ᠡᠷᠡᠭᠦᠯᠵᠢᠯ ᠤᠨ ᠢᠳᠡᠭᠡᠨ ᠤ ᠰᠢᠨ᠎ᠡ ᠳᠦᠷᠢᠮ ᠨᠢ ᠭᠤᠷᠪᠠᠨ ᠶᠡᠭᠡ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2023/8/31
    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 28 ᠤ ᠡᠳᠦᠷ ︽ᠡᠷᠡᠭᠦᠯᠵᠢᠯ ᠤᠨ ᠢᠳᠡᠭᠡᠨ ᠤ ᠰᠢᠨ᠎ᠡ ᠴᠢᠳᠠᠮᠵᠢ ᠵᠢᠴᠢ ᠦᠢᠯᠡᠳᠬᠦᠨ ᠤ ᠮᠡᠷᠭᠡᠵᠢᠯ ᠤᠨ ᠦᠨᠡᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠪᠡ᠂ ᠡᠨᠡ ᠪᠣᠯ ᠮᠠᠨ ᠤ ᠤᠯᠤᠰ ᠤᠨ ᠥᠩᠭᠡᠷᠡᠭᠰᠡᠨ ᠤ ᠡᠷᠡᠭᠦᠯᠵᠢᠯ ᠤᠨ ᠢᠳᠡᠭᠡᠨ ᠤ ᠴᠢᠳᠠᠮᠵᠢ ᠶᠢ ᠦᠨᠡᠯᠡᠬᠦ ᠬᠠᠮᠢᠶᠠᠷᠤᠯᠲᠠ ᠶᠢᠨ ᠵᠠᠭᠪᠤᠷ ᠢ ᠳᠦᠷᠢᠮ ᠤᠨ ᠲᠠᠯ᠎ᠠ ᠠᠴᠠ ᠥᠭᠡᠷᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠭᠤᠷᠪᠠᠨ ᠶᠡᠭᠡ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢ ᠢᠯᠡᠷᠡᠭᠦᠯᠵᠡᠢ᠃     ᠨᠢᠭᠡ ᠳᠤ᠂ ᠰᠢᠨ᠎ᠡ ᠴᠢᠳᠠᠮᠵᠢᠲᠤ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ ᠬᠢᠨᠠᠨ ᠦᠨᠡᠯᠡᠬᠦ ᠪᠠ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭ᠎ᠠ ᠦᠨᠡᠯᠡᠬᠦ ᠶᠢ ᠬᠠᠷᠢᠯᠴᠠᠨ ᠤᠶᠠᠯᠳᠤᠭᠤᠯᠵᠤ᠂ ᠰᠢᠨ᠎ᠡ ᠴᠢᠳᠠᠮᠵᠢ ᠶᠢ ᠦᠨᠡᠯᠡᠬᠦ ᠠᠷᠭ᠎ᠠ ᠳᠤ ᠵᠠᠷᠴᠢᠮ ᠳᠡᠭᠡᠷ᠎ᠡ ᠪᠠᠨ ᠡᠷᠬᠡᠪᠰᠢ ᠬᠥᠮᠥᠨ ᠢᠶᠠᠷ ᠲᠤᠷᠰᠢᠨ ᠢᠳᠡᠭᠦᠯᠬᠦ ᠲᠤᠷᠰᠢᠯᠲᠠ ᠶᠢ ᠪᠠᠭᠲᠠᠭᠠᠬᠤ ᠬᠡᠷᠡᠭᠲᠡᠢ᠃ ᠬᠡᠷᠡᠭᠵᠢᠭᠦᠯᠬᠦ ᠨᠠᠷᠢᠨ ᠳᠦᠷᠢᠮ ᠳᠤ᠂ ᠦᠨᠡᠯᠡᠬᠦ ᠭᠦᠢᠴᠡᠳᠬᠡᠯ ᠲᠤᠭ᠎ᠠ ᠵᠢᠴᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠲᠣᠳᠣᠷᠬᠠᠢ᠂ ᠬᠡᠷᠡᠭᠵᠢᠭᠦᠯᠵᠦ ᠪᠣᠯᠬᠤᠶᠢᠴᠠ ᠪᠥᠭᠡᠳ ᠰᠢᠯᠭᠠᠨ ᠪᠠᠲᠤᠯᠠᠵᠤ ᠦᠨᠡᠯᠡᠬᠦ ᠶᠢ ᠥᠩᠭᠡᠷᠡᠭᠦᠯᠬᠦ ᠬᠡᠷᠡᠭᠲᠡᠢ᠃ ᠡᠭᠦᠨ ᠤ ᠬᠠᠮᠲᠤ᠂ ᠰᠢᠯᠭᠠᠨ ᠪᠠᠲᠤᠯᠠᠵᠤ ᠦᠨᠡᠯᠡᠬᠦ ᠳᠤ ᠲᠤᠷᠰᠢᠯᠲᠠ ᠶᠢᠨ ᠲᠠᠰᠤᠭ ᠤᠨ ᠬᠤᠭᠤᠷᠣᠨᠳᠣᠭᠢ ᠵᠥᠷᠢᠶ᠎ᠡ ᠶᠢ ᠭᠦᠢᠴᠡᠳ ᠦᠨᠡᠯᠡᠨ ᠵᠢᠱᠢᠵᠦ᠂ ᠰᠢᠨ᠎ᠡ ᠴᠢᠳᠠᠮᠵᠢ ᠶᠢᠨ ᠰᠠᠨᠠᠭᠤᠯᠭ᠎ᠠ ᠶᠢ ᠳᠤᠷᠠᠳᠬᠤ ᠠᠴᠠ ᠡᠮᠦᠨ᠎ᠡ᠂ ᠠᠳᠠᠭ ᠲᠠᠭᠠᠨ 1 ᠱᠠᠭᠠᠷᠳᠠᠯᠭ᠎ᠠ ᠳᠤ ᠨᠡᠶᠢᠴᠡᠭᠰᠡᠨ ᠢᠳᠡᠭᠡᠨ ᠰᠢᠯᠭᠠᠨ ᠪᠠᠶᠢᠴᠠᠭᠠᠬᠤ ᠪᠠᠶᠢᠭᠤᠯᠤᠮᠵᠢ ᠪᠤᠶᠤ ᠡᠮᠴᠢᠯᠡᠭᠡᠨ ᠤ ᠲᠤᠷᠰᠢᠯᠲᠠ ᠶᠢᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠵᠤ ᠦᠨᠡᠯᠡᠬᠦ ᠶᠢ ᠥᠩᠭᠡᠷᠡᠭᠦᠯᠬᠦ ᠭᠡᠷᠡᠭᠲᠡᠶ᠃  ᠰᠢᠨ᠎ᠡ ᠴᠢᠳᠠᠪᠬᠢᠲᠤ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠬᠤ ᠪᠠᠷ ᠵᠡᠷᠭᠡ ᠳᠤᠨᠢ ᠳᠤᠷᠠᠳᠤᠭᠰᠠᠨ ᠪᠠᠶᠢᠪᠠᠯ᠂ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠦᠨᠡᠯᠡᠯᠲᠡ ᠶᠢᠨ ᠬᠤᠭᠤᠴᠠᠭᠠᠨ ᠳᠤ᠂ ᠨᠠᠭᠠᠲᠤ ᠵᠠᠬ᠎ᠠ ᠳᠠᠭᠠᠨ 2 ᠱᠠᠭᠠᠷᠳᠠᠯᠭ᠎ᠠ ᠳᠤ ᠨᠡᠶᠢᠴᠡᠭᠰᠡᠨ ᠢᠳᠡᠭᠡᠨ ᠰᠢᠯᠭᠠᠨ ᠪᠠᠶᠢᠴᠠᠭᠠᠬᠤ ᠪᠠᠶᠢᠭᠤᠯᠤᠮᠵᠢ ᠪᠤᠶᠤ ᠡᠮᠴᠢᠯᠡᠭᠡᠨ ᠤ ᠲᠤᠷᠰᠢᠯᠲᠠ ᠶᠢᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠵᠤ ᠦᠨᠡᠯᠡᠬᠦ ᠶᠢ ᠥᠩᠭᠡᠷᠡᠭᠦᠯᠬᠦ ᠬᠡᠷᠡᠭᠲᠡᠢ ᠭᠡᠵᠦ ᠳᠤᠷᠠᠳᠪᠠ᠃     ᠬᠤᠶᠠᠷ ᠲᠤ᠂ ᠰᠢᠨ᠎ᠡ ᠴᠢᠳᠠᠮᠵᠢ ᠶᠢᠨ ᠰᠠᠨᠠᠭᠤᠯᠭ᠎ᠠ ᠪᠠ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠢ ᠬᠤᠯᠪᠣᠭᠳᠠᠭᠤᠯᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠬᠤ ᠪᠣᠯ ᠪᠠᠰᠠ ᠨᠢᠭᠡ ᠶᠡᠭᠡ ᠰᠢᠨ᠎ᠡ ᠶᠢ ᠡᠭᠦᠳᠬᠦ ᠴᠡᠭ ᠪᠣᠯᠣᠨ᠎ᠠ᠃ ᠬᠡᠷᠡᠭᠵᠢᠭᠦᠯᠬᠦ ᠨᠠᠷᠢᠨ ᠳᠦᠷᠢᠮ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠥᠨ ᠰᠢᠨ᠎ᠡ ᠴᠢᠳᠠᠮᠵᠢ ᠶᠢᠨ ᠰᠠᠨᠠᠭᠤᠯᠭ᠎ᠠ ᠪᠠ ᠬᠠᠷᠠᠭᠠᠯᠵᠠᠭᠰᠠᠨ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠬᠤ ᠭᠤᠶᠤᠴᠢᠯᠠᠯ ᠢ ᠵᠡᠷᠭᠡ ᠪᠠᠷ ᠳᠤᠷᠠᠳᠤᠭᠰᠠᠨ ᠪᠠᠶᠢᠪᠠᠯ᠂ ᠮᠠᠲ᠋ᠧᠷᠢᠶᠠᠯ ᠢ ᠭᠥᠯᠢᠶᠡᠨ ᠠᠪᠬᠤ᠂ ᠬᠢᠨᠠᠨ ᠦᠨᠡᠯᠡᠬᠦ᠂ ᠬᠢᠨᠠᠨ ᠵᠥᠪᠰᠢᠶᠡᠷᠡᠬᠦ ᠵᠡᠷᠭᠡ ᠡᠯ᠎ᠡ ᠭᠤᠭᠴᠤᠭ᠎ᠠ ᠳᠤ ᠬᠤᠯᠪᠣᠭᠳᠠᠬᠤ ᠬᠢᠨᠠᠨ ᠪᠠᠶᠢᠴᠠᠭᠠᠯᠲᠠ ᠶᠢ ᠬᠡᠷᠡᠭᠵᠢᠭᠦᠯᠵᠦ᠂ ᠳᠦᠷᠢᠮ ᠤᠨ ᠰᠢᠨ᠎ᠡ ᠡᠭᠦᠳᠦᠯᠲᠡ ᠪᠠᠷ ᠠᠵᠢᠯ ᠲᠥᠷᠥᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠬᠤ ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠤᠨ᠎ᠠ ᠭᠡᠵᠦ ᠲᠣᠭᠲᠠᠭᠠᠪᠠ᠃     ᠭᠤᠷᠪᠠ ᠳᠤ᠂ ᠰᠢᠨ᠎ᠡ ᠶᠢ ᠡᠭᠦᠳᠬᠦ ᠴᠡᠭ ᠨᠢ ᠭᠤᠣᠯᠳᠠᠭᠤ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠤ ᠴᠢᠳᠠᠮᠵᠢ ᠶᠢᠨ ᠨᠡᠷᠡᠶᠢᠳᠦᠯ ᠢ ᠲᠠᠰ ᠬᠤᠪᠢᠶᠠᠨ ᠬᠥᠳᠡᠯᠦᠩᠭᠦᠢ ᠪᠠᠷ ᠬᠠᠮᠢᠶᠠᠷᠬᠤ ᠶᠢ ᠰᠦᠪᠡᠭᠴᠢᠯᠡᠨ ᠥᠷᠨᠢᠭᠦᠯᠬᠦ ᠲᠠᠯ᠎ᠠ ᠪᠠᠷ ᠢᠯᠡᠷᠡᠵᠦ᠂ ᠡᠷᠡᠭᠦᠯᠵᠢᠯ ᠤᠨ ᠴᠢᠳᠠᠮᠵᠢ ᠶᠢ ᠲᠥᠷᠥᠯ ᠬᠤᠪᠢᠶᠠᠨ ᠦᠨᠡᠯᠡᠬᠦ᠂ ᠲᠠᠰ ᠬᠤᠪᠢᠶᠠᠨ ᠲᠣᠳᠣᠷᠬᠠᠶᠢᠯᠠᠬᠤ ᠶᠢ ᠬᠡᠷᠡᠭᠵᠢᠭᠦᠯᠦᠨ᠎ᠡ᠃ ᠡᠵᠡᠩᠨᠡᠯᠲᠡ ᠶᠢᠨ ᠭᠤᠣᠯ ᠴᠣᠭᠴᠠ ᠳᠤ ᠠᠪᠴᠤ ᠬᠡᠯᠡᠪᠡᠯ᠂ ᠰᠢᠨᠵᠢᠯᠡᠬᠦ ᠤᠬᠠᠭᠠᠨᠴᠢ ᠬᠠᠮᠲᠤ ᠶᠢᠨ ᠲᠠᠨᠢᠯᠲᠠ ᠭᠦᠢᠴᠡᠳ ᠪᠠᠶᠢᠬᠤ ᠬᠡᠮᠵᠢᠶ᠎ᠡ ᠶᠢ ᠦᠨᠳᠦᠰᠦᠯᠡᠨ ᠡᠷᠡᠭᠦᠯᠵᠢᠯ ᠤᠨ ᠢᠳᠡᠭᠡᠨ ᠤ ᠴᠢᠳᠠᠮᠵᠢ ᠶᠢᠨ ᠨᠡᠷᠡᠶᠢᠳᠦᠯ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠡᠷᠡᠭᠦᠯᠵᠢᠯ ᠤᠨ ᠴᠢᠳᠠᠮᠵᠢ ᠶᠢᠨ ᠨᠡᠷᠡᠶᠢᠳᠦᠯ ᠤᠨ ᠬᠢᠵᠠᠭᠠᠷᠯᠠᠭᠰᠠᠨ ᠬᠡᠯᠡᠯᠭᠡ ᠳᠤ ᠲᠣᠬᠢᠷᠠᠭᠤᠯᠤᠯᠲᠠ ᠬᠢᠵᠦ᠂ ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠷ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠯᠣᠨ᠎ᠠ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ᠂ ᠬᠡᠷᠡᠭᠵᠢᠭᠦᠯᠬᠦ ᠨᠠᠷᠢᠨ ᠳᠦᠷᠢᠮ ᠳᠤ ︽ᠶᠡᠷᠦᠩᠬᠡᠢ ᠳᠦᠷᠢᠮ︾᠂ ︽ᠰᠢᠨ᠎ᠡ ᠴᠢᠳᠠᠮᠵᠢ ᠶᠢᠨ ᠰᠤᠳᠤᠯᠭᠠᠨ︾᠂ ︽ᠮᠠᠲ᠋ᠧᠷᠢᠶᠠᠯ ᠭᠥᠯᠢᠶᠡᠨ ᠠᠪᠬᠤ︾᠂ ︽ᠮᠡᠷᠭᠡᠵᠢᠯ ᠤᠨ ᠦᠨᠡᠯᠡᠯᠲᠡ︾᠂ ︽ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠦᠨᠡᠯᠡᠯᠲᠡ︾᠂ ︽ᠳᠠᠭᠠᠯᠲᠠ ᠳᠦᠷᠢᠮ︾ ᠵᠡᠷᠭᠡ 6 ᠲᠠᠯ᠎ᠠ ᠪᠠᠷ ᠨᠠᠷᠢᠨ ᠥᠭᠦᠯᠡᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠤ ᠴᠢᠳᠠᠮᠵᠢ ᠶᠢᠨ ᠰᠢᠨ᠎ᠡ ᠶᠢ ᠡᠭᠦᠳᠬᠦ ᠪᠠ ᠦᠢᠯᠡᠳᠬᠦᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠵᠢᠯᠤᠭᠤᠳᠴᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠤᠨ᠎ᠠ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号