ᠪᠣᠷᠣᠭᠠᠨ ᠲᠠᠢ ᠡᠳᠦᠷ ᠲᠠᠬᠢᠶ᠎ᠠ ᠲᠡᠵᠢᠭᠡᠬᠦ ᠲᠠᠯᠠᠪᠤᠷ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠪᠠ ᠠᠷᠭᠠᠴᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2023/8/28
     ᠪᠣᠷᠣᠭᠠᠨ ᠤ ᠤᠰᠤ ᠨᠡᠯᠢᠶᠡᠳ ᠠᠷᠪᠢᠨ ᠦᠶ᠎ᠡ ᠳᠤ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠳᠤ ᠵᠣᠬᠢᠬᠤ ᠨᠥᠯᠥᠭᠡ ᠦᠵᠡᠭᠦᠯᠳᠡᠭ᠂ ᠭᠡᠪᠡᠴᠦ ᠴᠠᠭ ᠠᠭᠤᠷ ᠢ ᠬᠢᠵᠠᠭᠠᠷᠯᠠᠵᠤ ᠳᠡᠶᠢᠯᠬᠦ ᠦᠭᠡᠢ᠂ ᠲᠡᠭᠡᠪᠡᠯ ᠪᠣᠷᠣᠭᠠᠨ ᠲᠠᠢ     ᠡᠳᠦᠷ᠂ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠬᠡᠷᠬᠢᠨ ᠰᠢᠢᠳᠪᠦᠷᠢᠯᠡᠪᠡᠯ ᠵᠣᠬᠢᠬᠤ ᠪᠣᠶ︖      ᠪᠣᠷᠣᠭᠠᠨ ᠲᠠᠢ ᠡᠳᠦᠷ ᠲᠠᠬᠢᠶ᠎ᠠ ᠲᠡᠵᠢᠭᠡᠬᠦ ᠲᠠᠯᠠᠪᠠᠶ ᠳᠤ ᠦᠷᠭᠦᠯᠵᠢ ᠲᠣᠬᠢᠶᠠᠯᠳᠤᠳᠠᠭ ᠠᠰᠠᠭᠤᠳᠠᠯ᠄      1. ᠪᠣᠷᠣᠭᠠᠨ ᠣᠷᠣᠪᠠᠯ ᠲᠠᠬᠢᠶᠠᠨ ᠰᠦᠷᠦᠭ ᠲᠤ ᠲᠦᠢᠯ ᠤᠨ ᠠᠮᠠᠷᠬᠠᠨ ᠲᠠᠭᠰᠢᠭᠤᠷ ᠬᠠᠯᠳᠠᠨ᠎ᠠ᠃          2. ᠬᠤᠷ᠎ᠠ ᠪᠣᠷᠣᠭᠠᠨ ᠬᠡᠲᠦᠷᠬᠡᠢ ᠠᠷᠪᠢᠳᠪᠠᠯ᠂ ᠲᠠᠬᠢᠶᠠᠨ ᠰᠦᠷᠦᠭ ᠠᠮᠠᠷᠬᠠᠨ ᠪᠥᠮᠪᠥᠭᠡᠨ ᠬᠤᠷᠣᠬᠠᠢ ᠶᠢᠨ ᠡᠪᠡᠳᠴᠢᠨ ᠡᠭᠦᠰᠦᠨ᠎ᠡ᠃      3. ᠬᠤᠷ᠎ᠠ ᠪᠣᠷᠣᠭᠠᠨ ᠬᠡᠲᠦᠷᠬᠡᠢ ᠠᠷᠪᠢᠳᠪᠠᠯ᠂ ᠲᠠᠬᠢᠶ᠎ᠠ ᠴᠠᠴᠠᠵᠦ ᠦᠬᠦᠬᠦ ᠠᠶᠤᠯᠳᠠᠢ᠃      4. ᠪᠣᠷᠣᠭᠠᠨ ᠲᠠᠢ ᠡᠳᠦᠷ ᠨᠡᠯᠢᠶᠡᠳ ᠬᠦᠢᠲᠡᠨ ᠪᠤᠯᠬᠤᠷ ᠲᠠᠬᠢᠶᠠᠨ ᠰᠦᠷᠦᠭ ᠳᠠᠭᠠᠷᠠᠨ᠎ᠠ᠃      5. ᠲᠡᠵᠢᠭᠡᠯ ᠪᠣᠷᠳᠤᠭ᠎ᠠ ᠲᠡᠵᠢᠭᠡᠬᠦ ᠳᠤ ᠳᠥᠭᠦᠮ ᠦᠭᠡᠢ᠃      6. ᠠᠶᠤᠩᠭ᠎ᠠ ᠲᠠᠢ ᠡᠳᠦᠷ ᠲᠣᠬᠢᠶᠠᠯᠳᠤᠪᠠᠯ ᠲᠠᠬᠢᠶᠠᠨ ᠤ ᠰᠦᠷᠦᠭ ᠤᠨ ᠰᠡᠷᠡᠯᠵᠢᠯ ᠢ ᠠᠮᠠᠷᠬᠠᠨ ᠡᠭᠦᠰᠬᠡᠳᠡᠭ᠃      ᠪᠣᠷᠣᠭᠠᠨ ᠲᠠᠢ ᠡᠳᠦᠷ ᠲᠠᠬᠢᠶ᠎ᠠ ᠲᠡᠵᠢᠭᠡᠬᠦ ᠲᠠᠯᠠᠪᠠᠶ ᠶᠢᠨ ᠠᠷᠭᠠᠴᠠᠬᠤ ᠠᠷᠭ᠎ᠠ ᠬᠡᠮᠵᠢᠶ᠎ᠡ᠄      1. ᠪᠣᠷᠣᠭᠠᠨ ᠳᠤ ᠨᠣᠷᠣᠭᠳᠠᠵᠤ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃      2. ᠲᠠᠬᠢᠶᠠᠨ ᠤ ᠰᠦᠷᠦᠭ ᠤᠨ ᠤᠰᠤ ᠪᠠ ᠲᠡᠵᠢᠭᠡᠯ ᠪᠣᠷᠳᠤᠭ᠎ᠠ ᠶᠢ ᠭᠦᠢᠴᠡᠳ ᠬᠠᠩᠭᠠᠬᠤ ᠶᠢ ᠪᠠᠲᠤᠯᠠᠵᠤ᠂ ᠴᠠᠭ ᠲᠤᠬᠠᠢ ᠳᠤ ᠨᠢ ᠲᠠᠬᠢᠶᠠᠨ ᠤ ᠰᠦᠷᠦᠭ ᠤᠨ ᠲᠡᠵᠢᠭᠡᠯ ᠪᠣᠷᠳᠤᠭ᠎ᠠ ᠪᠠ ᠤᠰᠤ ᠤᠮᠳᠠ ᠶᠢ ᠨᠡᠮᠡᠭᠳᠡᠭᠦᠯᠬᠦ ᠨᠢ ᠲᠠᠬᠢᠶᠠᠨ ᠤ ᠰᠦᠷᠦᠭ ᠤᠨ ᠭᠠᠵᠠᠷ ᠳᠡᠭᠡᠷᠡᠬᠢ ᠤᠰᠤᠨ ᠰᠤᠪᠠᠭ ᠲᠠᠬᠢ ᠤᠰᠤ ᠶᠢ ᠠᠯᠢ ᠴᠢᠳᠠᠬᠤ ᠪᠠᠷ ᠤᠤᠭᠤᠬᠤ ᠠᠴᠠ ᠵᠠᠶᠢᠯᠠᠰᠬᠢᠯᠭᠡᠬᠦ ᠶᠢᠨ ᠲᠥᠯᠥᠭᠡ ᠶᠤᠮ᠂ ᠭᠤᠣᠯᠳᠠᠭᠤ ᠲᠠᠬᠢᠶᠠᠨ ᠤ ᠰᠦᠷᠦᠭ ᠤᠨ ᠴᠡᠪᠡᠷ ᠤᠰᠤ ᠪᠠ ᠢᠳᠡᠰᠢ ᠶᠢ ᠪᠠᠲᠤᠯᠠᠬᠤ ᠶᠢᠨ ᠲᠥᠯᠥᠭᠡ ᠶᠤᠮ᠃      3. ᠬᠢᠵᠢᠭ ᠢ ᠰᠡᠷᠭᠡᠶᠢᠯᠡᠬᠦ ᠠᠵᠢᠯ ᠢ ᠤᠷᠢᠳᠴᠢᠯᠠᠨ ᠬᠢᠵᠦ᠂ ᠪᠣᠷᠣᠭᠠᠨ ᠲᠠᠢ ᠡᠳᠦᠷ ᠢ ᠤᠷᠢᠳᠴᠢᠯᠠᠨ   ᠮᠡᠳᠡᠵᠦ᠂ ᠲᠠᠬᠢᠶᠠᠨ ᠤ ᠰᠦᠷᠦᠭ ᠲᠤ ᠸᠢᠷᠦ᠋ᠰ ᠢ ᠰᠡᠷᠭᠡᠶᠢᠯᠡᠬᠦ ᠡᠮ ᠢ ᠤᠷᠢᠳᠴᠢᠯᠠᠨ ᠤᠤᠭᠤᠯᠭᠠᠨ᠎ᠠ᠃      4. ᠪᠣᠷᠣᠭᠠᠨ ᠣᠷᠣᠭᠰᠠᠨ ᠤ ᠳᠠᠷᠠᠭ᠎ᠠ᠂ ᠪᠠᠭ᠎ᠠ ᠰᠠᠭ᠎ᠠ ᠭᠡᠳᠡᠰᠦᠨ ᠤ ᠡᠮ ᠪᠠ ᠪᠤᠯᠴᠢᠷᠬᠠᠢ ᠬᠤᠳᠣᠭᠤᠳᠤᠨ ᠤ ᠦᠷᠪᠢᠰᠦᠯ ᠢ ᠰᠡᠷᠭᠡᠶᠢᠯᠡᠬᠦ ᠡᠮ ᠢ ᠬᠡᠷᠡᠭᠯᠡᠨ᠎ᠡ᠂ ᠤᠴᠢᠷ ᠨᠢ ᠴᠠᠭ ᠠᠭᠤᠷ ᠴᠢᠭᠢᠭᠯᠢᠭ ᠪᠣᠯ ᠲᠡᠵᠢᠭᠡᠯ ᠪᠣᠷᠳᠤᠭ᠎ᠠ ᠠᠮᠠᠷᠬᠠᠨ ᠸᠠᠯᠠᠵᠤ᠂ ᠪᠤᠯᠴᠢᠷᠬᠠᠢ ᠬᠤᠳᠣᠭᠤᠳᠤᠨ ᠤ ᠦᠷᠪᠢᠰᠦᠯ ᠪᠠ ᠨᠠᠷᠢᠨ ᠭᠡᠳᠡᠰᠦᠨ ᠤ ᠪᠥᠮᠪᠥᠭᠡᠨ ᠬᠤᠷᠣᠬᠠᠢ ᠳᠤ ᠠᠮᠠᠷᠬᠠᠨ ᠨᠡᠷᠪᠡᠭᠳᠡᠨ᠎ᠡ᠃      5. ᠳᠤᠯᠠᠭᠠᠨ ᠢ ᠬᠠᠮᠠᠭᠠᠯᠠᠬᠤ ᠶᠢ ᠠᠩᠬᠠᠷᠴᠤ᠂ ᠲᠠᠬᠢᠶᠠᠨ ᠰᠦᠷᠦᠭ ᠤᠨ ᠣᠪᠣᠭᠠᠷᠠᠵᠤ ᠳᠠᠷᠤᠭᠳᠠᠵᠤ ᠦᠬᠦᠬᠦ ᠠᠴᠠ ᠰᠡᠷᠭᠡᠶᠢᠯᠡᠨ᠎ᠡ᠃      6. ᠸᠢᠲ᠋ᠠᠮᠢᠨ C ᠢ ᠤᠷᠢᠳᠴᠢᠯᠠᠨ ᠤᠤᠭᠤᠯᠭᠠᠵᠤ᠂ ᠠᠶᠤᠩᠭ᠎ᠠ ᠳᠤᠤᠭᠠᠷᠬᠤ ᠦᠶ᠎ᠡ ᠶᠢᠨ ᠰᠡᠷᠡᠯᠵᠢᠯ ᠠᠴᠠ ᠵᠠᠶᠢᠯᠠᠰᠬᠢᠵᠦ᠂ ᠰᠥᠨᠢ ᠴᠠᠬᠢᠯᠭᠠᠨ ᠵᠣᠭᠰᠣᠪᠠᠯ ᠴᠠᠭ ᠲᠤᠬᠠᠢ ᠳᠤ ᠨᠢ ᠭᠡᠷᠡᠯᠲᠦᠭᠦᠯᠦᠨ᠎ᠡ᠃      7. ᠪᠣᠷᠣᠭᠠᠨ ᠲᠣᠩ ᠶᠡᠭᠡ ᠪᠣᠯ ᠲᠠᠬᠢᠶᠠᠨ ᠰᠦᠷᠦᠭ ᠭᠠᠷᠭᠠᠬᠤ ᠦᠭᠡᠢ᠂ ᠭᠡᠪᠡᠴᠦ ᠰᠠᠯᠬᠢ ᠵᠢᠪᠠᠷ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号