—— ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠯᠦᠸᠧ ᠰᠢᠶᠣᠤ ᠴᠦᠨ ᠢ ᠰᠤᠷᠪᠤᠯᠵᠢᠯᠠᠭᠰᠠᠨ ᠨᠢ | | ︽ᠪᠥᠬᠦ ᠠᠶᠢᠮᠠᠭ ᠤᠨ ᠤᠰᠤᠨ ᠤ ᠶᠠᠪᠤᠳᠠᠯ ᠤᠨ ᠰᠢᠰᠲ᠋ᠧᠮ ᠤᠨ ᠬᠢᠨ ᠮᠠᠨ ᠤ ᠠᠶᠢᠮᠠᠭ ᠤᠨ ᠪᠣᠳᠠᠲᠤ | ᠪᠠᠶᠢᠳᠠᠯ ᠳᠤ ᠰᠠᠭᠤᠷᠢᠯᠠᠨ᠂ ︿ᠤᠰᠤ ᠪᠠᠷ ᠳᠦᠷᠪᠡ ᠶᠢ ᠲᠣᠭᠲᠠᠭᠠᠬᠤ﹀ ᠵᠠᠷᠴᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠥᠷᠪᠡᠨ ᠲᠠᠯ᠎ᠠ ᠠᠴᠠ ︿ᠤᠰᠤᠨ ᠤ ᠬᠦᠴᠢᠷᠳᠡᠯ﹀ ᠤᠨ ᠬᠦᠴᠢᠷ ᠠᠰᠠᠭᠤᠳᠠᠯ ᠢ ᠰᠠᠶᠢᠲᠤᠷ | ᠰᠢᠢᠳᠪᠦᠷᠢᠯᠡᠨ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︿ᠤᠰᠤᠨ ᠤ | ᠶᠠᠪᠤᠳᠠᠯ﹀ ᠢ ᠰᠠᠶᠢᠲᠤᠷ ᠬᠢᠵᠦ᠂ ︿ᠠᠮᠢ ᠠᠬᠤᠶ ᠶᠢᠨ ᠰᠢᠯᠭᠠᠯᠳᠠ﹀ ᠶᠢ ᠰᠠᠶᠢᠲᠤᠷ ᠬᠠᠷᠢᠭᠤᠯᠵᠤ᠂ ᠪᠥᠬᠦ | ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠤᠰᠤᠨ | ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠨ᠎ᠠ᠃︾ ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠡᠷᠬᠢᠨ ᠰᠠᠶᠢᠲᠤᠷ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠤᠰᠤᠨ ᠤ | ᠶᠠᠪᠤᠳᠠᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦᠸᠧ ᠰᠢᠶᠤᠤ ᠴᠦᠨ | ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ | ᠯᠦᠸᠧ ᠰᠢᠶᠤᠤ ᠴᠦᠨ᠂ ︽ᠤᠰᠤ ᠠᠷᠪᠢᠯᠠᠬᠤ ᠶᠢ ᠳᠡᠷᠢᠬᠦᠨ ᠳᠤ ᠳᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠮᠵᠢ ᠶᠣᠰᠣᠭᠠᠷ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ | ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠶᠢ | ᠬᠢᠵᠠᠭᠠᠷᠯᠠᠬᠤ ᠬᠦᠢᠴᠡᠳᠭᠡᠯ ᠲᠤᠭ᠎ᠠ ᠳᠤ ᠬᠦᠷᠦᠭᠦᠯᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠷᠠᠯᠲᠠᠲᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠨ᠎ᠠ᠃ ᠭᠠᠵᠠᠷ | ᠳᠤᠤᠷᠠᠬᠢ ᠤᠰᠤᠨ ᠲᠦᠪᠰᠢᠨ ᠢ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠬᠡᠲᠦᠷᠡᠲᠡᠯ᠎ᠡ ᠮᠠᠯᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠠᠯᠠᠱᠠ ᠪᠠᠷᠠᠭᠤᠨ ᠬᠤᠰᠢᠭᠤᠨ ᠤ ᠪᠠᠶᠠᠠᠭᠤᠣᠯ ᠤᠰᠤᠯᠠᠯᠲᠠ ᠶᠢᠨ ᠣᠷᠣᠨ ᠢ ᠵᠢᠯ ᠤᠨ | ᠰᠡᠭᠦᠯᠴᠢ ᠠᠴᠠ ᠡᠮᠦᠨ᠎ᠡ ᠮᠠᠯᠲᠠᠵᠤ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠨ᠎ᠠ᠃ ᠬᠠᠷ᠎ᠠ ᠭᠤᠤᠯ᠂ ᠬᠠᠳᠤᠨ | ᠭᠤᠤᠯ ᠤᠨ ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠬᠠᠳᠤᠨ ᠭᠤᠤᠯ ᠤᠨ ᠭᠠᠵᠠᠷ ᠳᠡᠭᠡᠷᠡᠬᠢ ᠤᠰᠤᠨ ᠤ ᠳᠠᠭᠠᠭᠠᠴᠠ ᠠᠴᠠ ᠬᠡᠲᠦᠷᠡᠭᠰᠡᠨ ᠣᠷᠣᠨ ᠢ ᠵᠠᠰᠠᠬᠤ ᠠᠵᠢᠯ ᠢ | ᠪᠡᠶᠡᠯᠡᠬᠦᠯᠦᠨ᠎ᠡ᠃ ᠲᠣᠭᠲᠠᠭᠠᠯ ᠠᠴᠠ ᠵᠥᠷᠢᠴᠡᠨ ᠤᠰᠤ ᠲᠠᠲᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠴᠢᠩᠭᠠᠷᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠡᠷᠡᠮᠵᠢ ᠶᠢᠨ | ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠶᠢᠨ ᠵᠠᠰᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠲᠥᠷᠥᠯ ᠤᠨ | ᠬᠢᠨᠠᠨ ᠪᠣᠳᠣᠯᠳᠠ ᠳᠤ ᠳᠣᠷᠠᠳᠣᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ | ᠶᠣᠰᠣᠭᠠᠷ ᠪᠡᠶᠡᠯᠡᠭᠦᠯᠦᠨ᠎ᠡ ᠬᠡᠪᠡ᠃ | ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ᠂ ︿ᠤᠰᠤᠨ ᠤ ᠬᠦᠴᠢᠷᠳᠡᠯ﹀ | ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠳᠡᠢ ᠬᠡᠪᠡ᠂ ᠪᠢᠳᠡ ᠤᠰᠤᠨ ᠤ ᠡᠬᠢ ᠪᠠᠶᠠᠯᠢᠭ ᠢ ᠪᠣᠬᠢᠷᠲᠤᠯ ᠥᠬᠡᠶ | ᠥᠨᠳᠥᠷ ᠪᠦᠲᠦᠮᠵᠢᠲᠡᠶ ᠠᠰᠢᠭᠯᠠᠬᠤ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠰᠤ ᠶᠢ ᠵᠠᠰᠠᠵᠤ | ᠤᠰᠤ ᠶᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠶ᠃︾ ᠯᠦᠸᠧ ᠰᠢᠶᠤᠤ | ᠴᠦᠨ ᠰᠤᠷᠪᠤᠯᠵᠢᠯᠠᠭᠴᠢ ᠳᠤ᠂ ᠲᠣᠰ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ | ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ | ᠬᠦᠢᠴᠡᠳᠬᠡᠯ ᠲᠤᠭ᠎ᠠ ᠶᠢ ᠲᠡᠮᠡᠴᠡᠨ ᠤᠯᠬᠤ ᠠᠵᠢᠯ ᠢ ᠳᠠᠭᠠᠵᠤ᠂ ᠠᠶᠢᠮᠠᠭ ᠤᠨ ᠳᠣᠲᠣᠷᠠᠬᠢ ᠰᠤᠯᠠ ᠪᠠᠶᠢᠬᠤ | ᠤᠰᠤᠨ ᠤ ᠬᠦᠢᠴᠡᠳᠭᠡᠯ ᠲᠤᠭ᠎ᠠ ᠶᠢ ᠣᠬᠤᠷ ᠬᠤᠭᠤᠴᠠᠭ᠎ᠠ ᠪᠠᠷ ᠠᠷᠠᠯᠵᠢᠶᠠᠯᠠᠬᠤ ᠠᠵᠢᠯ ᠢ ᠥᠷᠨᠢᠭᠦᠯᠦᠨ᠎ᠡ᠃ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠯᠠᠱᠠ ᠵᠡᠭᠦᠨ | ᠬᠤᠰᠢᠭᠤ᠂ ᠡᠵᠡᠨ᠎ᠡ ᠬᠤᠰᠢᠭᠤ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ︽ᠠᠯᠠᠱᠠ ᠠᠶᠢᠮᠠᠭ ᠤᠨ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ︽ᠠᠯᠠᠱᠠ ᠠᠶᠢᠮᠠᠭ ᠤᠨ ᠠᠵᠤ | ᠦᠢᠯᠡᠳᠪᠦᠷᠢ ᠶᠢᠨ ᠤᠰᠤ ᠠᠷᠪᠢᠯᠠᠬᠤ ᠬᠢᠭᠡᠳ ᠳᠠᠭᠠᠭᠠᠴᠠ ᠴᠢᠳᠠᠪᠤᠷᠢ ᠶᠢ ᠳᠡᠭᠡᠭᠰᠢᠯᠡᠭᠦᠯᠬᠦ ᠳᠣᠬᠠᠢ ᠬᠡᠷᠡᠭᠵᠢᠭᠦᠯᠬᠦ | ᠲᠥᠰᠦᠯ︾ ᠢ ᠬᠡᠷᠡᠭᠵᠢᠭᠦᠯᠬᠦ ᠶᠢ ᠠᠬᠢᠭᠤᠯᠵᠤ᠂ ᠪᠠᠶᠠᠨᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠲᠤᠤᠷ ᠢ | ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠭᠡᠷ᠎ᠡ ᠪᠠᠷ ᠤᠰᠤ ᠠᠷᠪᠢᠯᠠᠬᠤ᠂ ︽ᠤᠰᠤ ᠠᠷᠪᠢᠯᠠᠬᠤ | ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠤᠬᠠᠭᠤᠯᠤᠨ ᠳᠡᠯᠭᠡᠷᠡᠭᠦᠯᠵᠦ᠂ ᠡᠯ᠎ᠡ ᠬᠦᠷᠢᠶ᠎ᠡ ᠡᠯ᠎ᠡ | ᠠᠵᠢᠯ ᠲᠥᠷᠥᠯ ᠤᠨ ᠤᠰᠤ ᠠᠷᠪᠢᠯᠠᠵᠤ ᠤᠰᠤ ᠡᠵᠡᠮᠳᠡᠬᠦ ᠶᠢ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ | ᠲᠥᠯᠥᠪᠦᠷᠢ ᠲᠠᠢ ᠬᠡᠷᠡᠭᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢ ᠶᠢᠨ | ᠳᠦᠷᠢᠮ ᠢᠶᠠᠷ ᠳᠠᠮᠵᠢᠭᠤᠯᠤᠨ ᠠᠵᠤ ᠠᠬᠤᠶᠢᠯᠠᠯ ᠤᠨ ᠤᠰᠤ ᠠᠷᠪᠢᠯᠠᠬᠤ ᠶᠢ ᠱᠠᠯᠠᠪᠳᠠᠭᠤᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠪᠠᠨ | ᠣᠷᠬᠢᠬᠤ ᠶᠢ ᠬᠥᠲᠥᠯᠥᠨ ᠵᠢᠯᠣᠭᠤᠳᠴᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ | ᠬᠤᠪᠢᠷᠠᠭᠤᠯᠤᠯᠲᠠ ᠶᠢ ᠠᠬᠢᠭᠤᠯᠤᠨ᠎ᠠ ᠬᠡᠪᠡ᠃ | ᠯᠦᠸᠧ ᠰᠢᠶᠤᠤ ᠴᠦᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ | ᠂ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠦᠨᠡᠨ ᠬᠦ ᠴᠢᠩᠭᠠᠳᠬᠠᠨ᠎ᠠ᠃ ᠤᠰᠤᠨ ᠣᠷᠣᠨ ᠤ | ᠡᠷᠭᠢ ᠳᠠᠭᠠᠤ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠴᠡᠭᠴᠡᠯᠡᠬᠦ︾ ᠶᠢ ᠪᠠᠶᠢᠩᠭᠤᠵᠢᠭᠤᠯᠬᠤ᠂ | ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠨᠡᠮᠡᠭᠳᠡᠯ ᠢ ᠡᠷᠡᠰ ᠬᠤᠷᠢᠭᠯᠠᠵᠤ᠂ ᠬᠠᠳᠠᠭᠠᠯᠠᠯᠲᠠ ᠶᠢ ᠡᠷᠡᠰ | ᠴᠡᠪᠡᠷᠯᠡᠨ᠎ᠡ᠃ ᠬᠠᠲᠤᠨ ᠭᠤᠤᠯ ᠤᠨ ᠲᠠᠩ ᠤᠨ ᠣᠷᠣᠨ ᠢ ᠴᠡᠪᠡᠷᠯᠡᠨ ᠴᠡᠭᠴᠡᠯᠡᠬᠦ ᠶᠢ ᠦᠷᠭᠦᠯᠵᠢᠯᠡᠨ ᠠᠬᠢᠭᠤᠯᠵᠤ᠂ | ᠬᠠᠲᠤᠨ ᠭᠤᠤᠯ ᠤᠨ ᠡᠷᠭᠢ ᠳᠠᠭᠠᠣ ᠣᠷᠣᠨ ᠢ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ᠥᠨᠳᠥᠷ ᠡᠰᠢᠲᠦ ᠲᠠᠷᠢᠮᠠᠯ ᠤᠨ ᠳᠠᠷᠢᠬᠤ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠵᠤ᠂ | ᠡᠷᠭᠢ ᠳᠠᠭᠠᠣ ᠣᠷᠣᠨ ᠤ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠷᠭᠢ ᠳᠠᠭᠠᠣ | ᠣᠷᠣᠨ ᠤ ᠲᠠᠷᠢᠶᠠᠨ ᠭᠠᠵᠠᠷ ᠤᠨ ᠲᠣᠬᠢᠷᠠᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠡᠷᠭᠢ ᠳᠠᠭᠠᠣ ᠣᠷᠣᠨ ᠤ | ᠬᠢᠮᠢ ᠶᠢᠨ ᠪᠣᠷᠲᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ | ᠠᠵᠢᠯᠯᠠᠭ᠎ᠠ ᠪᠠ ᠬᠠᠮᠢᠶᠠᠷᠤᠨ ᠡᠵᠡᠮᠳᠡᠬᠦ ᠠᠵᠢᠯ ᠢ ᠪᠦᠲᠦᠮᠵᠢᠲᠡᠶ ᠠᠬᠢᠭᠤᠯᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠰᠣᠪᠨᠠᠭᠤᠷ ᠤᠨ ᠠᠮᠢ ᠠᠬᠤᠢ ᠶᠢᠨ | ᠵᠠᠰᠠᠯᠲᠠ ᠬᠢᠭᠡᠳ ᠬᠠᠮᠠᠭᠠᠯᠠᠯᠲᠠ ᠶᠢᠨ ᠲᠥᠯᠥᠪᠵᠢᠭᠦᠯᠪᠡ ︵2021 ᠣᠨ— 2025 ᠣᠨ︶︾ ᠶᠢ | ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠣᠨ ᠤ ᠭᠤᠣᠯᠳᠠᠯᠭ᠎ᠠ ᠲᠠᠢ ᠡᠭᠦᠷᠭᠡ ᠪᠠᠨ ᠴᠠᠭ ᠲᠤᠬᠠᠢ ᠳᠤᠨᠢ | ᠪᠡᠶᠡᠯᠡᠭᠦᠯᠦᠨ᠎ᠡ᠃ ᠪᠥᠬᠦ ᠠᠶᠢᠮᠠᠭ ᠤᠨ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠪᠠᠶᠢᠳᠠᠯ ᠤᠨ | ᠦᠨᠡᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ︽ᠨᠢᠭᠡ ᠭᠤᠤᠯ ᠮᠥᠷᠡᠨ ︵ᠨᠠᠭᠤᠷ︶ | ᠳᠤ ᠨᠢᠭᠡ ᠠᠷᠭ᠎ᠠ ᠪᠣᠳᠣᠯᠭ᠎ᠠ ᠠᠪᠬᠤ︾ ᠬᠡᠷᠡᠭᠵᠢᠭᠦᠯᠬᠦ ᠲᠥᠰᠦᠯ ᠢ ᠡᠬᠢᠯᠡᠨ ᠨᠠᠶᠢᠷᠠᠭᠤᠯᠤᠨ ᠵᠣᠬᠢᠶᠠᠵᠤ᠂ ᠭᠤᠤᠯ | ᠮᠥᠷᠡᠨ ᠨᠠᠭᠤᠷ ᠴᠥᠭᠦᠷᠥᠮ ᠢ ᠰᠢᠰᠲ᠋ᠧᠮ ᠲᠠᠢ ᠵᠠᠰᠠᠬᠤ᠂ ᠠᠮᠢᠯᠠᠯ ᠪᠢᠯᠬᠠᠭᠰᠠᠨ ᠭᠤᠤᠯ ᠮᠥᠷᠡᠨ ᠨᠠᠭᠤᠷ | ᠴᠥᠭᠦᠷᠥᠮ ᠢ ᠴᠣᠭᠴᠠᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠭᠤᠤᠯᠳᠠᠯᠭ᠎ᠠ ᠲᠠᠢ ᠬᠦᠷᠢᠶ᠎ᠡ ᠶᠢᠨ | ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠬᠦᠴᠦᠯᠡᠨ ᠴᠢᠩᠭᠠᠳᠬᠠᠵᠤ᠂ ᠠᠮᠢ ᠠᠬᠤᠶ ᠶᠢ ᠡᠷᠬᠢᠮᠯᠡᠭᠰᠡᠨ ᠴᠡᠪᠡᠷ | ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠢ | ᠢᠳᠡᠪᠬᠢᠲᠡᠶ ᠪᠠᠷ ᠠᠷᠭ᠎ᠠ ᠰᠦᠪᠡᠭᠴᠢᠯᠡᠨ ᠨᠤᠲᠠᠯᠠᠵᠤ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ | ᠡᠵᠡᠨ᠎ᠡ ᠬᠤᠰᠢᠭᠤᠨ ᠤ ᠮᠠᠽᠦ᠋ᠩᠱᠠᠨ ᠰᠤᠮᠤ ᠶᠢᠨ ᠬᠤᠩ ᠯᠢᠦ ᠭᠸᠤ ᠶᠢᠨ ᠬᠥᠷᠥᠰᠥ ᠰᠢᠷᠣᠶ ᠶᠢ ᠬᠠᠮᠠᠭᠠᠯᠠᠬᠤ ᠵᠢᠵᠢᠭ | ᠰᠠᠪᠠ ᠭᠠᠵᠠᠷ ᠤᠨ ᠵᠠᠰᠠᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ ᠬᠡᠪᠡ᠃ | ᠯᠦᠸᠧ ᠰᠢᠶᠤᠤ ᠴᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ | ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠤ ᠴᠢᠩᠭᠠᠳᠬᠠᠨ᠎ᠠ᠃ ᠮᠠᠨ ᠤ ᠠᠶᠢᠮᠠᠭ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠵᠠᠪᠳᠤᠨ᠂ ᠪᠦᠬᠦ ᠤᠯᠤᠰ ᠪᠦᠬᠦ ᠣᠷᠣᠨ ᠤ ᠤᠰᠤᠨ | ᠲᠣᠣᠷ ᠲᠤ ᠵᠠᠯᠭᠠᠵᠤ ᠣᠷᠣᠭᠤᠯᠬᠤ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠥᠰᠦᠪᠯᠡᠨ | ᠬᠡᠷᠡᠭᠵᠢᠭᠦᠯᠦᠨ᠎ᠡ᠃ ︽ᠠᠯᠠᠱᠠ ᠠᠶᠢᠮᠠᠭ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ︾ ︽ᠥᠪᠥᠷ ᠮᠣᠩᠭᠤᠯ ᠤᠨ ᠠᠯᠠᠱᠠ ᠠᠶᠢᠮᠠᠭ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠪᠠᠷᠠᠭᠤᠨ ᠱᠤᠭᠤᠮ ᠤᠨ ᠢᠨᠵᠧᠨᠧᠷᠢᠩ ᠤᠨ ᠤᠰᠤᠨ ᠤ ᠡᠬᠢ ᠪᠠᠶᠠᠯᠢᠭ ᠢ ᠨᠠᠷᠢᠯᠢᠭᠵᠢᠭᠤᠯᠤᠨ ᠲᠣᠬᠢᠷᠠᠭᠤᠯᠬᠤ | ᠲᠥᠰᠦᠯ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ | ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠳᠠᠯᠠᠩ | ᠬᠠᠰᠢᠯᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠠ ᠭᠤᠣᠯ ᠤᠨ ᠰᠣᠳᠠᠭ ᠢ ᠵᠠᠰᠠᠬᠤ ᠢᠨᠵᠧᠨᠧᠷᠢᠩ ᠤᠨ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠠᠯᠠᠱᠠ ᠵᠡᠭᠦᠨ ᠬᠤᠰᠢᠭᠤᠨ ᠤ ᠰᠢᠶᠠ ᠽᠢ ᠭᠸᠦ ᠶᠢᠨ ᠳᠣᠣᠷᠠᠳᠤ | ᠤᠷᠤᠰᠬᠠᠯ ᠤᠨ ᠦᠶᠡᠷ ᠲᠠᠲᠠᠷᠠᠭᠤᠯᠬᠤ ᠢᠨᠵᠧᠨᠧᠷᠢᠩ ᠪᠠ ᠠᠯᠠᠱᠠ ᠪᠠᠷᠠᠭᠤᠨ ᠬᠤᠰᠢᠭᠤᠨ ᠤ ᠸᠠᠨ ᠱᠢ ᠳ᠋ᠡ ᠤᠰᠤ | ᠬᠠᠳᠠᠭᠠᠯᠠᠬᠤ ᠴᠥᠭᠦᠷᠥᠮ ᠤᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ | ᠵᠦᠢᠯ ᠤᠨ ᠲᠣᠭᠲᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ︽ᠤᠯᠠᠭᠠᠨᠪᠤᠬ᠎ᠠ ᠡᠯᠡᠰᠦᠨ | ᠴᠥᠯ ᠤᠨ ᠠᠮᠢ ᠠᠬᠤᠶ ᠶᠢᠨ ᠪᠢᠲᠡᠭᠦᠮᠵᠢᠯᠡᠬᠦ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠤᠨ ᠰᠤᠳᠤᠯᠤᠯ︾ ᠪᠠ ︽ | ᠤᠯᠠᠭᠠᠨᠪᠤᠬ᠎ᠠ ᠡᠯᠡᠰᠦᠨ ᠴᠥᠯ ᠤᠨ ᠠᠮᠢ ᠠᠬᠤᠶ ᠶᠢᠨ ᠪᠢᠲᠡᠭᠦᠮᠵᠢᠯᠡᠬᠦ ᠤᠰᠤ ᠲᠠᠲᠠᠬᠤ ᠢᠨᠵᠧᠨᠧᠷᠢᠩ ᠤᠨ | ᠬᠡᠷᠡᠭᠵᠢᠭᠦᠯᠬᠦ ᠲᠥᠰᠦᠯ︾ ᠢ ᠴᠣᠬᠤᠯᠠᠪᠤᠷᠢᠯᠠᠨ ᠬᠡᠷᠡᠭᠵᠢᠭᠦᠯᠬᠦ ᠶᠢ ᠠᠬᠢᠭᠤᠯᠵᠤ᠂ ︽ᠬᠠᠷ᠎ᠠ ᠭᠤᠤᠯ ᠤᠨ ᠰᠠᠪᠠ | ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢ ᠲᠥᠷᠥᠯ ᠵᠦᠢᠯ ᠪᠣᠯᠭᠠᠨ ᠬᠡᠷᠡᠭᠵᠢᠭᠦᠯᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ | |