ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ ︽ᠠᠯᠠᠱᠠ ᠶᠢᠨ ᠵᠠᠭᠪᠤᠷ︾᠎ ᠤᠨ ᠨᠡᠶᠢᠲᠡᠯᠢᠭ ᠲᠤᠷᠰᠢᠯᠭ᠎ᠠ ᠶᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2023/8/14
    —— ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠶᠢ ᠰᠤᠷᠪᠤᠯᠵᠢᠯᠠᠭᠰᠠᠨ ᠨᠢ    ︽ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠦ᠂ ᠣᠨᠣᠪᠴᠢᠲᠠᠶ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠡᠷᠴᠢᠮ ᠢᠶᠠᠨ ᠨᠡᠮᠡᠭᠳᠡᠬᠦᠯᠵᠦ᠂ ᠨᠢᠭᠡ ᠪᠦᠯᠦᠭ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠳᠤᠲᠠᠭᠤᠳᠠᠯ ᠢ ᠨᠥᠬᠦᠪᠥᠷᠢᠯᠡᠵᠦ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠰᠠᠶᠢᠨ ᠲᠥᠷᠥᠯ ᠵᠦᠢᠯ᠂ ᠲᠤᠮᠤ ᠵᠦᠢᠯᠡᠰ ᠢ ᠰᠢᠰᠲ᠋ᠧᠮ ᠲᠠᠢ ᠳᠦᠯᠦᠪᠵᠢᠬᠦᠯᠦᠨ᠂ ᠲᠡᠷᠢᠭᠦᠨ ᠤ ᠥᠨᠳᠥᠷ ᠳᠠᠭᠠᠭᠠᠴᠠᠲᠤ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠨᠠᠷᠢᠯᠢᠭ ᠣᠨᠣᠪᠴᠢᠲᠠᠶ ᠥᠨᠳᠥᠷ ᠪᠦᠲᠦᠮᠵᠢᠲᠡᠶ ᠦᠷᠨᠢᠬᠦᠯᠦᠨ᠂ ᠠᠯᠠᠱᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃︾ ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃    ᠯᠢᠦ ᠰᠢᠶᠠᠨ ᠳ᠋ᠧ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ ᠭᠡᠪᠡ᠃    ᠠᠷᠭ᠎ᠠ ᠰᠦᠪᠡᠭᠴᠢᠯᠡᠨ ᠪᠠᠶᠢᠷᠢᠯᠠᠭᠤᠯᠬᠤ ᠶᠢ ᠴᠢᠩᠭᠠᠳᠬᠠᠵᠤ ᠲᠥᠷᠥᠯ ᠵᠦᠢᠯ ᠤᠨ ᠨᠥᠭᠡᠴᠡ ᠶᠢ ᠯᠠᠪᠳᠠᠭᠤᠨ ᠪᠠᠲᠤᠲᠠᠶ ᠠᠬᠢᠭᠤᠯᠤᠨ᠎ᠠ      ᠡᠨᠡ ᠵᠢᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ︽ᠠᠯᠠᠱᠠ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠨᠢᠭᠡᠳᠦᠭᠡᠷ ᠪᠦᠯᠦᠭ ᠢ ᠨᠥᠭᠡᠴᠡᠯᠡᠬᠦ ᠨᠠᠷᠢᠨ ᠲᠠᠩᠰᠠ︾᠎ ᠶᠢ ᠡᠮᠬᠢᠯᠡᠨ ᠬᠤᠷᠢᠶᠠᠩᠭᠤᠶᠢᠯᠠᠵᠤ᠂ ᠲᠦᠷᠦᠭᠦᠦ ᠪᠦᠯᠦᠭ ᠨᠥᠭᠡᠴᠡᠯᠡᠬᠦ ᠲᠥᠷᠥᠯ ᠵᠦᠢᠯ ᠤᠨ ᠨᠠᠷᠢᠨ ᠲᠠᠩᠰᠠ 161᠂ ᠶᠡᠷᠦᠩᠬᠡᠶ ᠪᠠᠯᠠ ᠣᠷᠣᠭᠤᠯᠤᠯᠲᠠ 2877 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠤ ᠬᠠᠮᠲᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠯᠠᠨᠪᠤᠯᠠᠭ ᠪᠣᠬᠢᠷᠲᠤᠯ ᠥᠬᠡᠶ ᠴᠠᠬᠢᠯᠭᠠᠨ ᠢ ᠣᠷᠣᠨ ᠤ ᠳᠣᠲᠣᠨ᠎ᠠ ᠭᠠᠳᠠᠨ᠎ᠠ ᠬᠦᠷᠭᠡᠬᠦ ᠰᠠᠭᠤᠷᠢᠨ ᠭᠠᠵᠠᠷ᠂ 400 ᠲᠦᠮᠡᠨ ᠮᠥ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠠᠰᠢᠭᠯᠠᠬᠤ᠂ ᠪᠠᠶᠠᠨᠬᠤᠲᠠ ᠠᠴᠠ ᠳᠡᠷᠡᠰᠦᠨ ᠬᠥᠷᠬᠦ ᠲᠡᠮᠦᠷ ᠵᠠᠮ ᠵᠡᠷᠭᠡ ᠲᠥᠷᠥᠯ ᠵᠦᠢᠯ ᠢ ᠤᠯᠤᠰ ᠤᠨ ︽ᠢᠵᠢ ᠲᠥᠷᠥ ᠶᠢᠨ ᠪᠣᠳᠣᠯᠭ᠎ᠠ ︾᠂ ︽ᠲᠥᠷᠥᠯ ᠵᠦᠢᠯ ᠤᠨ ᠬᠥᠮᠥᠷᠭᠡ︾᠎ ᠳᠤ ᠣᠷᠣᠭᠤᠯᠬᠤ ᠪᠠᠷ ᠴᠢᠷᠮᠠᠶᠢᠨ᠎ᠠ᠃ ᠪᠦᠬᠦ ᠠᠶᠢᠮᠠᠭ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ ︽ᠠᠯᠤᠰ ᠤᠨ ᠲᠥᠯᠥᠪ ᠵᠢᠷᠤᠭ︾᠎ ᠢ ᠦᠨᠳᠦᠰᠦᠯᠡᠨ᠂ ᠲᠡᠷᠢᠭᠦᠨ ᠤ ᠥᠨᠳᠥᠷ ᠳᠠᠭᠠᠭᠠᠴᠠ ᠲᠠᠢ ᠡᠨᠧᠷᠭᠢ ᠪᠠ ᠳᠣᠣᠷ᠎ᠠ ᠭᠠᠳᠠᠭᠰᠢᠯᠠᠭᠤᠯᠤᠯᠲᠠ ᠲᠠᠢ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠬᠤ ᠪᠠᠷ ᠲᠣᠬᠢᠶᠠᠯ ᠪᠣᠯᠭᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠦ ᠶᠢᠨ ᠪᠣᠳᠣᠯᠭ᠎ᠠ ᠳᠤ ᠨᠡᠶᠢᠴᠡᠭᠰᠡᠨ᠂ ᠮᠠᠨ ᠤ ᠠᠶᠢᠮᠠᠭ ᠤᠨ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ᠂ ᠪᠣᠬᠢᠷᠲᠤᠯ ᠦᠭᠡᠢ ᠴᠠᠬᠢᠯᠭᠠᠨ ᠢ ᠣᠷᠣᠭᠤᠯᠤᠨ ᠠᠪᠴᠢᠷᠠᠬᠤ ᠱᠠᠭᠠᠷᠳᠠᠯᠭ᠎ᠠ ᠳᠤ ᠨᠡᠶᠢᠴᠡᠭᠰᠡᠨ ᠨᠢᠭᠡ ᠪᠦᠯᠦᠭ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠬᠤ ᠪᠠ ᠣᠷᠣᠭᠤᠯᠤᠨ ᠠᠪᠴᠢᠷᠠᠵᠤ᠂ ᠮᠠᠨ ᠤ ᠠᠶᠢᠮᠠᠭ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠥᠷᠢᠯᠡᠨ᠎ᠡ᠃    ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ    ᠣᠷᠴᠢᠮ ᠤᠨ ᠵᠢᠯ᠂ ᠮᠠᠨ ᠤ ᠠᠶᠢᠮᠠᠭ ︽ᠪᠥᠬᠦ ᠤᠯᠤᠰ ᠤᠨ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶ ᠲᠥᠯᠥᠪᠵᠢᠭᠦᠯᠭᠡ ︵2021—2035 ᠣᠨ︶︾ ᠪᠣᠯᠤᠨ ︽ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2021—2035 ᠣᠨ︶︾᠎ ᠶᠢ ᠵᠠᠪᠳᠤᠵᠤ᠂ ︽ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ︾ ᠴᠢᠬᠤᠯᠠ ᠶᠡᠭᠡ ᠠᠵᠠ ᠲᠣᠬᠢᠶᠠᠯ ᠢ ᠳᠣᠷᠠᠳᠴᠦ᠂ ᠮᠠᠨ ᠤ ᠠᠶᠢᠮᠠᠭ ᠤᠨ ᠭᠤᠷᠪᠠᠨ ᠬᠤᠰᠢᠭᠤᠨ ᠤ ᠪᠦᠬᠦ ᠣᠷᠣᠨ ᠪᠦᠰᠡ ᠪᠠᠷ ᠵᠠᠰᠠᠯᠲᠠ ᠶᠢᠨ ᠨᠢᠭᠡᠴᠡ ᠪᠣᠯᠭᠠᠵᠦ᠂ ᠪᠠᠳᠠᠶ ᠎ ᠶᠢᠨ ᠵᠢᠷᠠᠨ᠂ ᠲᠩᠷᠢ᠂ ᠣᠯᠠᠭᠠᠠᠪᠣᠬ᠎ᠠ ᠶᠢᠨ ᠭᠤᠷᠪᠠᠨ ᠶᠡᠭᠡ ᠡᠯᠡᠰᠦᠨ ᠴᠥᠯ ᠵᠢᠴᠢ ᠬᠠᠳᠤᠨ ᠭᠤᠤᠯ᠂ ᠬᠠᠷ᠎ᠠ ᠭᠤᠤᠯ ᠤᠨ ᠬᠤᠶᠠᠷ ᠭᠤᠤᠯ ᠤᠨ ᠰᠠᠪᠠ ᠭᠠᠵᠠᠷ ᠢ ᠵᠠᠰᠠᠬᠤ ᠪᠠᠷ ᠭᠤᠤᠯᠳᠠᠯᠭ᠎ᠠ ᠪᠣᠯᠭᠠᠵᠦ᠂ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠎ ᠤᠨ ᠢᠨᠵᠧᠨᠧᠷᠢᠩ ᠢ ᠭᠤᠶᠤᠴᠢᠯᠠᠨ ᠮᠡᠳᠡᠭᠦᠯᠵᠦ ᠭᠡᠷᠡᠭᠵᠢᠬᠦᠯᠦᠨ᠂ ᠶᠡᠷᠦᠩᠬᠡᠢ ᠪᠡᠯᠡ ᠣᠷᠣᠭᠤᠯᠤᠯᠲᠠ 4 . 97 ᠳ᠋ᠦᠩᠰᠢᠭᠤᠷ ᠲᠥᠭᠦᠷᠢᠭ᠂ ᠪᠥᠲᠥᠭᠡᠨ ᠪᠠᠶᠢᠭᠤᠯᠬᠤ ᠬᠤᠭᠤᠴᠠᠭ᠎ᠠ ᠨᠢ 2022—2023 ᠣᠨ ᠪᠣᠯᠤᠨ᠎ᠠ᠂ ᠣᠳᠣᠬᠠᠨ ᠪᠣᠯᠲᠠᠯ᠎ᠠ ᠠᠮᠢ ᠠᠬᠤᠶ ᠶᠢᠨ ᠬᠠᠮᠠᠭᠠᠯᠠᠯᠲᠠ ᠪᠣᠯᠤᠨ ᠪᠦᠲᠦᠭᠡᠨ ᠪᠠᠶᠢᠭᠤᠯᠤᠯᠲᠠ ᠨᠡᠯᠢᠶᠡᠳ ᠰᠠᠶᠢᠨ ᠦᠷ᠎ᠡ ᠪᠦᠲᠦᠮᠵᠢ ᠣᠯᠵᠠᠶ᠃ ᠡᠨᠡ ᠵᠢᠯ᠂ ᠮᠠᠨ ᠤ ᠠᠶᠢᠮᠠᠭ ᠦᠷᠭᠦᠯᠵᠢᠯᠡᠨ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠢᠨᠵᠧᠨᠧᠷᠢᠩ ᠢ ᠭᠤᠶᠤᠴᠢᠯᠠᠨ ᠮᠡᠳᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 28 . 34 ᠳ᠋ᠦᠩᠰᠢᠭᠤᠷ ᠲᠥᠭᠦᠷᠢᠭ ᠲᠤ ᠬᠦᠷᠴᠦ᠂ ᠪᠥᠲᠥᠭᠡᠨ ᠪᠠᠶᠢᠭᠤᠯᠬᠤ ᠬᠤᠭᠤᠴᠠᠭ᠎ᠠ ᠨᠢ 2023— 2025 ᠣᠨ ᠪᠣᠯᠤᠨ᠎ᠠ᠂ ᠡᠭᠦᠨ ᠳᠤ 26 . 44 ᠳ᠋ᠦᠩᠰᠢᠭᠤᠷ ᠲᠥᠭᠦᠷᠢᠭ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠪᠠ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠤᠰᠬᠠᠶ ᠪᠠᠯᠠ ᠮᠥᠩᠭᠦ ᠪᠣᠯᠤᠨ᠎ᠠ᠃    ᠣᠳᠣᠬᠠᠨ ᠳᠤ᠂ ᠲᠥᠷᠥᠯ ᠵᠦᠢᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠵᠥᠪᠰᠢᠶᠡᠷᠡᠭᠦᠯᠦᠭᠡᠳ᠂ ᠡᠳᠦᠭᠡ ᠨᠢᠭᠡᠨᠲᠡ ᠪᠦᠬᠦ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠥᠪ ᠤᠨ ᠲᠥᠰᠦᠪ ᠤᠨ ᠳᠣᠲᠣᠷᠠᠬᠢ ᠨᠥᠭᠡᠴᠡᠯᠡᠬᠦ ᠲᠥᠷᠥᠯ ᠵᠦᠢᠯ ᠳᠤ ᠵᠢᠭᠰᠠᠭᠠᠨ ᠣᠷᠣᠭᠤᠯᠪᠠ᠃ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ᠲᠦᠷᠦᠯ ᠵᠦᠢᠯ ᠤᠨ ᠬᠡᠷᠡᠭᠵᠢᠭᠦᠯᠦᠯᠲᠡ ᠨᠢ ᠠᠯᠠᠱᠠ ᠶᠢᠨ ︽ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ︾ ᠪᠣᠯᠬᠤ ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠪᠠᠷᠠᠭᠤᠨ ᠬᠤᠶᠢᠲᠤ ᠶᠢᠨ ᠠᠮᠢ ᠠᠬᠤᠢ ᠪᠣᠯᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠡᠯᠡᠰᠦ ᠰᠢᠪᠠᠷ ᠬᠠᠳᠤᠨ ᠭᠤᠣᠯ ᠳᠤ ᠤᠷᠤᠰᠤᠨ ᠣᠷᠣᠵᠤ ᠭᠤᠣᠯ ᠤᠨ ᠭᠤᠯᠳᠤᠷᠢᠯ ᠪᠦᠷᠢᠯᠳᠦᠬᠦ ᠶᠢ ᠬᠤᠷᠢᠭᠯᠠᠵᠤ᠂ ᠲᠤᠤᠷᠠᠳᠦ ᠤᠷᠤᠰᠬᠠᠯ ᠤᠨ ᠴᠢᠬᠤᠯᠠ ᠤᠰᠤᠨ ᠠᠰᠢᠭᠯᠠᠯᠲᠠ ᠶᠢᠨ ᠬᠦᠢᠰᠦ ᠶᠢᠨ ᠬᠡᠷᠡᠭᠯᠡᠯᠲᠡ ᠶᠢᠨ ᠠᠮᠢ ᠨᠠᠰᠤ ᠶᠢ ᠤᠷᠲᠤᠳᠬᠠᠵᠤ᠂ ᠬᠠᠳᠤᠨ ᠭᠤᠣᠯ ᠳᠠᠭᠠᠤ ᠶᠢᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠠᠮᠢ ᠠᠬᠤᠢ ᠶᠢᠨ ᠰᠠᠭᠤᠷᠢ ᠶᠢ ᠲᠠᠯᠪᠢᠵᠤ ᠥᠭᠬᠦ ᠪᠣᠯᠤᠨ᠎ᠠ᠃    ᠪᠥᠬᠦ ᠤᠯᠤᠰ ᠤᠨ ᠴᠢᠨᠠᠷᠲᠠᠶ ᠬᠤᠷᠠᠯ ᠢ ᠢᠳᠡᠪᠬᠢᠲᠡᠶ ᠳᠠᠭᠠᠭᠠᠨ ᠡᠷᠭᠢᠯᠡᠵᠦ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠠ    7 ᠳ᠋ᠤᠭᠠᠷ ᠰᠠᠷ᠎ᠠ ᠶᠢᠨ 27᠎ ᠤ ᠡᠳᠦᠷ ᠠᠴᠠ 28᠎ ᠤ ᠡᠳᠦᠷ ᠪᠣᠯᠲᠠᠯ᠎ᠠ᠂ ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠶ ᠶᠢᠨ ᠭᠠᠵᠠᠷ ᠤᠨ ᠬᠤᠷᠠᠯ ᠢ ᠮᠠᠨ ᠤ ᠠᠶᠢᠮᠠᠭ ᠲᠤ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠦᠳᠡᠭᠡ ᠠᠵᠤ ᠠᠬᠤᠢ ᠶᠢᠨ ᠵᠤᠷᠭᠠᠨ᠂ ᠤᠯᠤᠰ ᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠯᠥᠪᠵᠢᠭᠦᠯᠪᠡ ᠡᠳ᠋ ᠤᠨ ᠶᠠᠪᠤᠳᠠᠯ ᠤᠨ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠬᠡᠳᠭᠡᠯ ᠠᠷᠮᠢ ᠵᠢᠴᠢ ᠲᠤᠰᠠᠭᠠᠷ ᠲᠥᠯᠥᠪᠯᠡᠭᠡᠲᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠴᠢᠬᠤᠯᠠ ᠶᠡᠭᠡ ᠲᠥᠷᠥᠯ ᠵᠦᠢᠯ ᠤᠨ ᠨᠢᠭᠡᠴᠡ ᠨᠦᠭᠦᠳ ᠬᠤᠷᠠᠯ ᠳᠤ ᠣᠷᠣᠯᠴᠠᠵᠤ᠂ ᠡᠯ᠎ᠡ ᠭᠠᠵᠠᠷ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠣᠯᠤᠭᠰᠠᠨ ᠰᠢᠨ᠎ᠡ ᠦᠷ᠎ᠡ ᠪᠦᠲᠦᠮᠵᠢ᠂ ᠰᠢᠨ᠎ᠡ ᠲᠤᠷᠰᠢᠯᠭ᠎ᠠ ᠶᠢ ᠰᠣᠯᠢᠯᠴᠠᠨ ᠳᠡᠯᠭᠡᠷᠡᠭᠦᠯᠪᠡ᠃ ᠮᠠᠨ ᠤ ᠠᠶᠢᠮᠠᠭ ᠤᠨ ᠬᠢᠨ ᠡᠨᠡ ᠤᠳᠠᠭ᠎ᠠ ᠶᠢᠨ ᠬᠤᠷᠠᠯ ᠳᠡᠭᠡᠷ᠎ᠡ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠢᠳᠡᠪᠬᠢᠲᠡᠶ ᠦᠷ᠎ᠡ ᠪᠦᠲᠦᠮᠵᠢ ᠪᠣᠯᠤᠨ ᠲᠤᠷᠰᠢᠯᠭ᠎ᠠ ᠬᠢᠳᠡᠯ ᠢ ᠶᠡᠭᠡ ᠪᠠᠷ ᠤᠬᠠᠭᠤᠯᠵᠤ᠂ ᠴᠦᠯᠯᠡᠷᠭᠡᠭᠵᠢᠯ ᠢ ᠵᠠᠰᠠᠬᠤ ︽ᠠᠯᠠᠱᠠ ᠶᠢᠨ ᠵᠠᠭᠪᠤᠷ︾᠎ ᠢ ᠳᠡᠯᠭᠡᠷᠡᠭᠦᠯᠵᠦ᠂ ᠨᠠᠩ ᠣᠯᠠᠨ ᠡᠬᠢ ᠪᠠᠶᠠᠯᠢᠭ ᠪᠣᠯᠤᠨ ᠬᠦᠴᠦᠨ ᠴᠢᠳᠠᠯ ᠢ ᠨᠢᠭᠲᠠᠷᠠᠭᠤᠯᠤᠨ ᠮᠠᠨ ᠤ ᠠᠶᠢᠮᠠᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠪᠣᠬᠢᠷᠲᠤᠯ ᠥᠬᠡᠶ ᠨᠣᠮᠢᠨ ᠨᠣᠭᠤᠭᠠᠨ ᠪᠦᠰᠡ ᠶᠢ ᠪᠠᠲᠤ ᠴᠣᠭᠴᠠᠯᠠᠬᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠵᠣᠷᠢᠯᠲᠠ ᠪᠠᠨ ᠪᠣᠯᠭᠠᠪᠠ᠃    ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠤᠨ᠎ᠠ    ᠠᠶᠢᠮᠠᠭ ᠤᠨ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ᠢ ᠦᠨᠳᠦᠰᠦᠯᠡᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠨᠵᠧᠨᠧᠷᠢᠩ ᠢ ᠰᠢᠰᠲ᠋ᠧᠮ ᠲᠠᠢ ᠲᠥᠯᠥᠪᠵᠢᠭᠦᠯᠵᠦ᠂ ᠲᠥᠷᠥᠯ ᠵᠦᠢᠯ ᠤᠨ ᠪᠠᠯᠠ ᠮᠥᠩᠭᠦᠨ ᠤ ᠳᠣᠬᠠᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠣᠳᠣᠬᠠᠨ ᠳᠤ ᠮᠠᠨ ᠤ ᠠᠶᠢᠮᠠᠭ ᠤᠨ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠶᠢᠨ ᠨᠠᠷᠢᠨ ᠬᠠᠭᠤᠳᠠᠰᠤ ᠳᠤ ᠵᠢᠭᠰᠠᠭᠠᠭᠳᠠᠭᠰᠠᠨ 32 ᠲᠥᠷᠥᠯ ᠵᠦᠢᠯ ᠢ ᠢᠳᠡᠪᠬᠢᠲᠡᠶ ᠵᠣᠯᠭᠠᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠨᠠᠷᠢᠨ ᠨᠢᠮᠪᠠᠶ ᠲᠥᠯᠥᠪᠵᠢᠭᠦᠯᠵᠦ᠂ ᠰᠠᠷ᠎ᠠ ᠪᠠᠷ ᠠᠬᠢᠴᠠ ᠶᠢᠨ ᠪᠠᠶᠢᠳᠠᠯ ᠢ ᠲᠣᠬᠢᠷᠠᠭᠤᠯᠵᠤ᠂ ᠨᠠᠩ ᠣᠯᠠᠨ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠵᠦ ᠪᠠᠶᠢᠭᠠᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠯᠠᠱᠠ ᠶᠢᠨ ᠬᠤᠪᠢ ᠨᠡᠮᠡᠷᠢ ᠶᠢ ᠦᠵᠡᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号