8 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᡁᠢ ᠭᠠᠩ ᠢ ᠤᠷᠢᠵᠤ ᠲᠤᠰᠬᠠᠢ ᠰᠡᠳᠦᠪᠲᠦ ᠬᠠᠪᠰᠤᠷᠤᠨ | ᠵᠢᠯᠤᠭᠤᠳᠬᠤ ᠮᠡᠳᠡᠭᠦᠯᠦᠯᠲᠡ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠸᠠᠩ ᡁᠢ ᠭᠠᠩ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠯᠬᠤᠭ᠎ᠠ ᠶᠢ ᠲᠦᠷᠭᠡᠳᠬᠡᠶ᠎ᠡ︾ ᠭᠡᠬᠦ ᠰᠡᠳᠦᠪ ᠢᠶᠠᠷ | ᠥᠪᠡᠷ ᠤᠨ ᠤᠷᠲᠤ ᠬᠤᠭᠤᠴᠠᠭᠠᠨ ᠤ ᠲᠤᠷᠰᠢᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠬᠤᠷᠠᠮᠳᠤᠭᠤᠯᠤᠯ ᠲᠠᠢ ᠪᠠᠨ ᠤᠶᠠᠯᠳᠤᠭᠤᠯᠵᠤ᠂ ᠤᠨᠤᠯ ᠤᠨ ᠯᠣᠭᠢᠭ᠂ | ᠲᠡᠦᠬᠡ ᠶᠢᠨ ᠯᠣᠭᠢᠭ᠂ ᠪᠣᠳᠠᠲᠤ ᠠᠬᠤᠢ ᠶᠢᠨ ᠯᠣᠭᠢᠭ ᠵᠡᠷᠭᠡ ᠤᠯᠠᠨ ᠬᠠᠷᠠᠭᠠᠰᠤ ᠠᠴᠠ ᠶᠡᠷᠦᠩᠬᠡᠢ ᠱᠦᠵᠢ ᠰᠢ ᠶᠢᠨ | ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ | ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠦᠢᠯᠡᠰ ᠤᠨ ᠠᠯᠤᠰ ᠤᠨ ᠬᠠᠷᠠᠯᠲᠠ ᠶᠢ ᠰᠢᠰᠲ᠋ᠧᠮ ᠲᠠᠢ ᠲᠠᠨᠢᠯᠴᠠᠭᠤᠯᠤᠭᠰᠠᠨ ᠪᠥᠭᠡᠳ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ | ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ | ᠲᠤᠬᠠᠢ ᠰᠠᠨᠠᠯ ᠢᠶᠠᠨ ᠶᠠᠷᠢᠪᠠ᠃ ᠣᠯᠠᠨ ᠢᠶᠠᠷ ᠢᠶᠠᠨ ᠰᠣᠨᠣᠰᠤᠭᠰᠠᠨ ᠤ ᠳᠠᠷᠠᠭ᠎ᠠ᠂ ᠭᠦᠨ ᠰᠡᠩᠬᠡᠷᠡᠭᠦᠯᠦᠯ ᠣᠯᠵᠤ᠂ | ᠶᠡᠬᠡᠬᠡᠨ ᠣᠯᠣᠯᠲᠠ ᠲᠠᠢ ᠪᠣᠯᠵᠠᠢ᠃ | ᠰᠦᠨ ᠱᠤᠤ ᠴᠧᠩ᠂ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ | ᠮᠣᠩᠭᠤᠯ ᠤᠨ ᠲᠣᠪᠣᠶᠢᠮ᠎ᠠ ᠳᠤᠲᠠᠭᠤᠳᠠᠯ ᠪᠣᠯᠣᠨ᠎ᠠ᠂ ᠪᠢᠳᠡ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠭᠵᠢᠭᠡᠳᠦᠢ | ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠡᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠴᠢᠬᠤᠯᠠᠲᠠᠢ︾ ᠭᠡᠬᠦ ᠰᠤᠷᠭᠠᠯ ᠢ ᠪᠠᠲᠤ ᠴᠡᠭᠡᠵᠢᠯᠡᠵᠦ᠂ ᠨᠡᠩ ᠶᠡᠭᠡ ᠰᠥᠰᠥ ᠵᠣᠷᠢᠭ | ᠪᠣᠯᠣᠨ ᠴᠤᠭ ᠰᠦᠯᠳᠡ ᠪᠠᠷ ᠰᠢᠨ᠎ᠡ ᠶᠢ ᠡᠭᠦᠳᠬᠦ ᠶᠢ ᠰᠦᠪᠡᠭᠴᠢᠯᠡᠨ ᠰᠢᠨ᠎ᠡ ᠶᠢ ᠡᠭᠦᠳᠬᠦ ᠶᠢ ᠠᠳᠬᠤᠵᠤ᠂ ᠡᠨᠡ ᠬᠦ | ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠢᠶᠠᠷ | ᠵᠠᠮᠨᠠᠵᠤ ᠳᠤᠮᠳᠠ ᠲᠦᠪᠰᠢᠨ ᠳᠤ ᠲᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠰᠬᠠᠢ ᠲᠦᠷᠦᠯ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ᠂ ᠶᠡᠭᠡ ᠬᠦᠴᠦ ᠣᠷᠣᠭᠤᠯᠵᠤ | ᠪᠠᠶᠢᠭᠠᠳ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ᠂ ᠡᠨᠧᠷᠭᠢ ᠨᠥᠭᠡᠴᠡᠯᠡᠬᠦ ᠵᠡᠷᠭᠡ | ᠬᠦᠷᠢᠶᠡᠨ ᠳᠠᠬᠢ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ | ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ ᠶᠢᠨ ᠠᠵᠤ ᠦᠢᠯᠡᠰ ᠤᠨ ᠪᠣᠭᠤᠮᠢ ᠶᠢᠨ | ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠡᠯ᠎ᠡ ᠲᠥᠷᠥᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ | ᠬᠡᠷᠡᠭᠯᠡᠵᠦ᠂ ᠳᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠪᠣᠶᠢᠵᠢᠭᠤᠯᠬᠤ᠂ ᠦᠯᠡᠳᠡᠭᠡᠬᠦ᠂ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠬᠤᠯᠠᠴᠢᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠦᠭᠦ ᠲᠠᠯ᠎ᠠ ᠪᠠᠷ | ᠪᠠᠶᠢᠴᠠᠭᠠᠨ ᠭᠠᠷᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠡᠯ᠎ᠡ ᠲᠠᠯ᠎ᠠ ᠶᠢᠨ | ᠬᠠᠮᠲᠤᠷᠠᠯᠴᠠᠭᠠᠨ ᠤ ᠵᠠᠮ ᠢ ᠨᠠᠪᠲᠠᠷᠡᠭᠦᠯᠵᠦ᠂ ᠨᠡᠩ ᠤᠯᠠᠨ ︽ᠦᠷ᠎ᠡ︾ ᠶᠢ ︽ᠴᠢᠬᠢ ᠮᠣᠳᠣ︾ ᠪᠣᠯᠭᠠᠨ ᠬᠤᠪᠢᠷᠠᠭᠤᠯᠵᠤ᠂ | ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ | ᠰᠤᠳᠤᠯᠭᠠᠨ ᠤ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠥᠷᠥᠩᠭᠡ ᠶᠢ ᠰᠢᠨ᠎ᠡ ᠶᠢ | ᠡᠭᠦᠳᠬᠦ ᠳᠤ ᠣᠷᠣᠯᠴᠠᠭᠤᠯᠬᠤ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠨ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ | ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠥᠪᠡᠷ ᠤᠨ ᠪᠡᠶ᠎ᠡ ᠳᠡᠭᠡᠨ ᠠᠰᠢᠭᠯᠠᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠵᠣᠬᠢᠬᠤ ᠳᠦᠷᠢᠮᠯᠡᠯ ᠭᠡᠵᠦ ᠪᠠᠶᠢᠳᠠᠭ ᠦᠭᠡᠢ᠂ | ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ | ᠵᠣᠷᠢᠭᠲᠠᠢ ᠲᠤᠷᠰᠢᠵᠤ᠂ ᠵᠣᠷᠢᠭᠲᠠᠢ ᠬᠢᠬᠦ ᠬᠡᠷᠡᠭᠲᠡᠢ ᠭᠡᠵᠦ ᠬᠡᠯᠡᠪᠡ᠃ | ᠰᠤᠷᠤᠯᠴᠠᠯᠭ᠎ᠠ ᠶᠢᠨ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠥᠪᠡᠷᠲᠡᠭᠡᠨ ᠵᠠᠰᠠᠬᠤ | ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ | ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠤᠰᠤᠳ ᠬᠤᠯᠪᠣᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ |