︽ᠤᠰᠤᠨ ᠤ ᠶᠠᠪᠤᠳᠠᠯ︾ ᠢ ᠰᠠᠶᠢᠲᠤᠷ ᠬᠢᠵᠦ ︽ᠠᠮᠢ ᠠᠬᠤᠢ ᠶᠢᠨ ᠰᠢᠯᠭᠠᠯᠳᠠ︾ ᠳᠤ ᠰᠠᠶᠢᠨ ᠬᠠᠷᠢᠭᠤᠯᠳᠠ ᠦᠭᠭᠦᠨ᠎ᠡ
ᠨᠡᠶᠢᠲᠡᠯᠡᠭᠰᠡᠨ ᠴᠠᠭ᠄
2023/8/17
     —— ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦᠸᠧ ᠰᠢᠶᠣᠤ ᠴᠦᠨ ᠢ ᠰᠤᠷᠪᠤᠯᠵᠢᠯᠠᠭᠰᠠᠨ ᠨᠢ     ︽ᠪᠥᠬᠦ ᠠᠶᠢᠮᠠᠭ ᠤᠨ ᠤᠰᠤᠨ ᠤ ᠶᠠᠪᠤᠳᠠᠯ ᠤᠨ ᠰᠢᠰᠲ᠋ᠧᠮ ᠤᠨ ᠬᠢᠨ ᠮᠠᠨ ᠤ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ︿ᠤᠰᠤ ᠪᠠᠷ ᠳᠦᠷᠪᠡ ᠶᠢ ᠲᠣᠭᠲᠠᠭᠠᠬᠤ﹀ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠥᠷᠪᠡᠨ ᠲᠠᠯ᠎ᠠ ᠠᠴᠠ ︿ᠤᠰᠤᠨ ᠤ ᠬᠦᠴᠢᠷᠳᠡᠯ﹀ ᠤᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︿ᠤᠰᠤᠨ ᠤ ᠶᠠᠪᠤᠳᠠᠯ﹀ ᠢ ᠰᠠᠶᠢᠲᠤᠷ ᠬᠢᠵᠦ᠂ ︿ᠠᠮᠢ ᠠᠬᠤᠶ ᠶᠢᠨ ᠰᠢᠯᠭᠠᠯᠳᠠ﹀ ᠶᠢ ᠰᠠᠶᠢᠲᠤᠷ ᠬᠠᠷᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠨ᠎ᠠ᠃︾ ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦᠸᠧ ᠰᠢᠶᠤᠤ ᠴᠦᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠯᠦᠸᠧ ᠰᠢᠶᠤᠤ ᠴᠦᠨ᠂ ︽ᠤᠰᠤ ᠠᠷᠪᠢᠯᠠᠬᠤ ᠶᠢ ᠳᠡᠷᠢᠬᠦᠨ ᠳᠤ ᠳᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠣᠰᠣᠭᠠᠷ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠶᠢ ᠬᠢᠵᠠᠭᠠᠷᠯᠠᠬᠤ ᠬᠦᠢᠴᠡᠳᠭᠡᠯ ᠲᠤᠭ᠎ᠠ ᠳᠤ ᠬᠦᠷᠦᠭᠦᠯᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠨ᠎ᠠ᠃ ᠭᠠᠵᠠᠷ ᠳᠤᠤᠷᠠᠬᠢ ᠤᠰᠤᠨ ᠲᠦᠪᠰᠢᠨ ᠢ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠡᠲᠦᠷᠡᠲᠡᠯ᠎ᠡ ᠮᠠᠯᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠯᠠᠱᠠ ᠪᠠᠷᠠᠭᠤᠨ ᠬᠤᠰᠢᠭᠤᠨ ᠤ ᠪᠠᠶᠠᠠᠭᠤᠣᠯ ᠤᠰᠤᠯᠠᠯᠲᠠ ᠶᠢᠨ ᠣᠷᠣᠨ ᠢ ᠵᠢᠯ ᠤᠨ ᠰᠡᠭᠦᠯᠴᠢ ᠠᠴᠠ ᠡᠮᠦᠨ᠎ᠡ ᠮᠠᠯᠲᠠᠵᠤ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠨ᠎ᠠ᠃ ᠬᠠᠷ᠎ᠠ ᠭᠤᠤᠯ᠂ ᠬᠠᠳᠤᠨ ᠭᠤᠤᠯ ᠤᠨ ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠤᠯ ᠤᠨ ᠭᠠᠵᠠᠷ ᠳᠡᠭᠡᠷᠡᠬᠢ ᠤᠰᠤᠨ ᠤ ᠳᠠᠭᠠᠭᠠᠴᠠ ᠠᠴᠠ ᠬᠡᠲᠦᠷᠡᠭᠰᠡᠨ ᠣᠷᠣᠨ ᠢ ᠵᠠᠰᠠᠬᠤ ᠠᠵᠢᠯ ᠢ ᠪᠡᠶᠡᠯᠡᠬᠦᠯᠦᠨ᠎ᠡ᠃ ᠲᠣᠭᠲᠠᠭᠠᠯ ᠠᠴᠠ ᠵᠥᠷᠢᠴᠡᠨ ᠤᠰᠤ ᠲᠠᠲᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠷᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠡᠷᠡᠮᠵᠢ ᠶᠢᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠵᠠᠰᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠲᠥᠷᠥᠯ ᠤᠨ ᠬᠢᠨᠠᠨ ᠪᠣᠳᠣᠯᠳᠠ ᠳᠤ ᠳᠣᠷᠠᠳᠣᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ ᠬᠡᠪᠡ᠃      ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ᠂ ︿ᠤᠰᠤᠨ ᠤ ᠬᠦᠴᠢᠷᠳᠡᠯ﹀ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠳᠡᠢ ᠬᠡᠪᠡ᠂ ᠪᠢᠳᠡ ᠤᠰᠤᠨ ᠤ ᠡᠬᠢ ᠪᠠᠶᠠᠯᠢᠭ ᠢ ᠪᠣᠬᠢᠷᠲᠤᠯ ᠥᠬᠡᠶ ᠥᠨᠳᠥᠷ ᠪᠦᠲᠦᠮᠵᠢᠲᠡᠶ ᠠᠰᠢᠭᠯᠠᠬᠤ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠰᠤ ᠶᠢ ᠵᠠᠰᠠᠵᠤ ᠤᠰᠤ ᠶᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠶ᠃︾ ᠯᠦᠸᠧ ᠰᠢᠶᠤᠤ ᠴᠦᠨ ᠰᠤᠷᠪᠤᠯᠵᠢᠯᠠᠭᠴᠢ ᠳᠤ᠂ ᠲᠣᠰ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠬᠦᠢᠴᠡᠳᠬᠡᠯ ᠲᠤᠭ᠎ᠠ ᠶᠢ ᠲᠡᠮᠡᠴᠡᠨ ᠤᠯᠬᠤ ᠠᠵᠢᠯ ᠢ ᠳᠠᠭᠠᠵᠤ᠂ ᠠᠶᠢᠮᠠᠭ ᠤᠨ ᠳᠣᠲᠣᠷᠠᠬᠢ ᠰᠤᠯᠠ ᠪᠠᠶᠢᠬᠤ ᠤᠰᠤᠨ ᠤ ᠬᠦᠢᠴᠡᠳᠭᠡᠯ ᠲᠤᠭ᠎ᠠ ᠶᠢ ᠣᠬᠤᠷ ᠬᠤᠭᠤᠴᠠᠭ᠎ᠠ ᠪᠠᠷ ᠠᠷᠠᠯᠵᠢᠶᠠᠯᠠᠬᠤ ᠠᠵᠢᠯ ᠢ ᠥᠷᠨᠢᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠯᠠᠱᠠ ᠵᠡᠭᠦᠨ ᠬᠤᠰᠢᠭᠤ᠂ ᠡᠵᠡᠨ᠎ᠡ ᠬᠤᠰᠢᠭᠤ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ︽ᠠᠯᠠᠱᠠ ᠠᠶᠢᠮᠠᠭ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠬᠢᠭᠡᠳ ᠳᠠᠭᠠᠭᠠᠴᠠ ᠴᠢᠳᠠᠪᠤᠷᠢ ᠶᠢ ᠳᠡᠭᠡᠭᠰᠢᠯᠡᠭᠦᠯᠬᠦ ᠳᠣᠬᠠᠢ ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠶᠢ ᠠᠬᠢᠭᠤᠯᠵᠤ᠂ ᠪᠠᠶᠠᠨᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠲᠤᠤᠷ ᠢ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠭᠡᠷ᠎ᠡ ᠪᠠᠷ ᠤᠰᠤ ᠠᠷᠪᠢᠯᠠᠬᠤ᠂ ︽ᠤᠰᠤ ᠠᠷᠪᠢᠯᠠᠬᠤ ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠤᠬᠠᠭᠤᠯᠤᠨ ᠳᠡᠯᠭᠡᠷᠡᠭᠦᠯᠵᠦ᠂ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠤᠰᠤ ᠠᠷᠪᠢᠯᠠᠵᠤ ᠤᠰᠤ ᠡᠵᠡᠮᠳᠡᠬᠦ ᠶᠢ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢ ᠶᠢᠨ ᠳᠦᠷᠢᠮ ᠢᠶᠠᠷ ᠳᠠᠮᠵᠢᠭᠤᠯᠤᠨ ᠠᠵᠤ ᠠᠬᠤᠶᠢᠯᠠᠯ ᠤᠨ ᠤᠰᠤ ᠠᠷᠪᠢᠯᠠᠬᠤ ᠶᠢ ᠱᠠᠯᠠᠪᠳᠠᠭᠤᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠪᠠᠨ  ᠣᠷᠬᠢᠬᠤ ᠶᠢ ᠬᠥᠲᠥᠯᠥᠨ ᠵᠢᠯᠣᠭᠤᠳᠴᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠤᠨ᠎ᠠ ᠬᠡᠪᠡ᠃     ᠯᠦᠸᠧ ᠰᠢᠶᠤᠤ ᠴᠦᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠦᠨᠡᠨ ᠬᠦ ᠴᠢᠩᠭᠠᠳᠬᠠᠨ᠎ᠠ᠃ ᠤᠰᠤᠨ ᠣᠷᠣᠨ ᠤ ᠡᠷᠭᠢ ᠳᠠᠭᠠᠤ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠴᠡᠭᠴᠡᠯᠡᠬᠦ︾ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠨᠡᠮᠡᠭᠳᠡᠯ ᠢ ᠡᠷᠡᠰ ᠬᠤᠷᠢᠭᠯᠠᠵᠤ᠂ ᠬᠠᠳᠠᠭᠠᠯᠠᠯᠲᠠ ᠶᠢ ᠡᠷᠡᠰ ᠴᠡᠪᠡᠷᠯᠡᠨ᠎ᠡ᠃ ᠬᠠᠲᠤᠨ ᠭᠤᠤᠯ ᠤᠨ ᠲᠠᠩ ᠤᠨ ᠣᠷᠣᠨ ᠢ ᠴᠡᠪᠡᠷᠯᠡᠨ ᠴᠡᠭᠴᠡᠯᠡᠬᠦ ᠶᠢ ᠦᠷᠭᠦᠯᠵᠢᠯᠡᠨ ᠠᠬᠢᠭᠤᠯᠵᠤ᠂ ᠬᠠᠲᠤᠨ ᠭᠤᠤᠯ ᠤᠨ ᠡᠷᠭᠢ ᠳᠠᠭᠠᠣ ᠣᠷᠣᠨ ᠢ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠥᠨᠳᠥᠷ ᠡᠰᠢᠲᠦ ᠲᠠᠷᠢᠮᠠᠯ ᠤᠨ ᠳᠠᠷᠢᠬᠤ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠵᠤ᠂ ᠡᠷᠭᠢ ᠳᠠᠭᠠᠣ ᠣᠷᠣᠨ ᠤ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠷᠭᠢ ᠳᠠᠭᠠᠣ ᠣᠷᠣᠨ ᠤ ᠲᠠᠷᠢᠶᠠᠨ ᠭᠠᠵᠠᠷ ᠤᠨ ᠲᠣᠬᠢᠷᠠᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠡᠷᠭᠢ ᠳᠠᠭᠠᠣ ᠣᠷᠣᠨ ᠤ ᠬᠢᠮᠢ ᠶᠢᠨ ᠪᠣᠷᠲᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠪᠠ ᠬᠠᠮᠢᠶᠠᠷᠤᠨ ᠡᠵᠡᠮᠳᠡᠬᠦ ᠠᠵᠢᠯ ᠢ ᠪᠦᠲᠦᠮᠵᠢᠲᠡᠶ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠰᠣᠪᠨᠠᠭᠤᠷ ᠤᠨ ᠠᠮᠢ ᠠᠬᠤᠢ ᠶᠢᠨ ᠵᠠᠰᠠᠯᠲᠠ ᠬᠢᠭᠡᠳ ᠬᠠᠮᠠᠭᠠᠯᠠᠯᠲᠠ ᠶᠢᠨ ᠲᠥᠯᠥᠪᠵᠢᠭᠦᠯᠪᠡ ︵2021 ᠣᠨ— 2025 ᠣᠨ︶︾ ᠶᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠣᠨ ᠤ ᠭᠤᠣᠯᠳᠠᠯᠭ᠎ᠠ ᠲᠠᠢ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠦᠨ᠎ᠡ᠃ ᠪᠥᠬᠦ ᠠᠶᠢᠮᠠᠭ ᠤᠨ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠪᠠᠶᠢᠳᠠᠯ ᠤᠨ ᠦᠨᠡᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ︽ᠨᠢᠭᠡ ᠭᠤᠤᠯ ᠮᠥᠷᠡᠨ ︵ᠨᠠᠭᠤᠷ︶ ᠳᠤ ᠨᠢᠭᠡ ᠠᠷᠭ᠎ᠠ ᠪᠣᠳᠣᠯᠭ᠎ᠠ ᠠᠪᠬᠤ︾ ᠬᠡᠷᠡᠭᠵᠢᠭᠦᠯᠬᠦ ᠲᠥᠰᠦᠯ ᠢ ᠡᠬᠢᠯᠡᠨ ᠨᠠᠶᠢᠷᠠᠭᠤᠯᠤᠨ ᠵᠣᠬᠢᠶᠠᠵᠤ᠂ ᠭᠤᠤᠯ ᠮᠥᠷᠡᠨ ᠨᠠᠭᠤᠷ ᠴᠥᠭᠦᠷᠥᠮ ᠢ ᠰᠢᠰᠲ᠋ᠧᠮ ᠲᠠᠢ ᠵᠠᠰᠠᠬᠤ᠂ ᠠᠮᠢᠯᠠᠯ ᠪᠢᠯᠬᠠᠭᠰᠠᠨ ᠭᠤᠤᠯ ᠮᠥᠷᠡᠨ ᠨᠠᠭᠤᠷ ᠴᠥᠭᠦᠷᠥᠮ ᠢ ᠴᠣᠭᠴᠠᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠭᠤᠤᠯᠳᠠᠯᠭ᠎ᠠ ᠲᠠᠢ ᠬᠦᠷᠢᠶ᠎ᠡ ᠶᠢᠨ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠬᠦᠴᠦᠯᠡᠨ ᠴᠢᠩᠭᠠᠳᠬᠠᠵᠤ᠂ ᠠᠮᠢ ᠠᠬᠤᠶ ᠶᠢ ᠡᠷᠬᠢᠮᠯᠡᠭᠰᠡᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠠᠷᠭ᠎ᠠ ᠰᠦᠪᠡᠭᠴᠢᠯᠡᠨ ᠨᠤᠲᠠᠯᠠᠵᠤ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠵᠡᠨ᠎ᠡ ᠬᠤᠰᠢᠭᠤᠨ ᠤ ᠮᠠᠽᠦ᠋ᠩᠱᠠᠨ ᠰᠤᠮᠤ ᠶᠢᠨ ᠬᠤᠩ ᠯᠢᠦ ᠭᠸᠤ ᠶᠢᠨ ᠬᠥᠷᠥᠰᠥ ᠰᠢᠷᠣᠶ ᠶᠢ ᠬᠠᠮᠠᠭᠠᠯᠠᠬᠤ ᠵᠢᠵᠢᠭ ᠰᠠᠪᠠ ᠭᠠᠵᠠᠷ ᠤᠨ ᠵᠠᠰᠠᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ ᠬᠡᠪᠡ᠃      ᠯᠦᠸᠧ ᠰᠢᠶᠤᠤ ᠴᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠤ ᠴᠢᠩᠭᠠᠳᠬᠠᠨ᠎ᠠ᠃ ᠮᠠᠨ ᠤ ᠠᠶᠢᠮᠠᠭ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠵᠠᠪᠳᠤᠨ᠂ ᠪᠦᠬᠦ ᠤᠯᠤᠰ ᠪᠦᠬᠦ ᠣᠷᠣᠨ ᠤ ᠤᠰᠤᠨ ᠲᠣᠣᠷ ᠲᠤ ᠵᠠᠯᠭᠠᠵᠤ ᠣᠷᠣᠭᠤᠯᠬᠤ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠥᠰᠦᠪᠯᠡᠨ ᠬᠡᠷᠡᠭᠵᠢᠭᠦᠯᠦᠨ᠎ᠡ᠃ ︽ᠠᠯᠠᠱᠠ ᠠᠶᠢᠮᠠᠭ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ︽ᠥᠪᠥᠷ ᠮᠣᠩᠭᠤᠯ ᠤᠨ ᠠᠯᠠᠱᠠ ᠠᠶᠢᠮᠠᠭ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠤᠨ ᠢᠨᠵᠧᠨᠧᠷᠢᠩ ᠤᠨ ᠤᠰᠤᠨ ᠤ ᠡᠬᠢ ᠪᠠᠶᠠᠯᠢᠭ ᠢ ᠨᠠᠷᠢᠯᠢᠭᠵᠢᠭᠤᠯᠤᠨ ᠲᠣᠬᠢᠷᠠᠭᠤᠯᠬᠤ ᠲᠥᠰᠦᠯ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠳᠠᠯᠠᠩ ᠬᠠᠰᠢᠯᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠠ ᠭᠤᠣᠯ ᠤᠨ ᠰᠣᠳᠠᠭ ᠢ ᠵᠠᠰᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠠᠯᠠᠱᠠ ᠵᠡᠭᠦᠨ ᠬᠤᠰᠢᠭᠤᠨ ᠤ ᠰᠢᠶᠠ ᠽᠢ ᠭᠸᠦ ᠶᠢᠨ ᠳᠣᠣᠷᠠᠳᠤ ᠤᠷᠤᠰᠬᠠᠯ ᠤᠨ ᠦᠶᠡᠷ ᠲᠠᠲᠠᠷᠠᠭᠤᠯᠬᠤ ᠢᠨᠵᠧᠨᠧᠷᠢᠩ ᠪᠠ ᠠᠯᠠᠱᠠ ᠪᠠᠷᠠᠭᠤᠨ ᠬᠤᠰᠢᠭᠤᠨ ᠤ ᠸᠠᠨ ᠱᠢ ᠳ᠋ᠡ ᠤᠰᠤ ᠬᠠᠳᠠᠭᠠᠯᠠᠬᠤ ᠴᠥᠭᠦᠷᠥᠮ ᠤᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠲᠣᠭᠲᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ︽ᠤᠯᠠᠭᠠᠨᠪᠤᠬ᠎ᠠ ᠡᠯᠡᠰᠦᠨ ᠴᠥᠯ ᠤᠨ ᠠᠮᠢ ᠠᠬᠤᠶ ᠶᠢᠨ ᠪᠢᠲᠡᠭᠦᠮᠵᠢᠯᠡᠬᠦ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠤᠨ ᠰᠤᠳᠤᠯᠤᠯ︾ ᠪᠠ ︽ᠤᠯᠠᠭᠠᠨᠪᠤᠬ᠎ᠠ ᠡᠯᠡᠰᠦᠨ ᠴᠥᠯ ᠤᠨ ᠠᠮᠢ ᠠᠬᠤᠶ ᠶᠢᠨ ᠪᠢᠲᠡᠭᠦᠮᠵᠢᠯᠡᠬᠦ ᠤᠰᠤ ᠲᠠᠲᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠴᠣᠬᠤᠯᠠᠪᠤᠷᠢᠯᠠᠨ ᠬᠡᠷᠡᠭᠵᠢᠭᠦᠯᠬᠦ ᠶᠢ ᠠᠬᠢᠭᠤᠯᠵᠤ᠂ ︽ᠬᠠᠷ᠎ᠠ ᠭᠤᠤᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢ ᠲᠥᠷᠥᠯ ᠵᠦᠢᠯ ᠪᠣᠯᠭᠠᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号