ᠪᠦᠭᠦ ᠣᠷᠣᠨ ᠤ ︽ᠭᠡᠰᠢᠭᠦᠳ ᠤᠨ ᠡᠲᠡᠭᠡᠳ ᠢᠯᠭᠠᠯ ᠣᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠦᠨᠳᠦᠰᠦᠨ ᠱᠠᠲᠤᠨ ᠤ ᠵᠥᠪᠯᠡᠯᠭᠡ ᠬᠢᠬᠦ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ︾ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/15
    8 ᠰᠠᠷ᠎ᠠ ᠶᠢᠨ 12 ᠤᠨ ᠡᠳᠦᠷ᠂ ᠪᠦᠭᠦ ᠣᠷᠣᠨ ᠤ ︽ᠭᠡᠰᠢᠭᠦᠳ ᠤᠨ ᠡᠲᠡᠭᠡᠳ ᠢᠯᠭᠠᠯ ᠤᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠦᠨᠳᠦᠰᠦᠨ ᠱᠠᠲᠤᠨ ᠤ ᠵᠥᠪᠯᠡᠯᠭᠡ ᠬᠢᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ︾ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠤᠯᠠᠭᠠᠨᠬᠠᠳᠠ ᠬᠤᠳᠠ ᠳᠤ ᠬᠤᠷᠠᠯᠳᠤᠪᠠ᠃     ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠥᠸᠧ ᡁᠢ ᠬᠤ᠋ ᠬᠤᠷᠠᠯ ᠢ ᠡᠷᠭᠢᠯᠡᠪᠡ᠃ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠬᠡᠰᠡᠭ ᠬᠤᠰᠢᠭᠤ ᠰᠢᠶᠠᠨ︵ᠬᠤᠲᠠ ᠲᠣᠭᠤᠷᠢᠭ︶ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭᠠᠲᠠᠨ ᠨᠥᠬᠦᠳ ᠲᠤᠷᠰᠢᠯᠭ᠎ᠠ ᠪᠠᠨ ᠰᠣᠯᠢᠯᠴᠠᠵᠤ ᠦᠭᠡ ᠬᠡᠯᠡᠪᠡ᠃     8 ᠰᠠᠷ᠎ᠠ ᠶᠢᠨ 9 ᠠᠴᠠ 12 ᠤᠨ ᠡᠳᠦᠷ ᠪᠤᠯᠲᠠᠯ᠎ᠠ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠳᠤ ᠬᠦᠷᠴᠦ᠂ ᠲᠠᠨᠢᠯᠴᠠᠭᠤᠯᠭ᠎ᠠ ᠶᠢ ᠰᠣᠨᠣᠰᠤᠨ ᠥᠪᠡᠷᠮᠢᠴᠡ ᠣᠨᠴᠠᠯᠢᠭ ᠢ ᠰᠣᠨᠢᠷᠬᠠᠬᠤ᠂ ᠲᠤᠬᠠᠢ ᠶᠢᠨ ᠲᠠᠯᠠᠪᠠᠶ ᠳᠤ ᠦᠷ᠎ᠡ ᠪᠦᠲᠦᠭᠡᠯ ᠢ ᠲᠣᠭᠤᠷᠢᠨ ᠦᠵᠡᠬᠦ ᠠᠷᠭ᠎ᠠ ᠭᠡᠯᠪᠡᠷᠢ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠦᠨᠳᠦᠰᠦᠨ ᠱᠠᠲᠤᠨ ᠤ ᠵᠥᠪᠯᠡᠯᠭᠡ ᠬᠢᠬᠦ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠲᠠᠯ᠎ᠠ ᠶᠢᠨ ᠲᠤᠷᠰᠢᠯᠭ᠎ᠠ ᠬᠢᠳᠡᠯ ᠢ ᠨᠠᠷᠢᠨ ᠣᠶᠢᠯᠠᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号