠᠰᠤᠷᠠᠯ᠂ ᠵᠣᠬᠢᠶᠠᠨ ᠪᠦᠲᠦᠭᠡᠯᠭᠡ ᠰᠣᠯᠢᠯᠴᠠᠭ᠎ᠠ᠂ ᠤᠷ᠎ᠠ ᠴᠢᠳᠠᠪᠤᠷᠢ ᠶᠢᠨ ᠦᠵᠡᠬᠦᠯᠦᠯᠬᠡ ᠵᠡᠷᠭᠡ ᠠᠵᠢᠯᠯᠠᠭ᠎ᠠ ᠪᠠᠷ ᠳᠠᠮᠵᠢᠭᠤᠯᠤᠨ ᠂ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠤᠨ ᠪᠦᠯᠬᠦᠮ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠤᠨ  ᠪᠦᠯᠬᠦᠮ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠮᠠᠭᠠᠯᠠᠭᠴᠢ᠂ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠭᠠᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠡ᠄ ᠡᠪᠯᠡᠯ ᠤᠨ ᠬᠤᠷᠢᠶ᠎ᠠ︔ ᠬᠠᠮᠵᠢᠯᠴᠠᠬᠤ ᠨᠢᠬᠡᠴᠡ᠄ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶     ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠣᠷᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠠᠶᠢᠮᠠᠭ ᠤᠨ ᠱᠠᠲᠤᠨ ᠤ ᠤᠳᠤᠷᠢᠳᠬᠤ ᠪᠠᠶᠢᠭᠤᠯᠤᠮᠵᠢ ᠪᠠᠷ ᠯᠠᠪᠯᠠᠯᠲᠠ ᠪᠣᠯᠭᠠᠨ᠂ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ ᠠᠩᠭᠢ ᠵᠢᠭᠠᠨ ᠲᠣᠭᠲᠠᠭᠠᠵᠤ ᠲᠤᠰᠬᠠᠶ ᠬᠥᠮᠦᠨ ᠢᠶᠠᠷ ᠬᠠᠷᠢᠭᠤᠴᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ  ᠪᠠ ᠪᠣᠳᠠᠲᠠᠶ ᠬᠦᠴᠢᠷᠳᠡᠯ ᠢ  ᠰᠢᠢᠳᠪᠦᠷᠢᠯᠡᠵᠦ᠂ ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ  ᠤᠨ ᠰᠣᠯᠢᠯᠴᠠᠭᠠᠨ  ᠤ ᠠᠵᠢᠯᠯᠠᠭ᠎ᠠ ᠶᠢᠨ ᠢᠯᠡ ᠲᠣᠳᠣ ᠪᠥᠭᠡᠳ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃    ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠳᠣᠷᠬᠠᠶᠢᠯᠠᠨ᠎ᠠ᠃ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠬᠢᠨᠠᠨ ᠵᠢᠯᠣᠭᠤᠳᠴᠤ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ︔ ᠠᠶᠢᠮᠠᠭ ᠤᠨ ᠦᠨᠳᠦᠰᠦᠲᠡᠨ ᠤ ᠵᠥᠪᠯᠡᠯ ᠨᠢ ᠰᠣᠯᠢᠯᠴᠠᠭᠠᠨ ᠤ ᠲᠥᠯᠥᠪᠯᠡᠭᠡ ᠵᠢᠴᠢ ᠠᠵᠢᠯᠯᠠᠭ᠎ᠠ ᠶᠢᠨ ᠶᠡᠷᠦᠩᠬᠡᠶ ᠲᠥᠰᠦᠯ ᠢ ᠲᠣᠭᠲᠠᠭᠠᠬᠤ ᠵᠢᠴᠢ ᠠᠵᠢᠯᠯᠠᠭ᠎ᠠ ᠶᠢᠨ ᠬᠤᠭᠤᠴᠠᠭᠠᠨ ᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ︔ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯ ᠢ ᠪᠣᠳᠠᠲᠠᠶ ᠰᠣᠯᠢᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠣᠷᠣᠭᠤᠯᠬᠤ ᠶᠢ ᠬᠠᠷᠢᠭᠤᠴᠠᠨ᠎ᠠ︔ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠵᠢᠯᠣᠭᠤᠳᠬᠤ ᠪᠠ ᠳᠡᠮᠵᠢᠬᠦ ᠶᠢ ᠬᠠᠷᠢᠭᠤᠴᠠᠨ᠎ᠠ︔ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠠᠳᠠᠷ ᠮᠤᠵᠢ ᠬᠤᠲᠠ ᠯᠤᠭ᠎ᠠ ᠨᠡᠪᠲᠡᠷᠡᠯᠴᠡᠨ ᠵᠣᠬᠢᠴᠠᠭᠤᠯᠬᠤ ᠶᠢ ᠬᠠᠷᠢᠭᠤᠴᠠᠵᠤ᠂ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠭᠤᠯᠭ᠎ᠠ ᠳᠤ ᠣᠷᠣᠭᠤᠯᠤᠨ᠎ᠠ︔ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠵᠢᠯᠣᠭᠤᠳᠴᠤ ᠦᠢᠯᠡᠴᠢᠯᠡᠬᠦ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠲᠦᠷᠦᠭᠦᠯᠡᠬᠦ ᠨᠢᠭᠡᠴᠡ ᠨᠢ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ ᠡᠭᠦᠷᠭᠡ ᠪᠠᠨ ᠨᠢᠭᠡᠳᠦᠯᠲᠡᠶ ᠲᠥᠯᠥᠪᠯᠡᠨ ᠳᠣᠭᠢᠷᠠᠭᠤᠯᠤᠨ ᠬᠤᠪᠢᠶᠠᠷᠢᠯᠠᠵᠤ᠂ ᠬᠠᠮᠵᠢᠯᠴᠠᠬᠤ ᠨᠢᠭᠡᠴᠡ ᠨᠢ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠠᠵᠢᠯ ᠢ ᠰᠠᠶᠢᠲᠤᠷ ᠬᠢᠵᠦ᠂ ᠬᠤᠰᠢᠭᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠠᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠪᠣᠳᠠᠲᠠᠶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠣᠯᠢᠯᠴᠠᠬᠤ ᠠᠵᠢᠯᠯᠠᠭ᠎ᠠ ᠶᠢ ᠴᠢᠩᠭ᠎ᠠ ᠥᠷᠨᠢᠭᠦᠯᠬᠦ ᠬᠡᠷᠡᠭᠲᠡᠶ᠃      ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢᠨ ᠠᠭᠤᠯᠭ᠎ᠠ ᠨᠢ ᠣᠯᠠᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ᠂ ᠬᠤᠯᠪᠣᠭᠳᠠᠬᠤ ᠬᠥᠮᠦᠨ ᠨᠢ ᠣᠯᠠᠨ ᠪᠣᠯᠬᠤᠷ᠂ ᠵᠣᠬᠢᠬᠤ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠬᠡᠷᠡᠭᠴᠡᠭᠡ ᠲᠠᠢ ᠪᠠᠶᠢᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠰᠣᠯᠢᠯᠴᠠᠭᠠᠨ ᠤ ᠲᠥᠯᠥᠪᠯᠡᠭᠡ︾ ᠶᠢ ᠣᠨ ᠤ ᠠᠵᠢᠯ ᠤᠨ ᠲᠥᠯᠥᠪᠵᠢᠭᠦᠯᠭᠡ ᠪᠠ ᠭᠤᠣᠯᠳᠠᠯᠭ᠎ᠠ ᠲᠠᠢ ᠡᠭᠦᠷᠭᠡ ᠳᠡᠭᠡᠨ ᠣᠷᠣᠭᠤᠯᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠲᠠᠯ᠎ᠠ ᠪᠠᠷ ᠢᠯᠡᠭᠦᠬᠡᠨ ᠬᠠᠷᠠᠭᠠᠯᠵᠠᠯ ᠦᠵᠡᠭᠦᠯᠬᠦ ᠶᠢᠨ ᠬᠠᠮᠲᠤ᠂ ︽ᠰᠣᠯᠢᠯᠴᠠᠭᠠᠨ ᠤ ᠲᠥᠯᠥᠪᠯᠡᠭᠡ︾ ᠶᠢᠨ ᠨᠡᠷᠡᠲᠦ ᠲᠥᠷᠥᠯ ᠲᠡᠮᠳᠡᠭᠲᠦ ᠶᠢ ᠢᠳᠡᠪᠬᠢᠲᠡᠶ ᠪᠠᠷ ᠡᠭᠦᠳᠴᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃       ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠢᠯᠡᠳᠲᠡ ᠦᠷ᠎ᠡ ᠪᠦᠲᠦᠮᠵᠢ ᠶᠢ ᠶᠡᠭᠡ ᠪᠠᠷ ᠤᠬᠠᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠦ᠂ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠨᠡᠨ ᠬᠥᠮᠦᠨ ᠦᠨᠡᠨ ᠶᠠᠪᠤᠳᠠᠯ ᠪᠠ ᠦᠨᠡᠨ ᠰᠡᠳᠬᠢᠯᠭᠡ ᠪᠣᠳᠠᠲᠤ ᠰᠡᠳᠬᠢᠯᠭᠡ ᠪᠠᠷ ᠭᠡᠷ ᠤᠨ ᠠᠬᠠᠮᠠᠳ᠂ ᠪᠠᠭᠰᠢ᠂ ᠬᠠᠮᠲᠤ ᠰᠤᠷᠤᠯᠭᠠᠲᠠᠨ ᠳᠤ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠪᠦᠯᠬᠦᠮᠳᠡᠯ ᠨᠥᠬᠦᠷᠯᠡᠯ ᠬᠠᠷᠢᠯᠴᠠᠨ ᠬᠠᠪᠰᠤᠷᠤᠯᠴᠠᠭᠰᠠᠨ ᠦᠯᠢᠭᠡᠷ ᠢ ᠶᠠᠷᠢᠵᠤ ᠥᠭᠭᠦᠨ᠎ᠡ᠃ ᠰᠣᠩᠭᠤᠨ ᠰᠢᠯᠭᠠᠷᠠᠭᠤᠯᠬᠤ ᠪᠠ ᠤᠬᠠᠭᠤᠯᠤᠨ ᠰᠣᠯᠢᠯᠴᠠᠬᠤ ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠠᠭᠤᠯᠬᠤ ᠠᠳᠠᠯᠢᠳᠬᠠᠬᠤ ᠰᠤᠷᠬᠤ ᠴᠢᠷᠮᠠᠶᠢᠬᠤ ᠬᠠᠪᠰᠤᠷᠬᠤ ᠳᠠᠪᠠᠭ᠋ᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠵᠤ᠂ ᠨᠢᠭᠡ ᠪᠦᠯᠦᠭ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ  ᠪᠦᠷᠢᠯᠳᠦᠬᠦᠯᠦᠨ᠎ᠡ᠃     ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号