ᠣᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ | ᠠᠯᠪᠠᠨ ᠭᠡᠷ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ︵ᠲᠥᠰᠥᠯ︶︾ ᠢ | ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ | ᠲᠡᠭᠦᠯᠳᠡᠷᠵᠢᠭᠦᠯᠦᠭᠰᠡᠨ ᠤ ᠳᠠᠷᠠᠭ᠎ᠠ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ | ᠲᠥᠰᠥᠯ ᠳᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠡᠪ ᠪᠣᠯᠪᠠᠰᠤᠷᠠᠯ ᠢ ᠠᠬᠢᠭᠤᠯᠬᠤ᠂ | ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠵᠢᠷᠤᠮᠵᠢᠭᠤᠯᠬᠤ᠂ ᠨᠠᠰᠤᠨ ᠳᠤ ᠥᠯᠥ ᠭᠦᠷᠦᠭᠰᠡᠳ ᠤᠨ ᠬᠤᠪᠢ | ᠬᠥᠮᠥᠨ ᠤ ᠮᠡᠳᠡᠭᠡ ᠵᠠᠩᠭᠢ ᠶᠢᠨ ᠰᠦᠯᠵᠢᠶᠡᠨ ᠤ ᠬᠠᠮᠠᠭᠠᠯᠠᠯᠲᠠ᠂ ᠨᠠᠰᠤᠨ ᠳᠤ ᠥᠯᠥ ᠭᠦᠷᠦᠭᠰᠡᠳ ᠤᠨ | ᠰᠦᠯᠵᠢᠶᠡᠨ ᠤ ᠰᠢᠨᠤᠯ ᠢ ᠰᠡᠷᠭᠡᠶᠢᠯᠡᠬᠦ ᠵᠡᠷᠭᠡ ᠲᠠᠯ᠎ᠠ ᠪᠠᠷ ᠲᠣᠭᠲᠠᠭᠠᠯ ᠭᠠᠷᠭᠠᠭᠰᠠᠨ ᠪᠥᠭᠡᠳ ᠬᠤᠯᠪᠣᠭᠳᠠᠯ ᠪᠦᠬᠦᠢ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠷᠠᠭᠠᠯᠵᠠᠭᠰᠠᠨ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ | ᠲᠣᠭᠲᠠᠭᠠᠯ ᠭᠠᠷᠭᠠᠵᠠᠢ᠃ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠠᠵᠢᠯ ᠳᠤ | ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠷ᠎ᠠ ᠶᠢᠨ ᠵᠢᠯ ᠤᠨ | ᠲᠤᠷᠰᠢᠬᠢ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠠᠵᠢᠯ ᠤᠨ ᠦᠢᠯᠡᠳᠦᠯᠭᠡ ᠶᠢᠨ | ᠲᠤᠷᠰᠢᠯᠭ᠎ᠠ ᠶᠢ ᠳ᠋ᠦᠩᠨᠡᠵᠦ᠂ ᠪᠣᠯᠪᠠᠰᠤᠷᠠᠩᠭᠤᠢ ᠪᠣᠯᠤᠭᠰᠠᠨ ᠠᠷᠭ᠎ᠠ ᠬᠢᠳᠡᠯ ᠢ ᠬᠠᠤᠯᠢ ᠲᠣᠭᠲᠠᠭᠠᠯ ᠳᠦᠷᠢᠮ ᠪᠣᠯᠭᠠᠨ | ᠳᠡᠭᠡᠭᠰᠢᠯᠡᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ | ᠪᠦᠷᠢᠳᠬᠡᠯ ᠠᠴᠠ ᠦᠵᠡᠪᠡᠯ᠂ 2021 ᠣᠨ ᠳᠤ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠨ | ᠰᠦᠯᠵᠢᠶᠡᠨ ᠠᠷᠠᠳ ᠤᠨ ᠬᠡᠪᠴᠢᠶ᠎ᠡ ᠨᠢᠭᠡᠨᠲᠡ 1.91 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ | ᠭᠦᠷᠦᠭᠰᠡᠳ ᠤᠨ ᠢᠨᠲ᠋ᠧᠷ ᠰᠦᠯᠵᠢᠶᠡᠨ ᠤ ᠲᠦᠭᠡᠮᠡᠯᠵᠢᠭᠰᠡᠨ ᠨᠣᠷᠮ᠎ᠠ 96.8% ᠳᠤ ᠬᠦᠷᠴᠡᠢ᠃ ᠢᠨᠲ᠋ᠧᠷ | ᠰᠦᠯᠵᠢᠶ᠎ᠡ ᠨᠢ ᠨᠠᠰᠤᠨ ᠳᠤ ᠥᠯᠥ ᠭᠦᠷᠦᠭᠰᠡᠳ ᠤᠨ ᠰᠤᠷᠤᠯᠴᠠᠬᠤ᠂ ᠠᠮᠢᠳᠤᠷᠠᠬᠤ ᠣᠷᠣᠨ ᠵᠠᠢ ᠶᠢ ᠥᠷᠭᠡᠳᠬᠡᠬᠦ ᠶᠢᠨ | ᠬᠠᠮᠲᠤ ᠪᠠᠰᠠ ᠡᠳᠦᠢ ᠲᠡᠳᠦᠢ ᠠᠰᠠᠭᠤᠳᠠᠯ ᠠᠪᠴᠢᠷᠠᠭᠰᠠᠨ ᠪᠠᠶᠢᠨ᠎ᠠ᠃ ᠵᠢᠱᠢᠶᠡᠯᠡᠪᠡᠯ ᠨᠠᠰᠤᠨ ᠳᠤ ᠥᠯᠥ | ᠭᠦᠷᠦᠭᠰᠡᠳ ᠤᠨ ᠰᠦᠯᠵᠢᠶ᠎ᠡ ᠶᠢ ᠠᠮᠤᠷ ᠲᠦᠪᠰᠢᠨ ᠵᠦᠢ ᠵᠣᠬᠢᠰᠲᠠᠢ ᠪᠠᠷ ᠬᠡᠷᠡᠭᠯᠡᠬᠦ ᠤᠬᠠᠮᠰᠠᠷ ᠪᠠ ᠴᠢᠳᠠᠪᠤᠷᠢ ᠨᠢ | ᠴᠢᠩᠭ᠎ᠠ ᠪᠢᠰᠢ᠂ ᠰᠦᠯᠵᠢᠶᠡᠨ ᠳᠡᠭᠡᠷᠡᠬᠢ ᠬᠠᠤᠯᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠨᠢ ᠨᠠᠰᠤᠨ ᠳᠤ | ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠵᠦ᠂ ᠨᠠᠰᠤᠨ ᠳᠤ ᠥᠯᠥ | ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠡᠷᠡᠭᠯᠡᠵᠦ᠂ ᠵᠠᠷᠢᠮ ᠨᠠᠰᠤᠨ ᠳᠤ ᠥᠯᠥ | ᠭᠦᠷᠦᠭᠰᠡᠳ ᠰᠦᠯᠵᠢᠶ᠎ᠡ ᠳᠤ ᠰᠢᠨᠤᠬᠤ ᠵᠡᠷᠭᠡ ᠠᠰᠠᠭᠤᠳᠠᠯ ᠲᠤᠯᠭᠠᠷᠠᠪᠠ᠃ ᠡᠶᠢᠮᠦ ᠶᠢᠨ ᠲᠤᠯᠠᠳᠠ ᠬᠠᠤᠯᠢ | ᠲᠣᠭᠲᠠᠭᠠᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠯᠤᠰ᠂ ᠨᠡᠶᠢᠭᠡᠮ᠂ ᠰᠤᠷᠭᠠᠭᠤᠯᠢ᠂ ᠭᠡᠷ ᠪᠦᠯᠢ ᠵᠡᠷᠭᠡ | ᠭᠤᠣᠯ ᠴᠣᠭᠴᠠ ᠶᠢᠨ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠶᠢ ᠬᠠᠮᠠᠭᠠᠯᠠᠬᠤ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢ | ᠵᠢᠷᠤᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠵᠤ᠂ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠰᠦᠯᠵᠢᠶᠡᠨ ᠤ ᠣᠷᠴᠢᠨ ᠢ | ᠪᠤᠢ ᠪᠤᠯᠭᠠᠬᠤ ᠬᠡᠷᠡᠭᠲᠡᠢ ᠪᠣᠯᠣᠭᠠᠳ ᠪᠠᠶᠢᠨ᠎ᠠ᠃ | ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ ᠶᠠᠮᠤᠨ ᠨᠢ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠠᠷᠠᠳ ᠣᠯᠠᠨ ᠤ ᠬᠠᠤᠯᠢ ᠪᠠᠷ ᠵᠠᠰᠠᠬᠤ ᠠᠵᠢᠯ ᠤᠨ ᠲᠤᠬᠠᠢ ᠰᠢᠨ᠎ᠡ ᠬᠦᠰᠡᠯ | ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠣᠯᠠᠨ ᠤ ᠠᠩᠬᠠᠷᠴᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ᠃ ᠬᠠᠤᠯᠢ ᠴᠠᠭᠠᠵᠠ ᠶᠢᠨ ᠶᠠᠮᠤᠨ᠂ ᠤᠯᠤᠰ ᠤᠨ ᠢᠨᠲ᠋ᠧᠷ | ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ | ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠥᠰᠥᠯ ᠢ ᠲᠤᠭᠤᠷᠪᠢᠬᠤ | ᠪᠠ ᠬᠢᠨᠠᠨ ᠪᠠᠶᠢᠴᠠᠭᠠᠬᠤ ᠶᠠᠪᠤᠴᠠ ᠳᠤ ᠶᠡᠭᠡ ᠬᠡᠮᠵᠢᠶᠡᠨ ᠤ ᠨᠠᠷᠢᠨ ᠨᠢᠮᠪᠠᠢ ᠠᠵᠢᠯ ᠬᠢᠵᠦ᠂ ᠤᠯᠠᠨ ᠤᠳᠠᠭ᠎ᠠ ᠨᠡᠶᠢᠭᠡᠮ | ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠲᠥᠪ ᠤᠨ ᠬᠤᠯᠪᠣᠭᠳᠠᠯ ᠪᠦᠬᠦᠢ ᠨᠢᠭᠡᠴᠢ᠂ ᠬᠡᠰᠡᠭ ᠣᠷᠣᠨ | ᠨᠤᠲᠤᠭ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠲᠦᠷᠦᠯ ᠤᠨ | ᠨᠡᠶᠢᠭᠡᠮᠯᠢᠭ ᠪᠣᠯᠣᠨ ᠲᠤᠰᠬᠠᠢ ᠮᠡᠷᠭᠡᠵᠢᠯᠲᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠡᠶᠢᠭᠡᠮ ᠤᠨ ᠬᠠᠮᠲᠤ ᠶᠢᠨ | ᠲᠠᠨᠢᠯᠲᠠ ᠶᠢ ᠨᠢᠭᠲᠠᠷᠠᠭᠤᠯᠪᠠ᠃ ᠲᠠᠭᠢᠨ ᠳᠠᠪᠲᠠᠨ ᠰᠤᠳᠤᠯᠤᠨ ᠨᠤᠲᠠᠯᠠᠵᠤ᠂ ᠤᠯᠠᠨ ᠤᠳᠠᠭ᠎ᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ ᠲᠠᠯ᠎ᠠ ᠠᠴᠠ ᠨᠠᠰᠤᠨ ᠳᠤ ᠦᠯᠤ ᠭᠦᠷᠦᠭᠰᠡᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ ᠵᠠᠢ ᠶᠢ ᠪᠤᠢ ᠪᠤᠯᠭᠠᠵᠦ ᠪᠤᠢ᠃ |