ᠲᠦᠷᠦ ᠶᠢᠨ ᠶᠠᠪᠤᠳᠠᠯ ᠤᠨ ᠬᠤᠷᠢᠶ᠎ᠠ ︽ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠲᠠᠲᠠᠬᠤ ᠡᠷᠴᠢᠮ ᠢ ᠴᠢᠩᠭᠠᠷᠠᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/8/16
    ᠲᠦᠷᠦ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠲᠠᠲᠠᠬᠤ ᠡᠷᠴᠢᠮ ᠢ ᠴᠢᠩᠭᠠᠷᠠᠭᠤᠯᠬᠤ ᠲᠤᠬᠠᠢ ᠰᠠᠨᠠᠯ︾  ︵ᠳᠣᠷᠣᠭᠰᠢ  ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠮᠠᠨ ᠤ ᠤᠯᠤᠰ ᠤᠨ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠩ ᠶᠡᠭᠡ ᠡᠷᠴᠢᠮ ᠲᠠᠢ᠂ ᠨᠡᠩ ᠪᠦᠲᠦᠮᠵᠢᠲᠡᠢ ᠪᠠᠷ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠲᠠᠲᠠᠬᠤ ᠪᠠ ᠠᠰᠢᠭᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃     ︽ᠰᠠᠨᠠᠯ︾ ᠳᠤ 6 ᠲᠠᠯ᠎ᠠ ᠶᠢᠨ 24 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠤ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠱᠠᠲᠤᠯᠢᠭ ᠰᠢᠯᠵᠢᠯᠲᠡ ᠶᠢ ᠳᠡᠮᠵᠢᠵᠦ᠂ ᠭᠠᠳᠠᠭᠠᠳᠤ ᠪᠡᠯᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠢᠷᠭᠡᠨ ᠤ ᠬᠠᠷᠠᠭᠠᠯᠵᠠᠯ ᠢ ᠪᠠᠲᠤᠯᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠣᠷᠤᠯᠴᠠᠬᠤ ᠶᠢ ᠪᠠᠲᠤᠯᠠᠵᠤ᠂ ᠪᠠᠷᠢᠮᠵᠢᠶ᠎ᠠ ᠲᠣᠭᠲᠠᠭᠠᠬᠤ ᠠᠵᠢᠯ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠤᠯᠴᠠᠬᠤ ᠶᠢ ᠳᠡᠮᠵᠢᠵᠦ᠂ ᠳᠡᠮᠵᠢᠬᠦ ᠲᠥᠷᠥ ᠶᠢᠨ ᠪᠣᠳᠣᠯᠭ᠎ᠠ ᠶᠢ ᠡᠷᠬᠡ ᠲᠡᠭᠰᠢ ᠪᠠᠷ ᠭᠦᠷᠳᠡᠭᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠮᠡᠳᠡᠯᠭᠡ ᠶᠢᠨ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠂ ᠮᠡᠳᠡᠯᠭᠡ ᠶᠢᠨ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠭᠠᠳᠠᠭᠠᠳᠤ ᠳᠤ ᠬᠤᠯᠪᠣᠭᠳᠠᠬᠤ ᠠᠵᠤ ᠠᠬᠤᠢ ᠠᠷᠠᠯᠵᠢᠶᠠᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠵᠢᠷᠤᠮᠵᠢᠭᠤᠯᠤᠨ᠎ᠠ᠃ ᠳᠥᠷᠪᠡ ᠳᠤ᠂ ᠪᠡᠯᠡ ᠣᠷᠣᠭᠤᠯᠤᠯᠲᠠ ᠡᠵᠡᠩᠨᠡᠯᠲᠡ ᠶᠢᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠶᠢᠨ ᠬᠠᠷᠢᠶ᠎ᠠ ᠲᠠᠢ ᠠᠵᠢᠯᠲᠠᠨ ᠠᠵᠢᠯᠴᠢᠨ ᠤ ᠳᠠᠮᠵᠢᠨ ᠥᠩᠭᠡᠷᠡᠬᠦ ᠣᠷᠣᠰᠢᠨ ᠰᠠᠭᠤᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ ᠠᠮᠤᠷ ᠲᠦᠪᠰᠢᠨ ᠤ ᠬᠠᠮᠢᠶᠠᠷᠤᠯᠲᠠ ᠶᠢᠨ ᠳᠥᠭᠦᠮ ᠳᠥᠲᠡ ᠲᠣᠭᠲᠠᠴᠠ ᠶᠢ ᠰᠦᠪᠡᠭᠴᠢᠯᠡᠨ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠲᠠᠪᠤ ᠳᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠲᠠᠭᠢᠨ ᠪᠡᠯᠡ ᠣᠷᠣᠭᠤᠯᠬᠤ ᠶᠢ ᠵᠣᠷᠢᠭᠵᠢᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠠᠴᠠ ᠬᠥᠭᠵᠢᠭᠦᠯᠬᠦ ᠶᠢ ᠵᠣᠷᠢᠭᠵᠢᠭᠤᠯᠵᠤ ᠪᠠᠶᠢᠭ᠎ᠠ ᠬᠦᠷᠢᠶᠡᠨ ᠳᠤ ᠪᠡᠯᠡ ᠣᠷᠣᠭᠤᠯᠬᠤ ᠶᠢ ᠲᠡᠮᠵᠢᠨ᠎ᠠ᠃ ᠵᠢᠷᠭᠤᠭ᠎ᠠ ᠳᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠠᠷᠭ᠎ᠠ ᠭᠡᠯᠪᠡᠷᠢ ᠶᠢ ᠲᠡᠭᠦᠯᠳᠡᠷᠵᠢᠭᠦᠯᠦᠨ᠎ᠡ᠃ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠬᠢᠭᠤᠯᠬᠤ ᠠᠵᠢᠯ ᠳᠤ ᠲᠥᠭᠦᠮ ᠦᠵᠡᠭᠦᠯᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠠᠷᠭ᠎ᠠ ᠵᠠᠮ ᠢ ᠥᠷᠭᠡᠳᠬᠡᠨ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠦᠨᠡᠯᠡᠯᠲᠡ ᠶᠢ ᠰᠢᠯᠢᠳᠡᠭᠵᠢᠭᠦᠯᠦᠨ᠎ᠡ᠃     ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠬᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠢᠵᠢ ᠲᠥᠬᠦᠷ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠦᠢᠯᠡᠳᠦᠯ ᠢ ᠴᠢᠩᠭᠠᠷᠠᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠲᠠᠢ ᠬᠠᠮᠲᠤᠷᠠᠨ ᠵᠢᠯᠣᠭᠤᠳᠤᠯᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠭᠠᠳᠠᠭᠠᠳᠤ ᠶᠢᠨ ᠪᠡᠯᠡ ᠣᠷᠣᠭᠤᠯᠤᠭᠴᠢᠳ ᠲᠤ ᠨᠠᠩ ᠰᠢᠯᠢᠳᠡᠭᠵᠢᠭᠰᠡᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠢᠲᠡᠭᠡᠯ ᠢ ᠪᠦᠲᠦᠮᠵᠢᠲᠡᠶ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号