ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠦᠨ᠎ᠡ
ᠨᠡᠶᠢᠲᠡᠯᠡᠭᠰᠡᠨ ᠴᠠᠭ᠄
2023/8/11
    —— ᠠᠶᠢᠮᠠᠭ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ ᠢ ᠰᠤᠷᠪᠤᠯᠵᠢᠯᠠᠭᠰᠠᠨ ᠨᠢ    ︽ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠯᠤᠰ ᠬᠡᠲᠦ ᠶᠢ ᠰᠦᠪᠡᠭᠴᠢᠯᠡᠬᠦ ᠮᠥᠷᠲᠡᠭᠡᠨ ᠣᠳᠣᠬᠠᠨ ᠤ ᠠᠵᠢᠯ ᠢ ᠠᠳᠬᠤᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠨᠠᠩ ᠢᠳᠡᠪᠬᠢᠲᠡᠶ᠂ ᠨᠠᠩ ᠰᠢᠨᠵᠢᠯᠡᠬᠦ ᠤᠬᠠᠭᠠᠨᠴᠢ ᠣᠪᠣᠷ ᠢᠶᠠᠷ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ᠎ᠡ᠃︾ ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ  ᠤ ᠵᠢᠷᠭᠤᠳᠤᠭᠠᠷ ᠪᠥᠬᠦᠳᠡ ᠬᠤᠷᠠᠯ  ᠪᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ  ᠤᠨ ᠵᠣᠷᠢᠭ ᠰᠠᠨᠠᠭ᠎ᠠ   ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ  ᠤᠨ ᠲᠣᠪᠴᠢᠶ᠎ᠠ   ᠶᠢᠨ ᠨᠠᠮ  ᠤᠨ ᠳᠤᠭᠤᠶᠢᠯᠠᠩ  ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ ᠲᠤᠰᠬᠠᠶ ᠰᠤᠷᠪᠤᠯᠵᠢᠯᠠᠭ᠎ᠠ  ᠶᠢ ᠬᠦᠯᠢᠶᠡᠪᠡ᠃     ᠲᠥᠪᠰᠢᠨ᠂ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠠᠵᠤ ᠦᠢᠯᠡᠰ ᠤᠨ ᠬᠦᠷᠢᠶᠡᠨ ᠳᠤ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠠᠰᠢᠭᠲᠠᠢ ᠪᠠᠶᠢᠷᠢ ᠶᠢ ᠵᠠᠪᠳᠤᠨ ᠡᠵᠡᠯᠡᠵᠦ᠂ ᠳᠠᠪᠠᠭᠤᠯᠢᠭ ᠠᠷᠭ᠎ᠠ ᠶᠢ ᠰᠢᠨᠡᠴᠢᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠠᠯᠠᠱᠠ ᠠᠭᠤᠯᠠ ᠶᠢ ᠶᠡᠷᠦᠩᠬᠡᠶᠢᠯᠡᠨ ᠵᠠᠰᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠭᠦᠢᠴᠡᠳᠬᠡᠯ ᠲᠤᠭ᠎ᠠ ᠶᠢ ᠠᠷᠠᠯᠵᠢᠶᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷᠭᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠴᠥᠬᠦᠷᠡᠰᠢ ᠦᠭᠡᠢ ᠴᠢᠷᠮᠠᠶᠢᠬᠤ᠂ ᠤᠳᠠᠭᠠᠨ ᠳᠠᠭᠠᠭᠠᠮᠠᠭᠠᠢ ᠲᠡᠮᠡᠴᠡᠬᠦ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠦᠨᠡᠨ ᠪᠣᠳᠠᠲᠠᠢ ᠰᠠᠶᠢᠲᠤᠷ ᠠᠳᠬᠤᠨ᠎ᠠ ᠭᠡᠪᠡ᠃     ᠤᠢ ᠰᠢᠭᠤᠢ ᠨᠣᠳᠤᠭ ᠪᠡᠯᠴᠢᠭᠡᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠣᠨᠣᠪᠴᠢᠳᠠᠢ ᠲᠥᠯᠥᠪᠵᠢᠭᠦᠯᠦᠨ ᠠᠬᠢᠭᠤᠯᠣᠨ᠎ᠠ     ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠬᠤ ᠶᠢᠨ ᠬᠠᠮᠲᠤ  ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠳᠣᠬᠠᠢ ᠠᠯᠠᠱᠠ ᠠᠶᠢᠮᠠᠭ ᠤᠨ ᠠᠵᠢᠯ ᠤᠨ ᠲᠥᠰᠦᠯ︾ ᠪᠣᠯᠤᠨ ︽ᠠᠯᠠᠱᠠ ᠠᠶᠢᠮᠠᠭ ᠤᠨ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠪᠡ᠃ ᠴᠢᠬᠤᠯᠠ ᠶᠡᠭᠡ ᠣᠶ ᠰᠢᠭᠤᠶ  ᠨᠣᠳᠤᠭ ᠪᠡᠯᠴᠢᠭᠡᠷ ᠤᠨ ᠢᠨᠵᠧᠨᠧᠷᠢᠩ ᠢ ᠤᠯᠤᠰ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠳᠤ ᠣᠷᠣᠭᠤᠯᠬᠤ ᠪᠠᠷ ᠵᠣᠬᠢᠴᠠᠭᠤᠯᠤᠨ ᠴᠢᠷᠮᠠᠶᠢᠨ᠎ᠠ᠃ ᠠᠯᠠᠱᠠ ᠠᠶᠢᠮᠠᠭ ᠤᠨ ᠪᠠᠷᠠᠭᠤᠨ ᠬᠡᠰᠡᠭ ᠤᠨ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠢᠨᠵᠧᠨᠧᠷᠢᠩ ᠤᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠦᠷᠭᠦᠯᠵᠢᠯᠡᠨ ᠡᠬᠢᠯᠡᠭᠦᠯᠵᠦ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 26 . 4 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠣᠶᠢᠵᠢᠭᠤᠯᠬᠤ ᠲᠠᠯᠠᠪᠠᠶ 246 . 05 ᠲᠦᠮᠡᠨ ᠮᠥ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠲᠠᠯᠠᠪᠠᠶ 141 . 3 ᠲᠦᠮᠡᠨ ᠮᠥ᠂ ᠬᠥᠮᠦᠨ ᠤ ᠬᠦᠴᠦ ᠪᠠᠷ ᠡᠪᠡᠰᠦ ᠳᠠᠷᠢᠬᠤ ᠲᠠᠯᠠᠪᠠᠶ 164 . 1 ᠲᠦᠮᠡᠨ ᠮᠥ᠂ ᠪᠢᠳᠡᠭᠦᠮᠵᠢᠯᠡᠨ ᠪᠤᠶᠢᠵᠢᠭᠤᠯᠬᠤ ᠲᠠᠯᠠᠪᠠᠶ 69 . 5 ᠲᠦᠮᠡᠨ ᠮᠥ᠂ ᠪᠥᠲᠥᠭᠡᠨ ᠪᠠᠶᠢᠭᠤᠯᠬᠤ ᠬᠤᠭᠤᠴᠠᠭ᠎ᠠ ᠨᠢ 2023—2025 ᠣᠨ ᠪᠣᠯᠤᠨ᠎ᠠ᠃ ᠲᠣᠰ ᠲᠥᠷᠥᠯ ᠵᠦᠢᠯ ᠤᠨ ᠬᠡᠷᠡᠭᠵᠢᠭᠦᠯᠦᠯᠲᠡ ᠨᠢ ᠡᠯᠡᠰᠦ ᠰᠢᠪᠠᠷ ᠤᠨ ᠬᠠᠲᠤᠨ ᠭᠤᠤᠯ ᠳᠤ ᠣᠷᠣᠬᠤ ᠶᠢ ᠬᠤᠷᠢᠭᠯᠠᠬᠤ᠂ ᠬᠠᠲᠤᠨ ᠭᠤᠤᠯ ᠤᠨ ᠳᠤᠤᠷᠠᠳᠤ ᠤᠷᠤᠰᠬᠠᠯ ᠤᠨ ᠴᠢᠬᠤᠯᠠ ᠤᠰᠤᠨ ᠠᠰᠢᠭᠯᠠᠯᠲᠠ ᠶᠢᠨ ᠬᠦᠢᠰᠦ ᠶᠢᠨ ᠬᠡᠷᠡᠭᠯᠡᠬᠦ ᠠᠮᠢ ᠨᠠᠰᠤ ᠶᠢ ᠤᠷᠲᠤᠳᠬᠠᠬᠤ᠂ ᠠᠯᠠᠱᠠ ᠠᠭᠤᠯᠠ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ᠂ ᠡᠷᠬᠢᠨ ᠲᠣᠭᠤᠷᠢᠨ ᠤ ᠬᠤᠲᠠ ᠶᠢᠨ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠠᠮᠢ ᠠᠬᠤᠶ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃     ︽ᠤᠮᠠᠷᠠᠲᠤ ᠶᠢᠨ ᠭᠤᠷᠪᠠᠨ ᠣᠷᠣᠨ︾ ᠤ ᠭᠤᠤᠯᠳᠠᠯᠭ᠎ᠠ ᠲᠠᠢ ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ     ᠬᠠᠲᠤᠨ ᠭᠤᠤᠯ ᠤᠨ ︽几 ᠥᠰᠥᠭ ᠤᠨ ᠲᠣᠬᠤᠶ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠠᠲᠤᠨ ᠭᠤᠤᠯ ᠤᠨ ᠪᠠᠷᠠᠭᠤᠨ ᠬᠤᠩᠭᠢᠯ ᠪᠠᠳᠠᠶ ᠶᠢᠨ ᠵᠢᠷᠠᠨ -— ᠲᠩᠷᠢ —ᠤᠯᠠᠭᠠᠨᠪᠤᠬ᠎ᠠ ᠡᠯᠡᠰᠦᠨ ᠴᠥᠯ ᠤᠨ ᠦᠷᠭᠡᠵᠢᠬᠦ ᠶᠢ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠬᠠᠷᠠᠯᠲᠠ ᠪᠣᠯᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢ ᠢᠳᠡᠪᠬᠢᠲᠡᠶ ᠵᠣᠬᠢᠴᠠᠭᠤᠯᠵᠤ᠂ ᠮᠠᠨ ᠤ ᠠᠶᠢᠮᠠᠭ ᠤᠨ ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠠᠶᠢᠮᠠᠭ ᠢᠶᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃     ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠡᠯᠡᠰᠦ ᠮᠠᠩᠬ᠎ᠠ ᠶᠢ ᠵᠠᠰᠠᠬᠤ ︽ᠠᠯᠠᠱᠠ ᠶᠢᠨ ᠬᠡᠪ ᠵᠠᠭᠪᠤᠷ︾ ᠢ ᠪᠦᠬᠦ ᠤᠯᠤᠰ ᠤᠨ ᠡᠷᠦᠬᠡ ᠪᠣᠯᠭᠠᠨ ᠳᠤ ᠮᠡᠳᠡᠬᠦᠯᠦᠨ᠎ᠡ     ᠲᠦᠷᠦᠭᠦᠬᠡᠨ ᠮᠠᠨ ᠤ ᠠᠶᠢᠮᠠᠭ ᠲᠤ ᠠᠮᠵᠢᠯᠲᠠ ᠲᠠᠢ ᠶᠠᠪᠤᠭᠳᠠᠭᠰᠠᠨ ᠪᠥᠬᠦ ᠤᠯᠤᠰ ᠤᠨ ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠶ ᠶᠢᠨ ᠭᠠᠵᠠᠷ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠠᠵᠤ ᠠᠬᠤᠶ ᠶᠢᠨ ᠲᠥᠪᠯᠡᠷᠡᠯ᠂ ᠡᠷᠴᠢᠮᠵᠢᠭᠦᠯᠦᠯᠲᠡ ᠪᠠᠷ ᠠᠮᠢ ᠠᠬᠤᠶ ᠶᠢᠨ ᠵᠠᠰᠠᠯᠲᠠ ᠶᠢᠨ ᠪᠥᠬᠦ ᠣᠷᠣᠨ ᠪᠦᠰᠡᠵᠢᠯᠲᠡ ᠶᠢ ᠠᠬᠢᠭᠤᠯᠵᠤ᠂ ᠪᠠᠶᠢᠭᠠᠯᠢ ᠲᠠᠢ ᠣᠶᠢᠷᠠᠯᠴᠠᠭ᠎ᠠ ᠠᠷᠭ᠎ᠠ ᠬᠡᠯᠪᠡᠷᠢ ᠪᠠᠷ ᠡᠯᠡᠰᠦᠷᠭᠡᠭᠵᠢᠯ ᠢ ᠵᠠᠰᠠᠬᠤ ᠪᠠ ᠪᠥᠬᠦ ᠨᠡᠶᠢᠭᠡᠮ ᠢᠶᠠᠷ ᠢᠶᠠᠨ  ᠡᠯᠡᠰᠦᠷᠭᠡᠭᠵᠢᠯ ᠢ ᠵᠠᠰᠠᠬᠤ ᠪᠠᠶᠢᠷᠢᠰᠢᠯ ᠵᠡᠷᠭᠡ ︽ᠠᠯᠠᠱᠠ ᠶᠢᠨ ᠵᠠᠭᠪᠤᠷ︾ ᠢ ᠤᠬᠠᠭᠤᠯᠵᠤ᠂ ᠠᠯᠠᠱᠠ ᠶᠢᠨ ᠡᠯᠡᠰᠦ ᠶᠢ ᠵᠠᠰᠠᠭᠰᠠᠨ ᠥᠯᠢᠭᠡᠷ ᠢ ᠰᠠᠶᠢᠲᠤᠷ ᠶᠠᠷᠢᠵᠤ᠂ ︽ᠡᠯᠡᠰᠦ ᠤᠷᠤᠭᠰᠢᠯᠠᠵᠤ ᠬᠥᠮᠦᠨ ᠤᠬᠤᠷᠢᠵᠤ︾ ᠪᠠᠶᠢᠭᠰᠠᠨ ᠠᠴᠠ ᠪᠠᠨ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠡᠨᠡ ᠬᠦ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ᠂ ᠮᠠᠨ ᠤ ᠠᠶᠢᠮᠠᠭ ᠤᠨ ᠪᠣᠳᠠᠲᠠᠶ ᠪᠠᠶᠢᠳᠠᠯ ᠳᠤ ᠨᠡᠶᠢᠴᠡᠭᠰᠡᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠠᠮ ᠢᠶᠠᠷ ᠰᠠᠶᠢᠲᠤᠷ ᠵᠠᠮᠨᠠᠬᠤ ᠪᠣᠯᠤᠨ᠎ᠠ᠃     ᠲᠥᠪᠰᠢᠨ᠂ ᠪᠦᠬᠦ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ ᠠᠯᠠᠱᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠪᠦᠬᠦ ᠣᠷᠣᠨ ᠪᠦᠰᠡ ᠪᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠷᠢᠶ᠎ᠡ ᠪᠦᠬᠦ ᠶᠠᠪᠤᠴᠠ ᠪᠠᠷ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠢᠨᠵᠧᠨᠧᠷᠢᠩ ᠢ ᠨᠢᠮᠪᠠᠢ ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠬᠥᠮᠦᠨ ᠤ ᠬᠦᠴᠦ ᠪᠠᠷ ᠡᠪᠡᠰᠦ ᠲᠠᠷᠢᠬᠤ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠠᠮᠵᠢᠯᠴᠠᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号