ᠶᠢᠰᠦᠳᠦᠭᠡᠷ ᠰᠠᠷ᠎ᠠ ᠶᠢᠨ ᠰᠤᠷᠭᠠᠭᠤᠯᠢ ᠡᠬᠢᠯᠡᠬᠦ ᠤᠯᠠᠷᠢᠯ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ ᠤ ᠲᠥᠪ | ᠰᠢᠨ᠎ᠡ ᠪᠢᠴᠢᠬᠠᠨ ᠨᠠᠶᠢᠵᠠ ᠪᠠᠨ ᠤᠭᠲᠤᠨ ᠠᠪᠴᠤ᠂ ᠲᠡᠳᠡᠨ ᠤ ᠴᠣ ᠰᠢᠨ᠎ᠡ ᠬᠥᠮᠦᠨ ᠤ ᠠᠮᠢᠳᠤᠷᠠᠯ ᠤᠨ ᠵᠠᠮ ᠢ | ᠡᠬᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠡᠷ ᠤᠨ ᠠᠬᠠᠮᠠᠳ ᠤᠨ ︽ᠬᠡᠦᠬᠡᠳ ᠢ ᠬᠠᠷᠠᠵᠤ ᠬᠠᠷᠠᠭᠠᠯᠵᠠᠬᠤ | ᠬᠥᠮᠦᠨ ᠦᠭᠡᠢ︾ ᠬᠦᠴᠢᠷ ᠠᠰᠠᠭᠤᠳᠠᠯ ᠢ ᠰᠢᠢᠳᠪᠦᠷᠢᠯᠡᠵᠡᠢ᠃ | ᠰᠢᠨ᠎ᠡ ᠰᠤᠷᠤᠯᠭ᠎ᠠ ᠶᠢᠨ ᠬᠤᠭᠤᠴᠠᠭ᠎ᠠ ᠰᠢᠨ᠎ᠡ ᠳᠦᠷᠰᠦ ᠪᠠᠶᠢᠳᠠᠯ᠃ ᠬᠡᠦᠬᠡᠳ ᠰᠠᠭᠠᠲᠠᠭᠤᠯᠬᠤ ᠲᠥᠪ ᠲᠤ | ᠡᠷᠡᠭᠦᠯ ᠡᠩᠬᠡ᠂ ᠠᠮᠤᠷ ᠲᠦᠪᠰᠢᠨ ᠰᠤᠷᠤᠯᠴᠠᠭᠤᠯᠬᠤ ᠶᠢᠨ ᠲᠥᠯᠥᠭᠡ᠂ ᠪᠠᠭᠰᠢ ᠨᠠᠷ ᠬᠢᠴᠢᠶᠡᠯ ᠤᠨ ᠬᠡᠷ᠂ ᠬᠤᠩᠭᠢᠯ᠂ | ᠠᠷᠢᠭᠤᠨ ᠴᠡᠪᠡᠷ ᠤᠨ ᠥᠷᠥᠭᠡ ᠵᠡᠷᠭᠡ ᠲᠠᠯᠠᠪᠤᠷ ᠵᠢᠴᠢ ᠲᠡᠮᠲᠡᠷᠢᠬᠦ ᠭᠠᠵᠠᠷ ᠢ ᠪᠥᠬᠦ ᠲᠠᠯ᠎ᠠ ᠪᠠᠷ ᠲᠦᠢᠯᠪᠤᠷᠢᠲᠠᠶ | ᠴᠡᠪᠡᠷᠯᠡᠨ ᠠᠷᠢᠭᠤᠳᠬᠠᠵᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠪᠡ᠃ | | | | | | | | | | | | ᠭᠡᠷ ᠤᠨ ᠠᠬᠠᠮᠠᠳ ᠲᠤ ᠬᠡᠤᠬᠡᠳ ᠰᠠᠭᠠᠲᠠᠭᠤᠯᠬᠤ ᠲᠥᠪ ᠢ ᠨᠠᠩ ᠰᠠᠶᠢᠲᠤᠷ ᠣᠶᠢᠯᠠᠭᠠᠭᠤᠯᠬᠤ ᠶᠢᠨ ᠲᠥᠯᠥᠭᠡ᠂ | ᠬᠡᠤᠬᠡᠳ ᠰᠠᠭᠠᠲᠠᠭᠤᠯᠬᠤ ᠲᠥᠪ ᠪᠣᠯᠤᠨ ᠭᠡᠷ ᠪᠦᠯᠢ ᠶᠢᠨ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ | ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠣᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠠᠬᠢᠭᠤᠯᠪᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠬᠡᠦᠬᠡᠳ ᠤᠨ ᠴᠡᠴᠡᠷᠯᠢᠭ ᠨᠢ ᠭᠡᠷ ᠤᠨ ᠠᠬᠠᠮᠠᠳ ᠢᠶᠠᠨ | ᠵᠣᠬᠢᠶᠠᠨ ᠪᠠᠶᠢᠭᠤᠯᠵᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠭᠡᠷ ᠤᠨ ᠠᠬᠠᠮᠠᠳ ᠤᠨ ᠬᠤᠷᠠᠯ ᠢ ᠬᠤᠷᠠᠯᠳᠤᠭᠤᠯᠵᠤ | ᠂ ᠴᠡᠴᠡᠷᠯᠢᠭ ᠤᠨ ᠲᠠᠨᠢᠯᠴᠠᠭᠤᠯᠭ᠎ᠠ᠂ ᠴᠡᠴᠡᠷᠯᠢᠭ ᠤᠨ ᠣᠨᠴᠠᠯᠢᠭ᠂ ᠪᠠᠭᠰᠢ ᠶᠢᠨ ᠡᠩᠨᠡᠭᠡ᠂ ᠠᠰᠠᠷᠠᠨ ᠬᠥᠮᠦᠵᠢᠭᠦᠯᠬᠦ | ᠪᠠ ᠴᠡᠴᠡᠷᠯᠢᠭ ᠲᠤ ᠣᠷᠣᠬᠤ ᠵᠣᠪᠠᠨᠢᠯ ᠤᠨ ᠲᠠᠯ᠎ᠠ ᠪᠠᠷ ᠭᠡᠷ ᠤᠨ ᠠᠬᠠᠮᠠᠳ ᠲᠤ ᠨᠠᠷᠢᠨ ᠲᠣᠳᠣᠷᠬᠠᠶ ᠲᠠᠨᠢᠯᠴᠠᠭᠤᠯᠭ᠎ᠠ | ᠪᠠ ᠲᠠᠶᠢᠯᠤᠮᠵᠢ ᠬᠢᠵᠦ᠂ ᠭᠡᠷ ᠤᠨ ᠠᠬᠠᠮᠠᠳ ᠬᠡᠤᠬᠡᠳ ᠰᠠᠭᠠᠲᠠᠭᠤᠯᠬᠤ ᠲᠥᠪ ᠤᠨ ᠲᠤᠬᠠᠶ ᠨᠠᠩ ᠪᠥᠬᠦ ᠲᠠᠯ᠎ᠠ ᠶᠢᠨ | ᠣᠶᠢᠯᠠᠭᠠᠯᠲᠠ ᠲᠠᠢ ᠪᠣᠯᠵᠣ᠂ ᠬᠡᠤᠬᠡᠳ ᠤᠨ ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣᠨ ᠤ | ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠵᠣ᠂ ᠬᠡᠣᠬᠡᠳ ᠢᠶᠠᠨ ᠬᠠᠮᠲᠤ ᠪᠠᠷ ᠬᠥᠮᠦᠵᠢᠭᠦᠯᠬᠦ ᠳᠤ ᠰᠠᠶᠢᠨ ᠰᠠᠶᠢᠬᠠᠨ | ᠰᠠᠭᠤᠷᠢ ᠶᠢ ᠲᠠᠯᠪᠢᠵᠤ ᠥᠭᠴᠡᠶ᠃ | ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠪ ᠨᠢ 2022 | ᠣᠨ ᠤ 3 ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ ᠨᠠᠰᠢ᠂ ᠤᠯᠤᠰ ᠤᠨ ᠦᠷᠡᠵᠢᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠠᠵᠢᠯᠯᠠᠵᠤ᠂ | ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠢᠮᠠᠭᠲᠠ ᠰᠤᠷᠭᠠᠨ ᠬᠥᠮᠦᠵᠢᠯ ᠳᠤ ᠰᠠᠭᠤᠷᠢᠯᠠᠨ | ᠠᠷᠠᠳ ᠤᠨ ᠠᠮᠢᠳᠤᠷᠠᠯ ᠳᠤ ᠦᠢᠯᠡᠴᠢᠯᠡᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠠᠨ ᠲᠦᠮᠡᠨ | ᠢᠯᠠᠩᠭᠤᠶ᠎ᠠ ᠬᠤᠣᠰ ᠠᠵᠢᠯᠳᠠᠨ ᠠᠵᠢᠯᠴᠢᠨ ᠤ ᠭᠡᠷ ᠪᠦᠯᠢ ᠪᠣᠯᠤᠨ ᠠᠵᠤ ᠦᠢᠯᠡᠰ ᠤᠨ ᠠᠵᠢᠯᠴᠢᠨ ᠤ ᠭᠡᠷ | ᠪᠦᠯᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠨᠡᠶᠢᠳᠡ | 2 — 3 ᠨᠠᠰᠤᠲᠠᠢ ᠬᠡᠦᠬᠡᠳ ᠢ 120 ᠭᠠᠷᠤᠢ ᠡᠯᠰᠡᠵᠦ᠂ ᠠᠵᠢᠯᠳᠠᠨ ᠠᠵᠢᠯᠴᠢᠨ ᠤᠯᠠᠨ ᠲᠦᠮᠡᠨ ᠤ ︽ | ᠬᠡᠦᠬᠡᠳ ᠢ ᠬᠠᠷᠠᠵᠤ ᠬᠠᠷᠠᠭᠠᠯᠵᠠᠬᠤ ᠬᠥᠮᠦᠨ ᠦᠭᠡᠢ︾ ︽ᠴᠡᠴᠡᠷᠯᠢᠭ ᠲᠤ ᠣᠷᠣᠬᠤ ᠳᠤ ᠬᠦᠴᠢᠷ︾ ᠵᠡᠷᠭᠡ ᠪᠠᠴᠢᠮ | ᠬᠦᠴᠢᠷ ᠵᠣᠪᠠᠭᠤᠷᠢ ᠵᠦᠳᠡᠭᠦᠷᠢ ᠶᠢ ᠦᠨᠡᠨᠬᠦ ᠰᠢᠢᠳᠪᠦᠷᠢᠯᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 0 — | 3 ᠨᠠᠰᠤᠨ ᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ︽ᠪᠢᠴᠢᠬᠠᠨ ᠬᠡᠦᠬᠡᠳ | ᠰᠠᠭᠠᠲᠠᠭᠤᠯᠬᠤ︾ ᠪᠠᠷ ᠠᠷᠠᠳ ᠤᠨ ᠠᠮᠢᠳᠤᠷᠠᠯ ᠤᠨ ︽ᠶᠡᠭᠡ ᠵᠣᠯ ᠵᠢᠷᠭᠠᠯ︾ ᠢ ᠲᠤᠯᠭᠠᠭᠤᠷᠢᠯᠠᠵᠤ᠂ ᠳᠡᠭᠡᠳᠦ ᠰᠢᠨ᠎ᠡ | ᠮᠡᠷᠭᠡᠵᠢᠯ ᠤᠨ ᠣᠷᠣᠨ ᠤ ︽ᠨᠢᠯᠬ᠎ᠠ ᠬᠡᠦᠬᠡᠳ ᠢ ᠥᠰᠬᠡᠬᠦ︾ ᠵᠣᠯ ᠵᠢᠷᠭᠠᠯᠲᠤ ᠠᠷᠠᠳ ᠤᠨ ᠠᠮᠢᠳᠤᠷᠠᠯ ᠤᠨ ᠵᠢᠭᠠᠯᠲᠠ | ᠲᠤᠭ᠎ᠠ ᠶᠢ ᠳᠡᠭᠡᠭᠰᠢᠯᠡᠭᠦᠯᠪᠡ᠃ | | | | | | | | | | ᠲᠠᠷᠠᠭᠠᠴᠢ ᠶᠢᠨ ᠠᠯᠬᠤᠮ ᠳᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠬᠡᠤᠬᠡᠳ ᠰᠠᠭᠠᠲᠠᠭᠤᠯᠬᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠠᠷᠠᠳ ᠤᠨ ᠠᠮᠢᠳᠤᠷᠠᠯ ᠳᠤ ᠦᠢᠯᠡᠴᠢᠯᠡᠵᠦ ᠭᠡᠷ ᠤᠨ ᠠᠬᠠᠮᠠᠳ ᠲᠤ | ᠦᠢᠯᠡᠴᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ | ᠠᠶᠢᠮᠠᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡ ᠳᠤ ᠵᠢᠱᠢᠶ᠎ᠡ ᠦᠵᠡᠭᠦᠯᠦᠨ ᠳᠡᠬᠦᠨ ᠢ ᠬᠥᠲᠥᠯᠥᠨ ᠳᠠᠭᠠᠭᠤᠯᠵᠤ᠂ | ᠠᠯᠠᠱᠠ ᠠᠶᠢᠮᠠᠭ ᠤᠨ ︽ᠨᠢᠯᠬ᠎ᠠ ᠬᠡᠦᠬᠡᠳ ᠢ ᠰᠠᠶᠢᠨ ᠪᠤᠶᠢᠵᠢᠭᠤᠯᠬᠤ︾ ᠰᠢᠨ᠎ᠡ ᠴᠣᠩᠬᠤᠪᠴᠢ ᠶᠢ ᠪᠣᠶ ᠪᠣᠯᠭᠠᠨ᠎ᠠ᠃ | | | | | | |