8 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠤᠷᠠᠯ ᠭᠦᠭᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠬᠤᠷᠠᠯ ᠠᠴᠠ ᠭᠤᠷᠪᠠᠨ ᠵᠢᠯ ᠤᠨ ᠲᠤᠷᠰᠢᠬᠢ ᠪᠦᠭᠦ ᠣᠷᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠠᠵᠢᠯ ᠤᠨ ᠪᠠᠶᠢᠳᠠᠯ ᠪᠣᠯᠣᠨ ᠲᠠᠷᠠᠭᠠᠴᠢ ᠶᠢᠨ ᠠᠯᠬᠤᠮ ᠤᠨ | ᠠᠵᠢᠯ ᠤᠨ ᠲᠣᠬᠢᠷᠠᠭᠤᠯᠤᠯᠲᠠ ᠶᠢ ᠨᠡᠶᠢᠲᠡᠯᠡᠵᠦ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠠᠵᠢᠯ ᠤᠨ | ᠬᠠᠷᠢᠭᠤ ᠮᠡᠳᠡᠭᠦᠯᠦᠯᠲᠡ ᠬᠢᠵᠡᠢ᠃ | ᠰᠦᠨ ᠱᠤᠤ ᠴᠧᠩ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠢ | ᠣᠳᠣᠬᠢᠴᠢᠯᠠᠯᠲᠠ ᠲᠡᠶᠢᠰᠢ ᠨᠡᠩ ᠰᠠᠶᠢᠲᠤᠷ ᠤᠷᠤᠭᠰᠢᠯᠠᠭᠤᠯᠬᠤ ᠶᠢᠨ ᠲᠥᠯᠥᠭᠡ ᠶᠤᠮ᠃ ᠬᠡᠦᠬᠡᠳ ᠤᠨ ᠰᠤᠷᠭᠠᠭᠤᠯᠢ | ᠳᠠᠪᠰᠢᠬᠤ ᠶᠢ ᠨᠥᠯᠥᠭᠡᠯᠡᠬᠦ ᠦᠭᠡᠢ᠂ ᠬᠡᠦᠬᠡᠳ ᠤᠨ ᠠᠵᠢᠯ ᠣᠯᠬᠤ ᠳᠤ ᠠᠰᠢᠭᠲᠠᠢ᠂ ᠬᠤᠯᠪᠣᠭᠳᠠᠯ ᠪᠦᠬᠦᠢ ᠪᠠᠭᠰᠢ ᠶᠢ | ᠲᠣᠬᠢᠲᠠᠢ ᠲᠥᠪᠬᠢᠨᠡᠭᠦᠯᠪᠡᠯ᠂ ᠦᠨᠳᠦᠰᠦᠲᠡᠨ ᠨᠦᠭᠦᠳ ᠤᠨ ᠬᠡᠦᠬᠡᠳ ᠤᠳ ᠬᠥᠭᠵᠢᠯᠲᠡ ᠳᠠᠪᠰᠢᠯᠲᠠ ᠶᠢ ᠬᠠᠮᠲᠤ ᠪᠠᠷ | ᠪᠡᠶᠡᠯᠡᠭᠦᠯᠵᠦ᠂ ᠰᠠᠶᠢᠨ ᠰᠠᠶᠢᠬᠠᠨ ᠢᠷᠡᠭᠡᠳᠦᠢ ᠲᠠᠢ ᠪᠣᠯᠵᠤ ᠴᠢᠳᠠᠨ᠎ᠠ᠃ ᠪᠢᠳᠡ ᠬᠠᠷᠠᠯᠲᠠ ᠡᠭᠦᠷᠭᠡ ᠶᠢ ᠴᠢᠩᠭ᠎ᠠ | ᠠᠩᠬᠠᠷᠴᠤ᠂ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠨ ᠰᠠᠶᠢᠲᠤᠷ ᠬᠡᠷᠡᠭᠯᠡᠬᠦ ᠶᠢ | ᠪᠠᠲᠤᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ | ᠨᠡᠩ ᠰᠠᠶᠢᠲᠤᠷ ᠢᠯᠡᠷᠡᠭᠦᠯᠬᠦ ᠬᠡᠷᠡᠭᠲᠡᠢ᠃ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ | ᠱᠠᠲᠤ ᠳᠠᠪᠬᠤᠷᠭ᠎ᠠ᠂ ᠡᠯ᠎ᠡ ᠲᠠᠯ᠎ᠠ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠪᠦᠬᠦᠯᠢ ᠴᠣᠭᠴᠠ ᠶᠢᠨ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠰᠢᠯᠢᠳᠡᠭ ᠰᠤᠷᠲᠠᠯ ᠢ ᠪᠠᠳᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠡᠰᠡᠷᠭᠦᠴᠡᠨ ᠲᠡᠪᠴᠢᠵᠦ᠂ ︽ᠤᠳᠠᠭᠠᠨ︾᠂ ︽ᠪᠦᠳᠦᠭᠦᠯᠢᠭ︾᠂ ︽ᠬᠡᠶᠢᠰᠪᠦᠷᠢ︾ ᠵᠡᠷᠭᠡ ᠠᠰᠠᠭᠤᠳᠠᠯ ᠢᠶᠠᠷ ᠠᠵᠢᠯ ᠤᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠥᠯᠥᠭᠡᠯᠡᠵᠦ ᠶᠠᠭᠠᠬᠢᠭᠰᠠᠨ ᠴᠤ ᠪᠤᠯᠬᠤ ᠦᠭᠡᠢ᠃ ᠬᠤᠶᠠᠷ ᠲᠤ᠂ ᠤᠬᠠᠭᠤᠯᠵᠤ | ᠬᠥᠲᠥᠯᠥᠨ ᠵᠢᠯᠤᠭᠤᠳᠬᠤ ᠶᠢ ᠪᠣᠳᠠᠲᠠᠶᠢᠵᠢᠭᠤᠯᠵᠤ᠂ ᠵᠥᠪ ᠦᠵᠡᠯ ᠰᠠᠨᠠᠭᠠᠨ ᠤ ᠠᠵᠢᠯ ᠤᠨ ᠠᠷᠭ᠎ᠠ ᠶᠢ ᠡᠵᠡᠮᠰᠢᠵᠦ᠂ | ᠤᠬᠠᠭᠤᠯᠵᠤ ᠬᠥᠲᠥᠯᠥᠨ ᠵᠢᠯᠤᠭᠤᠳᠬᠤ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ | ᠬᠡᠷᠡᠭᠲᠡᠢ᠃ ᠣᠯᠠᠨ ᠲᠦᠮᠡᠨ ᠪᠣᠯ ᠤᠬᠠᠮᠰᠠᠷ ᠲᠠᠢ ᠶᠤᠮ᠂ ᠪᠢᠳᠡ ᠶᠣᠰᠣ ᠤᠴᠢᠷ ᠢ ᠲᠣᠳᠣᠷᠬᠠᠢ ᠶᠠᠷᠢᠵᠤ᠂ ᠠᠵᠢᠯ ᠢᠶᠠᠨ | ᠯᠠᠪᠳᠠᠭᠤᠨ ᠪᠠᠲᠤᠲᠠᠢ ᠬᠢᠳᠡᠭ ᠯᠡ ᠶᠤᠮ ᠪᠣᠯ ᠦᠨᠳᠦᠰᠦᠲᠡᠨ ᠨᠦᠭᠦᠳ ᠤᠨ ᠣᠯᠠᠨ ᠲᠦᠮᠡᠨ ᠯᠠᠪᠲᠠᠢ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠲᠠᠢ ᠰᠡᠳᠬᠢᠯ ᠨᠢᠭᠡᠳᠦᠨ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ | ᠬᠠᠮᠲᠤ ᠪᠠᠷ ᠡᠷᠡᠯᠬᠡᠭᠯᠡᠨ ᠤᠷᠤᠭᠰᠢᠯᠠᠬᠤ ᠶᠤᠮ᠃ ᠭᠤᠷᠪᠠ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠵᠤ᠂ ᠣᠷᠣᠨ ᠲᠤᠭ᠎ᠠ ᠶᠢ ᠲᠣᠬᠢᠷᠠᠭᠤᠯᠬᠤ᠂ ᠠᠵᠢᠯ ᠤᠨ ᠪᠠᠶᠢᠷᠢ ᠶᠢ ᠰᠣᠯᠢᠯᠴᠠᠨ ᠡᠭᠡᠯᠵᠢᠯᠡᠬᠦ᠂ | ᠪᠠᠭᠰᠢ ᠶᠢᠨ ᠪᠣᠯᠪᠠᠰᠤᠷᠠᠯ᠂ ᠵᠠᠷᠤᠳᠠᠯ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠰᠤᠷᠭᠠᠭᠤᠯᠢ ᠡᠷᠭᠢᠯᠡᠭᠦ ᠵᠠᠭᠪᠤᠷ ᠤᠨ ᠰᠢᠨ᠎ᠡ ᠶᠢ | ᠡᠭᠦᠳᠴᠦ᠂ ᠠᠷᠭ᠎ᠠ ᠪᠦᠭᠦᠨ ᠢ ᠰᠦᠪᠡᠭᠴᠢᠯᠡᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠪᠠᠭᠰᠢ ᠶᠢ ᠰᠡᠳᠬᠢᠯ ᠠᠮᠤᠷ ᠪᠠᠶᠢᠯᠭᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠵᠤ᠂ ᠰᠤᠷᠤᠬᠴᠢᠳ ᠢ | ᠰᠠᠶᠢᠲᠤᠷ ᠰᠤᠷᠤᠯᠴᠠᠭᠤᠯᠬᠤ ᠬᠡᠷᠡᠭᠲᠡᠢ᠃ ᠳᠥᠷᠪᠡ ᠳᠤ᠂ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠ | ᠰᠢᠯᠭᠠᠨ ᠦᠨᠡᠯᠡᠬᠦ ᠶᠢ ᠪᠣᠳᠠᠲᠠᠶᠢᠵᠢᠭᠤᠯᠵᠤ᠂ ︽ᠵᠢᠯᠤᠭᠤᠳᠬᠤ︾ ᠳᠤ ᠠᠷᠭ᠎ᠠ ᠲᠠᠢ᠂ ︽ᠱᠠᠯᠠᠪᠳᠠᠭᠤᠯᠬᠤ︾ ᠳᠤ ᠬᠦᠴᠦᠲᠡᠢ᠂ | ︽ᠰᠢᠯᠭᠠᠨ ᠦᠨᠡᠯᠡᠬᠦ︾ ᠳᠤ ᠪᠦᠲᠦᠮᠵᠢᠲᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠪᠦᠦ ᠰᠢᠶᠠᠨ ᠬᠤᠸᠠ᠂ ᠶᠠᠩ ᠵᠢᠶᠧ ᠬᠤᠷᠠᠯ ᠳᠤ ᠣᠷᠣᠯᠴᠠᠪᠠ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ | ᠲᠠᠯᠠᠪᠠᠢ ᠲᠣᠬᠢᠷᠠᠭᠤᠯᠵᠠᠢ᠃ |