ᠬᠤᠶᠠᠷ ᠰᠠᠯᠠᠭ᠎ᠠ ᠮᠥᠴᠢᠷ᠄ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/8/30
    ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ 28 ᠤ ᠡᠳᠦᠷ ᠠᠯᠪᠠᠨ ᠵᠠᠷᠯᠠᠯ ᠨᠡᠶᠢᠲᠡᠯᠡᠵᠦ᠂ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃     ᠠᠯᠪᠠᠨ ᠵᠠᠷᠯᠠᠯ ᠢ ᠦᠨᠳᠦᠰᠦᠯᠡᠪᠡᠯ᠂ ᠰᠠᠭᠤᠭᠠᠯᠢ ᠠᠷᠠᠳ ᠤᠨ ᠬᠤᠪᠢ ᠬᠥᠮᠥᠨ ᠤ ᠣᠯᠣᠭᠰᠠᠨ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠨᠢ ︽ᠬᠤᠪᠢ ᠬᠥᠮᠥᠨ ᠤ ᠣᠯᠣᠭᠰᠠᠨ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠳᠤ ᠲᠣᠬᠢᠷᠠᠭᠤᠯᠤᠯᠲᠠ ᠬᠢᠬᠦ ᠵᠡᠷᠭᠡ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠠᠷᠭ᠎ᠠ ᠶᠢ ᠪᠤᠳᠤᠬᠤ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠠᠷᠬᠠᠭᠠᠭᠰᠠᠨ ﹇2005﹈ 9 ᠳ᠋ᠦ᠋ᠭᠡᠷ ᠲᠣᠭᠠᠲᠤ︶ ᠤᠨ ᠲᠣᠭᠲᠠᠭᠠᠯ ᠳᠤ ᠨᠡᠶᠢᠴᠡᠪᠡᠯ᠂ ᠲᠤᠬᠠᠢ ᠶᠢᠨ ᠵᠢᠯ ᠤᠨ ᠶᠡᠷᠦᠩᠬᠡᠶᠢᠯᠡᠭᠰᠡᠨ ᠣᠷᠣᠯᠭ᠎ᠠ ᠳᠤ ᠨᠡᠶᠢᠯᠡᠭᠦᠯᠦᠨ ᠣᠷᠣᠭᠤᠯᠬᠤ ᠦᠭᠡᠢ᠂ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠶᠢᠨ ᠣᠷᠣᠯᠭ᠎ᠠ ᠶᠢ 12 ᠰᠠᠷ᠎ᠠ ᠪᠠᠷ ᠬᠤᠪᠢᠶᠠᠭᠠᠳ ᠣᠯᠣᠭᠰᠠᠨ ᠲᠤᠭ᠎ᠠ ᠪᠠᠷ ᠰᠠᠷ᠎ᠠ ᠪᠠᠷ ᠰᠣᠯᠢᠵᠤ ᠪᠤᠳᠤᠬᠰᠠᠨ ᠤ ᠳᠠᠷᠠᠭᠠᠬᠢ ᠶᠡᠷᠦᠩᠬᠡᠶᠢᠯᠡᠭᠰᠡᠨ ᠠᠰᠢᠭ ᠣᠷᠣᠯᠭ᠎ᠠ ᠶᠢᠨ ᠭᠠᠶᠢᠯᠢ ᠶᠢᠨ ᠨᠣᠷᠮ᠎ᠠ ᠶᠢᠨ ᠬᠦᠰᠦᠨᠦᠭᠲᠦ ᠶᠢᠨ ᠶᠣᠰᠣᠭᠠᠷ᠂ ᠲᠣᠬᠢᠷᠠᠬᠤ ᠭᠠᠶᠢᠯᠢ ᠶᠢᠨ ᠨᠣᠷᠮ᠎ᠠ ᠪᠠ ᠲᠦᠷᠭᠡᠨ ᠪᠤᠳᠤᠬᠰᠠᠨ ᠬᠠᠰᠤᠵᠤ ᠭᠠᠷᠭᠠᠬᠤ ᠲᠤᠭ᠎ᠠ ᠶᠢ ᠲᠣᠭᠲᠠᠭᠠᠵᠤ᠂ ᠲᠤᠰᠠᠭᠠᠷ ᠭᠠᠶᠢᠯᠢ ᠲᠤᠰᠢᠶᠠᠨ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠬᠤᠪᠢ ᠬᠥᠮᠥᠨ ᠤ ᠣᠯᠣᠭᠰᠠᠨ ᠪᠦᠭᠦ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠤᠨ ᠮᠥᠩᠭᠦ ᠶᠢ ᠪᠠᠰᠠ ᠲᠤᠬᠠᠢ ᠶᠢᠨ ᠵᠢᠯ ᠤᠨ ᠶᠡᠷᠦᠩᠬᠡᠶᠢᠯᠡᠭᠰᠡᠨ ᠣᠷᠣᠯᠭ᠎ᠠ ᠳᠤ ᠨᠡᠶᠢᠯᠡᠭᠦᠯᠦᠨ ᠣᠷᠣᠭᠤᠯᠵᠤ ᠭᠠᠶᠢᠯᠢ ᠲᠤᠰᠢᠶᠠᠬᠤ ᠶᠢ ᠪᠤᠳᠤᠵᠤ ᠪᠣᠯᠣᠨ᠎ᠠ᠃ ᠲᠣᠰ ᠠᠯᠪᠠᠨ ᠵᠠᠷᠯᠠᠯ ᠢ 2027 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ ᠬᠡᠷᠡᠭᠵᠢᠭᠦᠯᠦᠨ᠎ᠡ᠃     ᠬᠤᠶᠠᠷ ᠰᠠᠯᠠᠭ᠎ᠠ ᠮᠥᠴᠢᠷ ᠲᠣᠰ ᠡᠳᠦᠷ ᠪᠠᠰᠠ ᠣᠯᠠᠨ ᠵᠦᠢᠯ ᠤᠨ ᠠᠯᠪᠠᠨ ᠵᠠᠷᠯᠠᠯ ᠨᠡᠶᠢᠲᠡᠯᠡᠵᠦ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠤᠯᠪᠣᠭᠳᠠᠯ ᠪᠦᠬᠦᠢ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ᠠᠯᠪᠠᠨ ᠵᠠᠷᠯᠠᠯ ᠳᠤ᠂ 2024 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ ᠰᠠᠭᠤᠭᠠᠯᠢ ᠠᠷᠠᠳ ᠤᠨ ᠬᠤᠪᠢ ᠬᠥᠮᠥᠨ ᠤ ᠣᠯᠣᠭᠰᠠᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠵᠢᠯ ᠤᠨ ᠶᠡᠷᠦᠩᠬᠡᠢ ᠠᠰᠢᠭ ᠣᠷᠣᠯᠭ᠎ᠠ ᠨᠢ 12 ᠲᠦᠮᠡᠨ ᠲᠥᠭᠦᠷᠢᠭ ᠠᠴᠠ ᠬᠡᠲᠦᠷᠡᠬᠦ ᠦᠭᠡᠢ ᠪᠥᠭᠡᠳ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠪᠤᠳᠤᠭᠠᠳ ᠨᠥᠬᠦᠪᠦᠷᠢ ᠭᠠᠶᠢᠯᠢ ᠲᠤᠰᠢᠶᠠᠬᠤ ᠴᠢᠬᠤᠯᠠᠲᠠᠢ ᠪᠠᠶᠢᠪᠠᠯ᠂ ᠡᠰᠡᠬᠦᠯ᠎ᠡ ᠣᠨ ᠤ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠪᠤᠳᠤᠬᠰᠠᠨ ᠨᠥᠬᠦᠪᠦᠷᠢ ᠭᠠᠶᠢᠯᠢ ᠶᠢᠨ ᠵᠣᠭᠤᠰ ᠤᠨ ᠲᠤᠭ᠎ᠠ ᠨᠢ 400 ᠲᠥᠭᠦᠷᠢᠭ ᠠᠴᠠ ᠬᠡᠲᠦᠷᠡᠬᠦ ᠦᠭᠡᠢ ᠪᠠᠶᠢᠪᠠᠯ᠂ ᠰᠠᠭᠤᠭᠠᠯᠢ ᠠᠷᠠᠳ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠃ ᠰᠠᠭᠤᠭᠠᠯᠢ ᠠᠷᠠᠳ ᠬᠤᠪᠢ ᠬᠥᠮᠥᠨ ᠤ ᠶᠡᠷᠦᠩᠬᠡᠶᠢᠯᠡᠭᠰᠡᠨ ᠠᠰᠢᠭ ᠣᠷᠣᠯᠭ᠎ᠠ ᠣᠯᠬᠤ ᠳᠤ ᠰᠠᠭᠤᠯᠭᠠᠨ ᠲᠤᠰᠢᠶᠠᠬᠤ ᠡᠭᠦᠷᠭᠡ ᠲᠠᠢ ᠬᠥᠮᠥᠨ ᠬᠠᠤᠯᠢ ᠶᠣᠰᠣᠭᠠᠷ ᠭᠠᠶᠢᠯᠢ ᠶᠢᠨ ᠵᠣᠭᠤᠰ ᠢ  ᠤᠷᠢᠳᠴᠢᠯᠠᠨ ᠰᠠᠭᠤᠯᠭᠠᠵᠤ ᠲᠤᠰᠢᠶᠠᠭᠰᠠᠨ ᠦᠭᠡᠢ ᠪᠠᠶᠢᠳᠠᠯ ᠡᠭᠦᠨ ᠳᠤ ᠪᠠᠭᠲᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃     ᠡᠭᠦᠨ ᠠᠴᠠ ᠭᠠᠳᠠᠨ᠎ᠠ᠂ ᠭᠠᠳᠠᠭᠠᠳᠤ ᠤᠯᠤᠰ ᠤᠨ ᠬᠠᠷᠢᠶ᠎ᠠ ᠲᠠᠢ ᠬᠤᠪᠢ ᠬᠥᠮᠥᠨ ᠤ ᠬᠤᠯᠪᠣᠭᠳᠠᠯ ᠪᠦᠬᠦᠢ ᠨᠡᠮᠡᠭᠦᠷᠢ ᠨᠥᠬᠦᠪᠦᠷᠢ ᠶᠢᠨ ᠭᠠᠶᠢᠯᠢ ᠶᠢᠨ ᠲᠤᠬᠠᠢ ᠲᠥᠷᠥ ᠶᠢᠨ ᠪᠣᠳᠣᠯᠭ᠎ᠠ ᠪᠠ ᠠᠯᠤᠰ ᠲᠡᠯᠡᠶ ᠶᠢᠨ ᠣᠩᠭᠤᠴᠠᠴᠢᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ 2027 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号