ᠤᠯᠤᠰ ᠠᠴᠠ ᠠᠷᠭ᠎ᠠ ᠬᠡᠮᠵᠢᠶ᠎ᠡ ᠠᠪᠴᠤ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ ᠬᠠᠭᠤᠴᠢᠷᠠᠭᠰᠠᠨ ᠲᠤᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/8/29
    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ 17 ᠤ ᠡᠳᠦᠷ ︽ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠤᠨ ᠬᠠᠭᠤᠴᠢᠷᠠᠭᠰᠠᠨ ᠲᠤᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ᠃ ᠵᠢᠯᠤᠭᠤᠳᠬᠤ ᠰᠠᠨᠠᠯ ᠳᠤ᠂ ᠪᠣᠬᠢᠷᠳᠤᠯ ᠦᠭᠡᠢ ᠵᠢᠷᠤᠵᠤ ᠲᠥᠯᠥᠪᠯᠡᠬᠦ᠂ ᠬᠤᠷᠢᠶᠠᠨ ᠠᠪᠴᠢᠷᠠᠬᠤ ᠶᠢ ᠵᠢᠷᠤᠮᠵᠢᠭᠤᠯᠬᠤ᠂ ᠥᠨᠳᠥᠷ ᠥᠷᠲᠡᠭ ᠢᠶᠠᠷ ᠠᠰᠢᠭᠯᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠡᠷᠭᠡ ᠭᠤᠭᠴᠤᠭ᠎ᠠ ᠶᠢ ᠬᠠᠮᠤᠷᠤᠭᠰᠠᠨ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠪᠠ ᠭᠡᠷᠡᠯᠴᠢ ᠴᠡᠨᠡᠭ ᠤᠨ ᠲᠤᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢᠨ ᠡᠴᠦᠰ ᠤᠨ ᠭᠤᠭᠴᠤᠭ᠎ᠠ ᠶᠢ ᠨᠥᠬᠦᠪᠦᠷᠢᠯᠡᠨ᠎ᠡ ᠭᠡᠵᠦ ᠲᠣᠳᠣᠷᠬᠠᠶᠢᠯᠠᠪᠠ᠃     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠣᠶᠢᠷ᠎ᠠ ᠶᠢᠨ ᠵᠢᠯ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠦ᠂ ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠡᠭᠡ ᠬᠡᠮᠵᠢᠶ᠎ᠡ ᠪᠠᠷ ᠬᠡᠷᠡᠭᠯᠡᠭᠳᠡᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠪᠦᠭᠦ ᠳᠡᠯᠡᠬᠡᠢ ᠳᠤ ᠲᠡᠷᠢᠭᠦᠯᠡᠪᠡ᠃ ᠠᠵᠤ ᠦᠢᠯᠡᠰ ᠤᠨ ᠲᠦᠷᠭᠡᠨ ᠳᠡᠰ ᠳᠡᠪᠰᠢᠬᠦ ᠪᠠ ᠲᠤᠨᠤᠭ ᠲᠥᠬᠦᠭᠡᠷᠦᠮᠵᠢ ᠶᠢᠨ ᠰᠢᠨᠡᠳᠦᠨ ᠰᠣᠯᠢᠭᠳᠠᠬᠤ ᠶᠢ ᠳᠠᠭᠠᠯᠳᠤᠨ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠪᠥᠭᠡᠮ ᠪᠥᠭᠡᠮ ᠢᠶᠠᠷ ᠬᠠᠯᠠᠭᠳᠠᠬᠤ ᠠᠰᠠᠭᠤᠳᠠᠯ ᠳᠤ ᠲᠤᠯᠭᠠᠷᠠᠬᠤ ᠪᠣᠯᠣᠨ᠎ᠠ ᠭᠡᠵᠦ ᠲᠠᠨᠢᠯᠴᠠᠭᠤᠯᠪᠠ᠃     ᠠᠵᠤ ᠦᠢᠯᠡᠰ ᠤᠨ ᠬᠥᠭᠵᠢᠯᠲᠡ ᠶᠢᠨ ᠱᠠᠲᠤ ᠦᠶ᠎ᠡ᠂ ᠲᠤᠨᠤᠭ ᠲᠥᠬᠦᠭᠡᠷᠦᠮᠵᠢ ᠶᠢᠨ ᠲᠥᠷᠥᠯ ᠭᠡᠯᠪᠡᠷᠢ᠂ ᠰᠣᠯᠢᠭᠳᠠᠭᠰᠠᠨ ᠪᠠᠶᠢᠳᠠᠯ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠵᠢᠯᠤᠭᠤᠳᠬᠤ ᠰᠠᠨᠠᠯ ᠢ 2025 ᠣᠨ᠂ 2030 ᠣᠨ ᠭᠡᠬᠦ ᠬᠤᠶᠠᠷ ᠱᠠᠲᠤ ᠬᠤᠪᠢᠶᠠᠵᠤ᠂ ᠬᠠᠷᠢᠭᠤᠴᠠᠯᠭ᠎ᠠ ᠶᠢᠨ ᠲᠣᠭᠲᠠᠴᠠ᠂ ᠪᠠᠷᠢᠮᠵᠢᠶ᠎ᠠ ᠶᠢᠨ ᠰᠢᠰᠲ᠋ᠧᠮ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠪᠣᠶᠢᠵᠢᠭᠤᠯᠬᠤ ᠵᠡᠷᠭᠡ ᠲᠠᠯ᠎ᠠ ᠠᠴᠠ ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠤᠨ ᠬᠠᠭᠤᠴᠢᠷᠠᠭᠰᠠᠨ ᠲᠤᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠠᠵᠢᠯ ᠤᠨ ᠬᠠᠷᠠᠯᠲᠠ ᠶᠢ ᠳᠤᠷᠠᠳᠪᠠ᠃     ᠵᠢᠯᠤᠭᠤᠳᠬᠤ ᠰᠠᠨᠠᠯ ᠳᠤ ᠪᠠᠰᠠ ᠪᠣᠬᠢᠷᠳᠤᠯ ᠦᠭᠡᠢ ᠵᠢᠷᠤᠵᠤ ᠲᠥᠯᠥᠪᠯᠡᠬᠦ ᠶᠢ ᠶᠡᠭᠡ ᠪᠠᠷ ᠠᠬᠢᠭᠤᠯᠬᠤ᠂ ᠬᠠᠭᠤᠴᠢᠷᠠᠭᠰᠠᠨ ᠲᠤᠨᠤᠭ ᠲᠥᠬᠦᠭᠡᠷᠦᠮᠵᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠲᠤᠨᠤᠭ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠬᠦ᠂ ᠡᠬᠢ ᠪᠠᠶᠠᠯᠢᠭ ᠢ ᠳᠠᠭᠢᠨ ᠠᠰᠢᠭᠯᠠᠬᠤ ᠴᠢᠳᠠᠪᠤᠷᠢ ᠶᠢ ᠴᠢᠩᠭᠠᠷᠠᠭᠤᠯᠬᠤ᠂ ᠲᠤᠨᠤᠭ ᠲᠥᠬᠦᠭᠡᠷᠦᠮᠵᠢ ᠶᠢ ᠳᠠᠭᠢᠨ ᠦᠢᠯᠡᠳᠬᠦ ᠶᠢ ᠯᠠᠪᠳᠠᠭᠤᠨ ᠢᠶᠠᠷ ᠠᠬᠢᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ  ᠶᠢ ᠵᠢᠷᠤᠮᠵᠢᠭᠤᠯᠬᠤ ᠵᠡᠷᠭᠡ ᠶᠢ ᠪᠠᠭᠲᠠᠭᠠᠭᠰᠠᠨ 6 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号