ᠰᠤᠷᠪᠤᠯᠵᠢᠯᠠᠬᠴᠢ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠯᠠᠱᠠ ᠶᠢᠨ ᠰᠢᠨ ᠵᠢᠩ ᠨᠡᠭᠦᠷᠡᠰᠦᠨ ᠤ | ᠦᠢᠯᠡᠰ ᠤᠨ ᠬᠢᠵᠠᠭᠠᠷᠲᠤ ᠺᠤᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2·22︾ ·22 ᠤᠨ ᠣᠨᠴᠠᠭᠠᠢ | ᠬᠦᠨᠳᠦ ᠶᠡᠭᠡ ᠶᠡᠭᠦᠷᠡᠭᠰᠡᠨ ᠠᠳᠡᠯ ᠭᠠᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠬᠠᠢ ᠶᠢᠨ ᠲᠠᠯᠠᠪᠤᠷ ᠲᠤ ᠠᠪᠤᠷᠠᠨ ᠲᠤᠰᠠᠯᠠᠬᠤ᠂ ᠰᠢᠷᠬᠠᠲᠤᠭᠰᠠᠳ ᠢ ᠠᠪᠤᠷᠠᠨ ᠡᠮᠨᠡᠬᠦ᠂ | ᠬᠤᠶᠢᠲᠤᠬᠢ ᠶᠠᠪᠤᠳᠠᠯ ᠢ ᠲᠥᠪᠬᠢᠨᠡᠭᠦᠯᠬᠦ ᠪᠠ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠲᠠᠯ᠎ᠠ ᠪᠠᠷ ᠲᠡᠷᠡ ᠳᠠᠷᠤᠢ | ᠳᠤᠨᠢ ᠪᠠᠶᠢᠷᠢᠯᠠᠭᠤᠯᠤᠯᠲᠠ ᠬᠢᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ 19 ᠠᠵᠤ ᠠᠬᠤᠶᠢᠯᠠᠯ ᠤᠨ | ᠠᠵᠢᠯᠲᠠᠨ ᠢ ᠬᠡᠷᠡᠭ ᠪᠣᠯᠭᠠᠨ ᠳᠡᠩᠰᠡᠯᠡᠵᠦ ᠮᠦᠷᠳᠡᠨ ᠪᠠᠶᠢᠴᠠᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠪᠣᠯᠣᠨ | ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠤᠮᠵᠢ ᠨᠤᠭᠤᠳ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠲᠣᠭᠲᠠᠭᠠᠯ ᠰᠠᠬᠢᠯᠭ᠎ᠠ | ᠬᠠᠤᠯᠢ ᠶᠣᠰᠣᠭᠠᠷ ᠠᠳᠡᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ 42 | ᠠᠯᠪᠠᠨ ᠲᠤᠰᠢᠶᠠᠯᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃ | ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠤᠪᠢ ᠣᠷᠣᠭᠤᠯᠤᠭᠴᠢ ᠬᠠᠨ ᠵᠢᠶᠠᠨ ᠬᠤᠸᠠ᠂ ᠥᠪᠥᠷ | ᠮᠣᠩᠭᠤᠯ ᠤᠨ ᠬᠤᠩ ᠰᠢᠨ ᠶᠣᠣ ᠰᠢᠷᠣᠢ ᠴᠢᠯᠠᠭᠤ ᠶᠢᠨ ᠪᠠᠷᠢᠯᠭ᠎ᠠ ᠶᠢᠨ ᠬᠢᠵᠠᠭᠠᠷᠲᠤ ᠺᠤᠮᠫᠠᠨᠢ ᠶᠢᠨ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠮᠠ ᠰᠢᠩ ᠬᠤᠩ ᠵᠡᠷᠭᠡ 19 ᠬᠥᠮᠥᠨ ᠤ ᠬᠦᠨᠳᠦ ᠶᠡᠭᠡ ᠬᠠᠷᠢᠭᠤᠴᠠᠯᠭ᠎ᠠ ᠶᠢᠨ | ᠠᠳᠡᠯ ᠭᠠᠷᠭᠠᠭᠰᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠷᠡᠭ | ᠪᠣᠯᠭᠠᠨ ᠳᠡᠩᠰᠡᠯᠡᠵᠦ ᠮᠦᠷᠳᠡᠨ ᠪᠠᠶᠢᠴᠠᠭᠠᠵᠤ᠂ ᠡᠭᠦᠨ ᠳᠤ 13 ᠬᠥᠮᠥᠨ ᠢ ᠪᠠᠶᠢᠴᠠᠭᠠᠬᠤ ᠪᠠᠶᠢᠭᠤᠯᠭ᠎ᠠ ᠨᠢᠭᠡᠨᠲᠡ | ᠪᠠᠷᠢᠪᠴᠢᠯᠠᠬᠤ ᠶᠢ ᠵᠥᠪᠰᠢᠶᠡᠷᠡᠭᠰᠡᠨ ᠪᠠᠶᠢᠨ᠎ᠠ᠃ | ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ︵ᠬᠤᠶᠠᠷᠬᠤᠳᠳᠤᠭ ᠤᠨ ᠠᠮᠢ | ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠪᠠ | ᠠᠵᠤ ᠠᠬᠤᠢ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ︶ ᠠᠯᠲᠠᠨᠪᠠᠭᠠᠨ᠎ᠠ᠂ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ | ᠵᠢᠱᠢᠶ᠎ᠡ ᠦᠵᠡᠭᠦᠯᠭᠦ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠠᠬᠤᠢ ᠶᠢᠨ ᠲᠤᠭ᠎ᠠ | ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ | ᠵᠥᠩ ᠶᠤᠸᠠᠨ᠂ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠤᠨ | ᠡᠷᠭᠢᠯᠡᠭᠴᠢ ᠯᠢᠶᠠᠩ ᠸᠧᠢ᠂ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠡᠨᠧᠷᠭᠢ ᠶᠢᠨ ᠰᠠᠯᠠᠭᠠᠨ ᠤ ᠰᠠᠯᠠᠭᠠᠨ ᠳᠠᠷᠤᠭ᠎ᠠ ᠵᠠᠨ ᠬᠤᠶ ᠮᠢᠨ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ | ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ | ᠬᠡᠷᠡᠭᠵᠢᠭᠦᠯᠬᠦ ᠨᠢᠭᠡᠳᠦᠭᠡᠷ ᠭᠠᠵᠠᠷ ᠤᠨ ᠳᠡᠳ᠋ ᠳᠠᠷᠤᠭ᠎ᠠ ᠦ᠋ ᠨᠢᠩ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ | ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ | ᠬᠡᠷᠡᠭᠵᠢᠭᠦᠯᠬᠦ ᠨᠢᠭᠡᠳᠦᠭᠡᠷ ᠭᠠᠵᠠᠷ ᠤᠨ ᠬᠤᠶᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠵᠢᠩ ᠲᠢᠶᠠᠨ ᠵᠡᠷᠭᠡ 6 | ᠠᠯᠪᠠᠨ ᠲᠤᠰᠢᠶᠠᠯᠲᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠪᠠ ᠡᠷᠬᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠠᠴᠠ ᠪᠣᠯᠵᠤ᠂ ᠶᠠᠭ ᠰᠠᠬᠢᠯᠭ᠎ᠠ ᠪᠠᠲᠤ ᠶᠢᠨ ᠬᠢᠨᠠᠨ | ᠪᠠᠶᠢᠴᠠᠭᠠᠯᠲᠠ ᠪᠠ ᠬᠢᠨᠠᠨ ᠪᠠᠶᠢᠴᠠᠭᠠᠬᠤ ᠪᠠᠶᠢᠴᠠᠭᠠᠯᠲᠠ ᠶᠢ ᠬᠦᠯᠢᠶᠡᠵᠦ ᠪᠠᠶᠢᠨ᠎ᠠ᠃ | ᠡᠭᠦᠨ ᠤ ᠵᠡᠷᠭᠡ ᠪᠠᠷ᠂ ᠲᠣᠰ ᠠᠳᠡᠯ ᠳᠤ ᠲᠤᠰᠢᠶᠠᠯ ᠬᠠᠷᠢᠭᠤᠴᠠᠯᠭ᠎ᠠ ᠠᠯᠳᠠᠭᠰᠠᠨ ᠠᠯᠠᠱᠠ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ | ᠦᠵᠡᠭᠦᠯᠭᠦ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ᠂ ᠤᠯᠤᠰ ᠤᠨ | ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠵᠢᠴᠢ ᠠᠶᠢᠮᠠᠭ᠂ ᠵᠢᠱᠢᠶ᠎ᠡ ᠦᠵᠡᠭᠦᠯᠭᠦ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ 36 ᠠᠯᠪᠠᠨ ᠲᠤᠰᠢᠶᠠᠯᠲᠠᠨ ᠢ ᠴᠢᠩᠭ᠎ᠠ ᠰᠢᠢᠳᠪᠦᠷᠢᠯᠡᠪᠡ᠃ ᠡᠭᠦᠨ ᠳᠤ᠂ ᠠᠯᠠᠱᠠ ᠠᠶᠢᠮᠠᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠳᠤ ᠨᠠᠮ ᠤᠨ ᠳᠣᠲᠣᠭᠠᠳᠤ ᠳᠤ ᠴᠢᠩᠭ᠎ᠠ | ᠳᠣᠩᠭᠤᠳᠬᠤ ᠪᠠ ᠵᠠᠰᠠᠭ ᠤᠨ ᠶᠠᠪᠤᠳᠠᠯ ᠤᠨ ᠶᠡᠭᠡ ᠣᠰᠣᠯ ᠲᠡᠮᠳᠡᠭᠯᠡᠬᠦ ᠰᠢᠢᠳᠬᠡᠯ ᠥᠭᠪᠡ᠃ ᠤᠯᠤᠰ ᠤᠨ | ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢᠶᠠᠩ ᠬᠤᠩ ᠯᠢ ᠳᠤ | ᠨᠠᠮ ᠤᠨ ᠳᠣᠲᠣᠭᠠᠳᠤ ᠳᠤ ᠴᠢᠩᠭ᠎ᠠ ᠳᠣᠩᠭᠤᠳᠬᠤ ᠰᠢᠢᠳᠬᠡᠯ ᠥᠭᠪᠡ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠶᠢᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ︶ ᠸᠠᠩ ᠶᠢᠨ ᠪᠤᠤ ᠳᠤ ᠨᠠᠮ ᠤᠨ ᠳᠣᠲᠣᠭᠠᠳᠤ ᠳᠤ ᠴᠢᠩᠭ᠎ᠠ ᠳᠣᠩᠭᠤᠳᠬᠤ ᠰᠢᠢᠳᠬᠡᠯ ᠥᠭᠪᠡ᠃ ᠠᠯᠠᠱᠠ | ᠠᠶᠢᠮᠠᠭ ᠤᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠶᠢᠮᠠᠭ ᠤᠨ | ᠳᠡᠳ᠋ ᠳᠠᠷᠤᠭ᠎ᠠ ᠺᠦᠩ ᠳ᠋ᠧ ᠭᠦᠶ ᠳᠤ ᠨᠠᠮ ᠤᠨ ᠳᠣᠲᠣᠭᠠᠳᠤ ᠶᠢᠨ ᠲᠤᠰᠢᠶᠠᠯ᠂ ᠵᠠᠰᠠᠭ ᠤᠨ ᠶᠠᠪᠤᠳᠠᠯ ᠤᠨ | ᠲᠤᠰᠢᠶᠠᠯ ᠠᠴᠠ ᠨᠢ ᠤᠬᠴᠠᠷᠠᠭᠤᠯᠬᠤ ᠰᠢᠢᠳᠬᠡᠯ ᠥᠭᠴᠦ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠪᠣᠯᠭᠠᠨ ᠪᠠᠭᠤᠷᠠᠭᠤᠯᠪᠠ᠃ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠲᠢᠶᠠᠨ | ᠰᠢᠤᠸᠠᠢ ᠸᠧᠨ ᠳᠤ ᠨᠠᠮ ᠳᠤ ᠦᠯᠡᠳᠡᠭᠡᠨ ᠨᠢᠭᠡ ᠵᠢᠯ ᠪᠠᠶᠢᠴᠠᠭᠠᠨ ᠦᠵᠡᠵᠦ᠂ ᠵᠠᠰᠠᠭ ᠤᠨ ᠶᠠᠪᠤᠳᠠᠯ ᠤᠨ | ᠲᠤᠰᠢᠶᠠᠯ ᠠᠴᠠ ᠨᠢ ᠤᠬᠴᠠᠷᠠᠭᠤᠯᠬᠤ ᠰᠢᠢᠳᠬᠡᠯ ᠥᠭᠴᠦ᠂ ᠬᠤᠶᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠪᠣᠯᠭᠠᠨ | ᠪᠠᠭᠤᠷᠠᠭᠤᠯᠪᠠ᠃ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ︵ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠲᠣᠭᠤᠷᠢᠭ ᠤᠨ ᠤᠤᠯ ᠤᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ︶ ᠴᠧᠨ ᠵᠠᠨ ᠶᠦᠨ ᠳᠤ | ᠨᠠᠮ ᠳᠤ ᠦᠯᠡᠳᠡᠭᠡᠨ ᠨᠢᠭᠡ ᠵᠢᠯ ᠪᠠᠶᠢᠴᠠᠭᠠᠨ ᠦᠵᠡᠵᠦ᠂ ᠵᠠᠰᠠᠭ ᠤᠨ ᠶᠠᠪᠤᠳᠠᠯ ᠤᠨ ᠲᠤᠰᠢᠶᠠᠯ ᠠᠴᠠ ᠨᠢ | ᠤᠬᠴᠠᠷᠠᠭᠤᠯᠬᠤ ᠰᠢᠢᠳᠬᠡᠯ ᠥᠭᠴᠦ᠂ ᠬᠤᠶᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠪᠣᠯᠭᠠᠨ ᠪᠠᠭᠤᠷᠠᠭᠤᠯᠪᠠ᠃ | ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠭᠢᠯᠡᠭᠴᠢ ᠡᠷᠳᠡᠨᠢ ᠳᠤ ᠨᠠᠮ ᠤᠨ | ᠳᠣᠲᠣᠭᠠᠳᠤ ᠶᠢᠨ ᠲᠤᠰᠢᠶᠠᠯ ᠠᠴᠠ ᠨᠢ ᠤᠬᠴᠠᠷᠠᠭᠤᠯᠬᠤ᠂ ᠵᠠᠰᠠᠭ ᠤᠨ ᠶᠠᠪᠤᠳᠠᠯ ᠤᠨ ᠲᠤᠰᠢᠶᠠᠯ ᠠᠴᠠ ᠨᠢ | ᠤᠬᠴᠠᠷᠠᠭᠤᠯᠬᠤ ᠰᠢᠢᠳᠬᠡᠯ ᠥᠭᠴᠦ᠂ ᠬᠤᠶᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠪᠣᠯᠭᠠᠨ ᠪᠠᠭᠤᠷᠠᠭᠤᠯᠪᠠ᠃ | ᠠᠯᠠᠱᠠ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠸᠠᠩ ᠬᠤᠩ ᠸᠧᠢ ᠳᠤ ᠨᠠᠮ ᠳᠤ ᠦᠯᠡᠳᠡᠭᠡᠨ ᠨᠢᠭᠡ ᠵᠢᠯ ᠪᠠᠶᠢᠴᠠᠭᠠᠨ ᠦᠵᠡᠬᠦ᠂ ᠵᠠᠰᠠᠭ ᠤᠨ | ᠶᠠᠪᠤᠳᠠᠯ ᠤᠨ ᠲᠤᠰᠢᠶᠠᠯ ᠠᠴᠠ ᠨᠢ ᠤᠬᠴᠠᠷᠠᠭᠤᠯᠬᠤ ᠰᠢᠢᠳᠬᠡᠯ ᠥᠭᠴᠦ᠂ ᠬᠤᠶᠠᠳᠤᠭᠠᠷ ᠳᠡᠰ ᠤᠨ ᠡᠷᠭᠢᠯᠡᠭᠴᠢ | ᠭᠡᠰᠢᠭᠦᠴᠢ ᠪᠣᠯᠭᠠᠨ ᠪᠠᠭᠤᠷᠠᠭᠤᠯᠪᠠ᠃ ᠠᠯᠠᠱᠠ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠶᠦ᠋ᠨ ᠳᠤ ᠨᠠᠮ ᠤᠨ ᠳᠣᠲᠣᠭᠠᠳᠤ ᠶᠢᠨ | ᠲᠤᠰᠢᠶᠠᠯ ᠠᠴᠠ ᠨᠢ ᠤᠬᠴᠠᠷᠠᠭᠤᠯᠬᠤ᠂ ᠵᠠᠰᠠᠭ ᠤᠨ ᠶᠠᠪᠤᠳᠠᠯ ᠤᠨ ᠲᠤᠰᠢᠶᠠᠯ ᠠᠴᠠ ᠨᠢ ᠤᠬᠴᠠᠷᠠᠭᠤᠯᠬᠤ ᠰᠢᠢᠳᠬᠡᠯ | ᠥᠭᠴᠦ᠂ ᠬᠤᠶᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠪᠣᠯᠭᠠᠨ ᠪᠠᠭᠤᠷᠠᠭᠤᠯᠪᠠ᠃ ᠪᠤᠰᠤᠳ ᠬᠠᠮᠢᠶ᠎ᠠ ᠪᠦᠬᠦᠢ | ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠬᠦ ᠪᠤᠶᠤ | ᠰᠡᠷᠡᠮᠵᠢᠯᠡᠭᠦᠯᠦᠨ ᠢᠳᠬᠠᠬᠤ᠂ ᠰᠢᠭᠦᠮᠵᠢᠯᠡᠨ ᠰᠤᠷᠭᠠᠬᠤ ᠵᠡᠷᠭᠡ ᠪᠠᠷ ᠰᠢᠢᠳᠪᠦᠷᠢᠯᠡᠪᠡ᠃ ᠲᠤᠰ ᠤᠳᠠᠭᠠᠨ ᠤ ᠠᠳᠡᠯ ᠳᠤ | ᠬᠠᠷᠢᠭᠤᠴᠠᠯᠭ᠎ᠠ ᠲᠠᠢ 12 ᠨᠢᠭᠡᠴᠢ ᠶᠢ ᠵᠠᠷᠯᠢᠭᠳᠠᠨ ᠪᠢᠴᠢᠭ ᠢᠶᠠᠷ ᠪᠠᠶᠢᠴᠠᠭᠠᠯᠲᠠ ᠬᠢᠯᠭᠡᠬᠦ ᠶᠢᠨ ᠬᠠᠮᠲᠤ ᠦᠨᠡᠨ ᠬᠦ | ᠴᠡᠭᠴᠡᠯᠡᠨ ᠰᠠᠶᠢᠵᠢᠷᠠᠭᠤᠯᠪᠠ᠃ | ᠠᠳᠡᠯ ᠡᠭᠦᠰᠦᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠣᠯᠣᠨ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠳᠠᠷᠤᠢ ᠲᠦᠷᠭᠡᠨ ᠡᠬᠢᠯᠡᠭᠦᠯᠵᠦ᠂ ᠠᠳᠡᠯ ᠠᠴᠠ | ᠠᠪᠤᠷᠠᠨ ᠲᠤᠰᠠᠯᠠᠬᠤ ᠵᠢᠴᠢ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠳᠠᠷᠤᠢ ᠲᠦᠷᠭᠡᠨ ᠥᠷᠨᠢᠭᠦᠯᠪᠡ᠃ | ᠪᠦᠭᠦ ᠣᠷᠣᠨ ᠤ ᠬᠡᠪᠴᠢᠶᠡᠨ ᠳᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ | ᠶᠡᠭᠡ ᠪᠠᠷ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠮᠤᠵᠢ ᠶᠢᠨ ᠱᠠᠲᠤᠨ ᠤ ᠤᠳᠤᠷᠢᠳᠬᠤ | ᠨᠥᠬᠦᠳ ᠢ ᠳᠤᠭᠤᠶᠢᠯᠠᠩ ᠳᠠᠭᠠᠭᠤᠯᠤᠨ ᠡᠯ᠎ᠡ ᠭᠠᠵᠠᠷ ᠲᠤ ᠣᠴᠢᠭᠤᠯᠵᠤ᠂ ᠠᠭᠤᠷᠬᠠᠢ᠂ ᠠᠶᠤᠯᠲᠠᠢ ᠬᠢᠮᠢ᠂ ᠰᠢᠲᠠᠮᠠᠬᠠᠢ | ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠬᠢᠨᠠᠨ ᠵᠢᠯᠤᠭᠤᠳᠴᠤ ᠪᠠᠶᠢᠴᠠᠭᠠᠯᠲᠠ | ᠬᠢᠵᠦ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠶᠢ | ᠬᠠᠷᠢᠭᠤᠴᠠᠭᠤᠯᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠳᠡᠯ ᠢ ᠰᠢᠢᠳᠪᠦᠷᠢᠯᠡᠬᠦ | ᠲᠤᠬᠠᠢ ᠲᠣᠭᠲᠠᠭᠠᠯ ᠭᠠᠷᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠦᠨᠵᠡᠭᠡᠢ ᠲᠤᠩᠭᠠᠨ ᠪᠤᠳᠤᠵᠤ᠂ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠢ ᠲᠡᠭᠦᠯᠳᠡᠷᠵᠢᠭᠦᠯᠬᠦ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠡ᠃ |