ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠦᠷᠦᠭᠦᠬᠡᠨ ᠨᠡᠶᠢᠲᠡᠯᠡᠭᠰᠡᠨ ᠮᠡᠳᠡᠭᠡ ᠠᠴᠠ | ᠦᠵᠡᠪᠡᠯ᠂ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠪᠠᠷ ᠳᠡᠮᠵᠢᠨ᠂ | 26 ᠵᠦᠢᠯ ᠤᠨ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ ᠡᠮ ᠡᠮᠨᠡᠯᠭᠡ ᠶᠢᠨ ᠳᠠᠭᠠᠳᠬᠠᠯ ᠤᠨ | ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠤ᠂ ᠳᠤᠮᠳᠠᠴᠢ ᠦᠨ᠎ᠡ ᠶᠢᠨ ᠪᠠᠭᠤᠷᠠᠯᠲᠠ ᠨᠢ 50% ᠶᠢ ᠳᠠᠪᠠᠵᠠᠢ᠃ | ᠪᠤᠰᠤᠳ ᠡᠮ ᠤᠨ ᠵᠦᠢᠯᠡᠰ ᠤᠨ ᠵᠥᠪᠰᠢᠶᠡᠷᠡᠨ ᠣᠷᠣᠭᠤᠯᠬᠤ ᠠᠷᠭ᠎ᠠ ᠮᠠᠶ᠋ᠢᠭ ᠢ ᠳᠠᠪᠬᠤᠴᠠᠭᠤᠯᠤᠨ ᠨᠡᠮᠡᠪᠡᠯ᠂ | ᠣᠳᠣᠬᠠᠨ ᠳᠤ ᠮᠠᠨ ᠤ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠣᠯᠣᠭᠰᠠᠨ 75 ᠵᠦᠢᠯ ᠤᠨ | ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯᠡᠰ ᠤᠨ 50 ᠭᠠᠷᠤᠢ ᠵᠦᠢᠯ ᠢ ᠨᠢ ᠨᠢᠭᠡᠨᠲᠡ ᠡᠮ | ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠠᠢ᠃ | ᠣᠶᠢᠷ᠎ᠠ ᠶᠢᠨ ᠵᠢᠯ ᠤᠳ ᠲᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠷᠣᠬᠤ | ᠵᠥᠪᠰᠢᠶᠡᠷᠡᠯ ᠤᠨ ᠵᠢᠷᠤᠮ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠨᠥᠬᠦᠴᠡᠯ ᠳᠤ ᠨᠡᠶᠢᠴᠡᠬᠦ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠢ ᠴᠠᠭ ᠲᠤᠬᠠᠢ ᠳᠤᠨᠢ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ | ᠭᠠᠷᠴᠠᠭ ᠲᠤ ᠣᠷᠣᠭᠤᠯᠵᠤ᠂ 2023 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠥᠯ ᠳᠤ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ᠵᠠᠬ᠎ᠠ ᠳᠡᠯᠭᠡᠭᠦᠷ ᠲᠤ ᠭᠠᠷᠭᠠᠬᠤ ᠴᠠᠭ ᠤᠨ | ᠬᠢᠵᠠᠭᠠᠷᠯᠠᠯ ᠭᠠᠷᠭᠠᠭᠰᠠᠨ ᠦᠭᠡᠢ ᠪᠠᠶᠢᠵᠤ᠂ ᠤᠯᠤᠰ ᠠᠴᠠ ᠡᠮ ᠤᠨ ᠵᠦᠢᠯᠡᠰ ᠤᠨ ᠭᠠᠷᠴᠠᠭ ᠢ ᠳᠠᠭᠤᠷᠢᠶᠠᠨ | ᠦᠢᠯᠡᠳᠬᠦ ᠶᠢ ᠵᠣᠷᠢᠭᠵᠢᠭᠤᠯᠵᠤ ᠪᠠᠶᠢᠭ᠎ᠠ ᠡᠮ ᠤᠨ ᠵᠦᠢᠯᠡᠰ ᠢ ᠲᠤᠬᠠᠢ ᠶᠢᠨ ᠵᠢᠯ ᠤᠨ ᠡᠮ ᠡᠮᠨᠡᠯᠭᠡ ᠶᠢᠨ | ᠳᠠᠭᠠᠳᠬᠠᠯ ᠤᠨ ᠭᠠᠷᠴᠠᠭ ᠲᠤ ᠭᠤᠶᠤᠴᠢᠯᠠᠨ ᠮᠡᠳᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ | ᠵᠥᠪᠰᠢᠶᠡᠷᠡᠨ ᠣᠷᠣᠭᠤᠯᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠪᠡ᠃ | ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠠᠢ ᠬᠠᠮᠲᠤᠷᠠᠨ ᠤᠷᠢᠳ ᠬᠤᠵᠢᠳ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠬᠤᠶᠠᠷ ᠠᠷᠭ᠎ᠠ ᠵᠠᠮ ᠢᠶᠠᠷ ᠳᠠᠮᠵᠢᠭᠤᠯᠤᠨ᠂ ᠬᠡᠯᠡᠯᠴᠡᠭᠡ ᠬᠢᠭᠰᠡᠨ ᠡᠮ ᠤᠨ ᠵᠦᠢᠯᠡᠰ ᠤᠨ ᠬᠠᠩᠭᠠᠯᠭ᠎ᠠ ᠶᠢᠨ | ᠪᠠᠲᠤᠯᠠᠭ᠎ᠠ᠂ ᠡᠮᠴᠢᠯᠡᠭᠡᠨ ᠳᠤ ᠵᠣᠬᠢᠴᠠᠬᠤ ᠵᠡᠷᠭᠡ ᠲᠠᠯ᠎ᠠ ᠶᠢᠨ ᠵᠦᠢ ᠵᠣᠬᠢᠰᠲᠠᠢ ᠬᠡᠷᠡᠭᠴᠡᠭᠡ ᠶᠢ ᠬᠠᠩᠭᠠᠪᠠ᠃ 2023 | ᠣᠨ ᠤ 6 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠤᠯᠤᠰ ᠲᠤ ᠨᠢᠭᠡᠨᠲᠡ 22.9 ᠲᠦᠮᠡᠨ ᠲᠣᠭᠲᠠᠭᠰᠠᠨ ᠴᠡᠭ ᠤᠨ | ᠡᠮᠨᠡᠯᠭᠡ ᠶᠢᠨ ᠬᠤᠷᠢᠶ᠎ᠠ ᠪᠠ ᠡᠮ ᠤᠨ ᠳᠡᠯᠭᠡᠭᠦᠷ ᠲᠤ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ | ᠪᠠᠭᠲᠠᠭᠠᠭᠰᠠᠨ ᠭᠠᠷᠴᠠᠭ ᠤᠨ ᠬᠡᠯᠡᠯᠴᠡᠭᠡ ᠬᠢᠬᠦ ᠡᠮ ᠤᠨ ᠵᠦᠢᠯᠡᠰ ᠢ ᠲᠣᠬᠢᠷᠠᠭᠤᠯᠪᠠ᠃ | ᠣᠶᠢᠯᠠᠭᠠᠭᠰᠠᠨ ᠢᠶᠠᠷ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ | ᠳᠠᠭᠠᠳᠬᠠᠯ ᠳᠤ ᠣᠷᠣᠭᠤᠯᠬᠤ ᠶᠢ ᠵᠥᠪᠰᠢᠶᠡᠷᠡᠬᠦ ᠬᠡᠯᠡᠯᠴᠡᠭᠡᠷ ᠤᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ | ᠡᠮᠴᠢᠯᠡᠭᠡᠨ ᠤ ᠬᠡᠷᠡᠭᠴᠡᠭᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠨᠥᠬᠦᠴᠡᠯ ᠳᠤ ᠨᠡᠶᠢᠴᠡᠬᠦ ᠬᠤᠪᠣᠷ ᠲᠣᠬᠢᠶᠠᠯᠳᠤᠬᠤ ᠡᠪᠡᠳᠴᠢᠨ ᠳᠤ | ᠬᠡᠷᠡᠭᠯᠡᠬᠦ ᠡᠮ ᠢ ᠲᠠᠰ ᠳᠠᠷᠠᠭᠠᠯᠠᠯ ᠶᠣᠰᠣᠭᠠᠷ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ | ᠭᠠᠷᠴᠠᠭ ᠲᠤ ᠣᠷᠣᠭᠤᠯᠵᠤ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠎ᠡ᠃ |