ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ | ᠬᠤᠩ ᠵᠦᠩ 26 ᠤ ᠡᠳᠦᠷ ᠥᠪᠥᠷ ᠮᠣᠩᠭᠤᠯ ᠳᠤ ᠶᠢᠰᠦᠳᠦᠭᠡᠷ ᠬᠤᠭᠤᠴᠠᠭᠠᠨ ᠤ ᠬᠥᠪᠴᠢ ᠶᠢᠨ ᠤᠯᠠᠨ ᠤᠯᠤᠰ | ᠤᠨ ᠡᠯᠡᠰᠦᠨ ᠤ ᠶᠠᠷᠢᠶᠠᠨ ᠤ ᠲᠠᠪᠴᠠᠩ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠯᠢ ᠬᠤᠩ ᠵᠦᠩ᠂ 2012 ᠣᠨ ᠳᠤ ᠬᠤᠷᠠᠯᠳᠤᠭᠰᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤᠷᠢᠳ | ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ | ᠪᠦᠭᠦ ᠣᠷᠣᠨ ᠪᠦᠰᠡ ᠪᠠᠷ᠂ ᠪᠦᠭᠦ ᠶᠠᠪᠤᠴᠠ ᠪᠠᠷ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ | ᠭᠠᠷᠬᠤ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠦᠷᠭᠦᠯᠵᠢᠯᠡᠬᠦ ᠬᠥᠭᠵᠢᠯᠲᠡ ᠳᠤ ᠬᠠᠷᠢᠭᠤᠴᠠᠬᠤ᠂ ᠬᠥᠮᠥᠨ ᠲᠥᠷᠥᠯᠬᠢᠲᠡᠨ ᠤ ᠪᠣᠯᠪᠠᠰᠤᠨ ᠳᠤ ᠬᠠᠷᠢᠭᠤᠴᠠᠬᠤ | ᠥᠨᠳᠥᠷᠴᠡ ᠠᠴᠠ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠣᠳᠣᠯᠭ᠎ᠠ ᠶᠢ ᠳᠤᠷᠠᠳᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ | ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ ᠢ | ᠡᠷᠭᠦᠵᠡᠢ ᠭᠡᠪᠡ᠃ | ᠯᠢ ᠬᠤᠩ ᠵᠥᠩ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠳᠤᠮᠳᠠᠳᠤ ᠤᠯᠤᠰ ︽ᠡᠯᠡᠰᠦ | ᠤᠷᠤᠭᠰᠢᠯᠠᠵᠤ ᠬᠥᠮᠥᠨ ᠤᠬᠤᠷᠢᠵᠤ︾ ᠪᠠᠶᠢᠭᠰᠠᠨ ᠠᠴᠠ ᠪᠠᠨ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ | ᠤᠬᠤᠷᠢᠬᠤ︾ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠳᠡᠯᠡᠬᠡᠢ ᠳᠡᠭᠡᠷ᠎ᠡ ᠴᠦᠯᠯᠡᠷᠭᠡᠭᠵᠢᠯ ᠪᠠ ᠭᠠᠵᠠᠷ | ᠰᠢᠷᠣᠢ ᠶᠢᠨ ᠡᠯᠡᠰᠦᠷᠬᠡᠭᠵᠢᠯ ᠤᠨ ︽ᠬᠤᠣᠰ ᠬᠠᠰᠤᠭᠳᠠᠯ︾ ᠢ ᠡᠩ ᠲᠡᠷᠢᠭᠦᠨ ᠳᠤ ᠪᠡᠶᠡᠯᠡᠭᠦᠯᠪᠡ᠃ ᠳᠤᠮᠳᠠᠳᠤ ᠤᠯᠤᠰ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠮᠥᠰᠥ ᠴᠠᠰᠤ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ | ᠭᠠᠶᠢᠬᠠᠮᠰᠢᠭ ᠢ ᠡᠭᠦᠳᠴᠡᠢ ᠭᠡᠵᠦ ᠴᠢᠬᠤᠯᠠᠴᠢᠯᠠᠪᠠ᠃ | ᠯᠢ ᠬᠤᠩ ᠵᠦᠩ᠂ ᠴᠦᠯᠯᠡᠷᠭᠡᠭᠵᠢᠯ ᠪᠣᠯ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ | ᠥᠷᠢᠰᠦᠯᠳᠦᠭᠡᠨ ᠮᠥᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ | ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢ ᠬᠡᠷᠡᠭᠵᠢᠭᠦᠯᠵᠦ᠂ ᠵᠠᠰᠠᠭ ᠤᠨ ᠣᠷᠳᠣᠨ᠂ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠪᠣᠯᠣᠨ ᠡᠯ᠎ᠡ ᠲᠦᠷᠦᠯ ᠤᠨ ᠡᠯᠡᠰᠦ ᠶᠢ ᠵᠠᠰᠠᠬᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ | ᠴᠦᠯᠯᠡᠷᠭᠡᠭᠵᠢᠭᠰᠡᠨ ᠠᠮᠢ ᠠᠬᠤᠢ ᠶᠢ ᠰᠢᠰᠲ᠋ᠧᠮ ᠲᠠᠢ ᠪᠠᠷ ᠵᠠᠰᠠᠬᠤ ᠶᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ | ᠭᠠᠷᠭᠠᠪᠠ᠃ | ᠯᠢ ᠬᠤᠩ ᠵᠥᠩ ᠪᠠᠰᠠ ᠭᠡᠷᠡᠯᠴᠢ ᠴᠡᠨᠡᠭ ᠢᠶᠠᠷ ᠡᠯᠡᠰᠦ ᠶᠢ ᠵᠠᠰᠠᠭᠰᠠᠨ ᠪᠠ ᠡᠯᠡᠰᠦᠨ ᠳᠣᠪᠣᠷᠴᠠᠭ ᠢ ᠵᠠᠰᠠᠭᠰᠠᠨ | ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | ᠡᠭᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ | ᠨᠡᠶᠢᠭᠡᠮᠯᠢᠭ ᠤᠨ ᠲᠡᠷᠢᠭᠦᠯᠡᠭᠴᠢ᠂ ᠶᠠᠷᠢᠶᠠᠨ ᠤ ᠲᠠᠪᠴᠠᠩ ᠤᠨ ᠲᠡᠷᠢᠭᠦᠯᠡᠭᠴᠢ ᠸᠠᠨ ᠭᠠᠩ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠶᠠᠮᠤᠨ ᠤ ᠰᠠᠶᠢᠳ ᠸᠠᠩ ᡁᠢ ᠭᠠᠩ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶᠠᠨ ᠤ ᠳᠠᠷᠤᠭ᠎ᠠ ᠭᠤᠸᠠᠨ ᡁᠢ ᠧᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠧᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ | ᠨᠡᠶᠢᠲᠡ ᠶᠢᠨ ᠭᠡᠷ᠎ᠡ ᠶᠢᠨ ᠳᠡᠳ᠋ ᠭᠦᠢᠴᠡᠳᠭᠡᠭᠴᠢ ᠨᠠᠷᠢᠨ ᠪᠢᠴᠢᠭᠡᠴᠢ ᠠᠨᠳᠧᠯᠢᠶᠠ·ᠮᠸᠶᠢᠰᠠ·ᠮᠦᠷᠢᠯᠦᠸᠧ᠂ ᠫᠤᠯᠠᠨᠳ᠋ ᠤᠨ | ᠤᠤᠯ ᠤᠨ ᠶᠡᠷᠦᠩᠬᠡᠶᠢᠯᠡᠭᠴᠢ ᠪᠷᠤᠨᠢᠰᠸᠠᠹ·ᠺᠧᠮᠤᠸᠧᠯᠤᠹᠰᠺᠢ ᠪᠠᠶᠠᠷ ᠤᠨ ᠦᠭᠡ ᠬᠡᠯᠡᠵᠦ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠠᠮᠢᠩᠨᠠ·ᠮᠦᠬᠠᠨᠮᠦᠳ᠋ ᠸᠢᠳᠢᠤ᠋ | ᠪᠠᠷ ᠪᠠᠶᠠᠷ ᠤᠨ ᠦᠭᠡ ᠬᠡᠯᠡᠵᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠤ ᠳᠡᠳ᠋ ᠰᠠᠶᠢᠳ᠂ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠢᠦᠢ ᠳ᠋ᠦᠩ | ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠠᠷᠠᠪ ᠤᠨ ᠤᠯᠤᠰ ᠤᠳ ᠤᠨ | ᠬᠤᠯᠪᠤᠭ᠎ᠠ ︽ᠳᠤᠮᠳᠠᠳᠤ ᠠᠷᠠᠪ ᠤᠨ ᠭᠠᠩ ᠬᠠᠭᠰᠠᠷᠠᠭᠠᠨ᠂ ᠴᠦᠯᠯᠡᠷᠭᠡᠭᠵᠢᠯ ᠪᠠ ᠭᠠᠵᠠᠷ ᠰᠢᠷᠣᠢ ᠶᠢᠨ ᠮᠠᠭᠤᠳᠠᠯ ᠤᠨ | ᠤᠯᠠᠨ ᠤᠯᠤᠰ ᠤᠨ ᠰᠤᠳᠤᠯᠭᠠᠨ ᠤ ᠲᠥᠪ ᠢ ᠪᠠᠶᠢᠭᠤᠯᠬᠤ ᠲᠤᠬᠠᠢ ᠣᠶᠢᠯᠠᠭᠠᠯᠴᠠᠭᠠᠨ ᠤ ᠰᠠᠨᠠᠮᠵᠢ ᠶᠢᠨ ᠪᠢᠴᠢᠭ︾ ᠲᠤ | ᠭᠠᠷ ᠤᠨ ᠦᠰᠦᠭ ᠵᠢᠷᠤᠬᠤ ᠶᠢᠨ ᠬᠠᠮᠲᠤ ᠳᠤᠮᠳᠠᠳᠤ ᠠᠷᠠᠪ ᠤᠨ ᠭᠠᠩ ᠬᠠᠭᠰᠠᠷᠠᠭᠠᠨ᠂ ᠴᠦᠯᠯᠡᠷᠭᠡᠭᠵᠢᠯ ᠪᠠ ᠭᠠᠵᠠᠷ | ᠰᠢᠷᠣᠢ ᠶᠢᠨ ᠮᠠᠭᠤᠳᠠᠯ ᠤᠨ ᠤᠯᠠᠨ ᠤᠯᠤᠰ ᠤᠨ ᠰᠤᠳᠤᠯᠭᠠᠨ ᠤ ᠲᠥᠪ ᠤᠨ ᠫᠠᠶᠢᠰᠠ ᠶᠢ ᠰᠡᠬᠦᠭᠰᠡᠨ ᠪᠥᠭᠡᠳ | ᠲᠦᠷᠦᠭᠦᠦ ᠪᠦᠯᠦᠭ ᠤᠨ ᠬᠠᠮᠲᠤᠷᠠᠯᠴᠠᠭᠠᠨ ᠤ ᠲᠦᠷᠦᠯ ᠵᠦᠢᠯ ᠢ ᠡᠬᠢᠯᠡᠭᠦᠯᠵᠡᠢ᠃ | ᠤᠯᠤᠰ ᠤᠨ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠪᠣᠯᠣᠨ ᠬᠠᠮᠢᠶ᠎ᠠ ᠪᠦᠬᠦᠢ ᠮᠤᠵᠢ | ᠬᠤᠳᠠ ᠶᠢᠨ ᠤᠳᠤᠷᠢᠳᠤᠯᠭ᠎ᠠ ᠵᠢᠴᠢ ᠪᠦᠭᠦ ᠪᠥᠮᠪᠥᠷᠴᠡᠭ ᠤᠨ 20 ᠭᠠᠷᠤᠢ ᠤᠯᠤᠰ ᠤᠨ 300 ᠭᠠᠷᠤᠢ ᠬᠦᠨᠳᠦᠲᠦ | ᠵᠣᠴᠢᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃ |