︽2023 ᠣᠨ ᠤ ︿ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ﹀  ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/12
    ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ︽2023 ᠣᠨ ᠤ ︿ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ﹀ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠡᠷᠴᠢ ᠵᠣᠷᠢᠭ ᠢᠶᠠᠨ ᠬᠥᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦᠷᠬᠡᠭᠵᠢᠭᠦᠯᠵᠦ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠵᠦᠭ ᠤᠷᠤᠭᠰᠢᠯᠠᠶ᠎ᠠ︾ ᠭᠡᠬᠦ ᠪᠠᠷ ᠭᠤᠣᠯ ᠰᠡᠳᠦᠪ ᠪᠤᠯᠭᠠᠵᠤ᠂ ᠡᠨᠡ ᠵᠢᠯ ᠤᠨ 9 ᠰᠠᠷ᠎ᠠ ᠳᠤ ︽ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃     ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ︽ᠡᠷᠴᠢ ᠵᠣᠷᠢᠭ ᠢᠶᠠᠨ ᠬᠥᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦᠷᠬᠡᠭᠵᠢᠭᠦᠯᠵᠦ᠂ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠵᠦᠭ ᠤᠷᠤᠭᠰᠢᠯᠠᠶ᠎ᠠ︾ ᠭᠡᠬᠦ ᠪᠠᠷ ᠭᠤᠣᠯ ᠰᠡᠳᠦᠪ ᠪᠤᠯᠭᠠᠵᠤ᠂ ᠪᠦᠭᠦ ᠨᠡᠶᠢᠭᠡᠮ ᠳᠤ ᠣᠨᠴᠠᠯᠢᠭ ᠨᠢ ᠢᠯᠡ ᠲᠣᠳᠣ᠂ ᠭᠡᠯᠪᠡᠷᠢ ᠨᠢ ᠣᠯᠠᠨ ᠶᠠᠩᠵᠤ ᠶᠢᠨ᠂ ᠪᠠᠶᠠᠯᠢᠭ ᠠᠭᠤᠯᠭ᠎ᠠ ᠲᠠᠢ ᠣᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠴᠢᠩᠭᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃     ︽ᠮᠡᠳᠡᠭᠳᠡᠯ︾ ᠳᠤ 6 ᠵᠦᠢᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠬᠢᠪᠡ᠃ ᠨᠢᠭᠡ ᠳᠤ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ᠃ ᠮᠡᠳᠡᠭᠦᠯᠦᠯᠲᠡ ᠶᠠᠷᠢᠯᠴᠠᠬᠤ ᠬᠤᠷᠠᠯ ᠬᠢᠬᠦ᠂ ᠰᠠᠨᠠᠯ ᠢᠶᠠᠨ ᠰᠣᠯᠢᠯᠴᠠᠵᠤ ᠰᠤᠷᠪᠤᠯᠵᠢᠯᠠᠨ ᠶᠠᠷᠢᠯᠴᠠᠬᠤ᠂ ᠨᠡᠶᠢᠲᠡᠯᠢᠭ ᠵᠢᠱᠢᠶ᠎ᠡ ᠦᠵᠡᠭᠦᠯᠭᠦ ᠵᠡᠷᠭᠡ ᠪᠠᠷ ᠳᠠᠮᠵᠢᠭᠤᠯᠵᠤ᠂ ᠤᠯᠤᠰ ᠤᠨ ᠠᠮᠤᠷ ᠲᠦᠪᠰᠢᠨ ᠤ ᠪᠠᠶᠢᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠤᠪᠢᠰᠬᠠᠯ ᠤᠨ ᠲᠡᠦᠬᠡ ᠪᠠ ᠢᠷᠠᠭᠤ ᠠᠯᠳᠠᠷᠲᠤ ᠤᠯᠠᠮᠵᠢᠯᠠᠯ ᠵᠡᠷᠭᠡ ᠶᠢ ᠤᠬᠠᠭᠤᠯᠤᠨ ᠲᠠᠶᠢᠯᠪᠤᠷᠢᠯᠠᠵᠤ᠂ ᠺᠠᠳ᠋ᠷ ᠣᠯᠠᠨ ᠲᠦᠮᠡᠨ ᠤ ︽ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢᠶᠠᠨ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠢᠶᠠᠨ ᠬᠦᠴᠦᠷᠬᠡᠭᠵᠢᠭᠦᠯᠪᠡᠯ ᠰᠠᠶ᠋ᠢ ᠤᠯᠤᠰ ᠠᠮᠤᠷ ᠲᠦᠪᠰᠢᠨ ᠪᠠᠶᠢᠵᠤ ᠴᠢᠳᠠᠨ᠎ᠠ︾ ᠭᠡᠬᠦ ᠦᠵᠡᠯ ᠰᠠᠨᠠᠭ᠎ᠠ ᠲᠠᠨᠢᠯᠲᠠ ᠶᠢ ᠬᠦᠴᠦᠯᠡᠨ ᠴᠢᠩᠭᠠᠳᠬᠠᠨ᠎ᠠ᠃ ᠬᠤᠶᠠᠷ ᠲᠤ ᠬᠤᠪᠢᠰᠬᠠᠯ ᠤᠨ ᠬᠥᠮᠦᠵᠢᠯ ᠤᠨ ᠠᠵᠢᠯᠯᠠᠭ᠎ᠠ ᠥᠷᠨᠢᠭᠦᠯᠦᠨ᠎ᠡ᠃ 9 ᠰᠠᠷ᠎ᠠ ᠶᠢᠨ 3 ᠤ ᠡᠳᠦᠷ ᠤᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠢᠯᠠᠯᠲᠠ ᠣᠯᠣᠭᠰᠠᠨ ᠳᠤᠷᠠᠰᠬᠠᠯ ᠤᠨ ᠡᠳᠦᠷ᠂ 9 ᠰᠠᠷ᠎ᠠ ᠶᠢᠨ 18 ᠤ ᠡᠳᠦᠷ ᠤᠨ ︽9·18︾ ᠤ ᠬᠡᠷᠡᠭ ᠬᠤᠪᠢᠰᠤᠯ ᠭᠠᠷᠤᠭᠰᠠᠨ ᠡᠳᠦᠷ᠂ 9 ᠰᠠᠷ᠎ᠠ ᠶᠢᠨ 30 ᠤ ᠡᠳᠦᠷ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠠ 9 ᠰᠠᠷ᠎ᠠ ᠶᠢᠨ ᠭᠤᠷᠪᠠᠳᠠᠭᠢ ᠭᠠᠷᠠᠭ ᠤᠨ ᠵᠢᠷᠭᠤᠭᠠᠨ ᠤ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠵᠡᠷᠭᠡ ᠴᠢᠬᠤᠯᠠ ᠴᠠᠭ ᠬᠤᠭᠤᠴᠠᠭ᠎ᠠ ᠵᠠᠩᠭᠢᠯᠠᠭ᠎ᠠ ᠶᠢᠨ ᠭᠤᠭᠴᠤᠭ᠎ᠠ ᠶᠢ ᠭᠦᠢᠴᠡᠳ ᠠᠰᠢᠭᠯᠠᠵᠤ᠂ ᠲᠥᠪ ᠬᠢᠴᠢᠶᠡᠩᠭᠦᠢ᠂ ᠶᠣᠰᠣᠯᠠᠯ ᠥᠩᠭᠡ ᠪᠤᠳᠤᠬ ᠢᠶᠠᠷ ᠴᠢᠩᠭ᠎ᠠ ᠳᠤᠷᠠᠰᠬᠠᠯ ᠤᠨ ᠶᠣᠰᠣᠯᠠᠯ ᠢ ᠵᠣᠬᠢᠶᠠᠨ ᠪᠠᠶᠢᠭᠤᠯᠤᠨ ᠡᠷᠭᠢᠯᠡᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠶᠢ ᠨᠡᠩ ᠰᠠᠶᠢᠨ ᠪᠠᠲᠤ ᠴᠡᠭᠡᠵᠢᠯᠡᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠭᠤᠯᠵᠤ᠂ ᠡᠩᠬᠡ ᠲᠠᠶᠢᠪᠤᠩ ᠢ ᠨᠠᠨᠳᠢᠩᠨᠠᠭᠤᠯᠤᠨ᠎ᠠ᠃ ᠭᠤᠷᠪᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠭᠤᠣᠯ ᠰᠡᠳᠦᠪᠲᠦ ᠨᠠᠮ ᠡᠪᠯᠡᠯ ᠬᠤᠰᠢᠭᠤᠴᠢ ᠠᠩᠭᠢ ᠶᠢᠨ ᠡᠳᠦᠷ᠂ ᠭᠤᠣᠯ ᠰᠡᠳᠦᠪᠲᠦ ᠠᠩᠭᠢ ᠶᠢᠨ ᠬᠤᠷᠠᠯ᠂ ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ ᠲᠠᠢ ᠤᠶᠠᠯᠳᠤᠭᠤᠯᠵᠤ᠂ ︽ᠪᠠᠭᠠᠲᠤᠷ ᠵᠢᠱᠢᠶᠡᠴᠢ ᠠᠴᠠ ᠰᠤᠷᠤᠯᠴᠠᠵᠤ᠂ ᠪᠠᠭᠠᠲᠤᠷ ᠵᠢᠱᠢᠶᠡᠴᠢ ᠶᠢ ᠬᠠᠶᠢᠷᠠᠯᠠᠬᠤ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠴᠡᠷᠢᠭ ᠡᠯᠰᠡᠬᠦ᠂ ᠴᠡᠷᠢᠭ ᠤᠨ ᠰᠤᠷᠭᠠᠭᠤᠯᠢ ᠶᠢᠨ ᠰᠣᠷᠣᠬᠴᠢ ᠡᠯᠰᠡᠬᠦ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠡᠯᠰᠡᠬᠦ ᠵᠡᠷᠭᠡ ᠴᠠᠭ ᠲᠣᠭᠢᠶᠠᠯ ᠢ ᠭᠦᠢᠴᠡᠳ ᠠᠰᠢᠭᠯᠠᠵᠤ᠂ ᠤᠬᠠᠭᠤᠯᠭ᠎ᠠ ᠳᠠᠶᠢᠴᠢᠯᠠᠯᠲᠠ ᠶᠢ ᠲᠥᠪᠯᠡᠷᠡᠭᠦᠯᠦᠨ ᠥᠷᠨᠢᠭᠦᠯᠵᠦ᠂ ᠨᠠᠰᠤᠨ ᠳᠤ ᠲᠣᠬᠢᠷᠠᠭᠰᠠᠨ ᠵᠠᠯᠠᠭᠤᠴᠤᠳ ᠤᠨ ᠴᠡᠷᠢᠭ ᠲᠤ ᠣᠷᠣᠵᠤ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠳᠥᠷᠪᠡ ᠳᠤ ᠴᠡᠷᠢᠭ ᠤᠨ ᠬᠤᠸᠠᠷᠠᠨ ᠤ ᠨᠡᠭᠡᠭᠡᠯᠲᠡ ᠬᠢᠬᠦ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠭᠠᠵᠠᠷ ᠤᠨ ᠴᠡᠷᠢᠭ ᠤᠨ ᠬᠤᠸᠠᠷᠠᠨ ᠤ ᠨᠡᠭᠡᠭᠡᠯᠲᠡ ᠬᠢᠬᠦ ᠨᠢᠭᠡᠴᠢ ᠶᠢᠨ ᠬᠢᠨ ᠴᠡᠷᠢᠭ ᠤᠨ ᠬᠤᠸᠠᠷᠠᠨ ᠤ ᠨᠡᠭᠡᠭᠡᠯᠲᠡ ᠬᠢᠬᠦ ᠠᠷᠭ᠎ᠠ ᠶᠢ ᠦᠨᠳᠦᠰᠦᠯᠡᠵᠦ᠂ ᠲᠥᠯᠥᠪᠯᠡᠭᠡ ᠶᠣᠰᠣᠭᠠᠷ ᠨᠡᠶᠢᠭᠡᠮ ᠨᠡᠶᠢᠲᠡ ᠳᠤ ᠨᠡᠭᠡᠭᠡᠯᠲᠡ ᠬᠢᠵᠦ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠵᠡᠪᠰᠡᠭ ᠲᠣᠨᠣᠭᠯᠠᠯ ᠢ ᠲᠣᠭᠤᠷᠢᠨ ᠦᠵᠡᠭᠦᠯᠵᠦ᠂ ᠴᠡᠷᠢᠭ ᠤᠨ ᠬᠤᠸᠠᠷᠠᠨ ᠤ ᠠᠮᠢᠳᠤᠷᠠᠯ ᠢ ᠪᠡᠶᠡᠴᠢᠯᠡᠨ ᠣᠶᠢᠯᠠᠭᠠᠭᠤᠯᠵᠤ᠂ ᠰᠣᠯᠢᠯᠴᠠᠭ᠎ᠠ ᠪᠠ ᠦᠢᠯᠡᠳᠦᠯᠴᠡᠯ ᠢ ᠥᠷᠨᠢᠭᠦᠯᠦᠨ᠎ᠡ᠃ ᠲᠠᠪᠤ ᠳᠤ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ︾ ᠶᠠᠷᠢᠶ᠎ᠠ ᠢᠯᠡᠳᠬᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠪᠠ ᠵᠣᠬᠢᠶᠠᠯ ᠡᠯᠰᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠷᠢᠰ ᠤᠷᠤᠯᠳᠤᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠷᠤᠯᠳᠤᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠤᠷᠢᠨ ᠦᠵᠡᠭᠦᠯᠭᠡ᠂ ᠴᠡᠷᠢᠭ ᠤᠨ ᠰᠢᠲᠠᠷ᠎ᠠ ᠶᠢᠨ ᠦᠵᠡᠭᠦᠯᠭᠡ ᠶᠢᠨ ᠤᠷᠤᠯᠳᠤᠭᠠᠨ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠮᠡᠨ ᠺᠢᠨᠣ᠋︾ ᠨᠡᠶᠢᠲᠡ ᠶᠢᠨ ᠠᠰᠠᠷᠠᠮᠵᠢ ᠶᠢᠨ ᠺᠢᠨᠣ᠋ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠷᠠᠨ ᠰᠠᠶᠢᠬᠠᠨ ᠤ ᠬᠠᠮᠲᠤᠷᠠᠭᠰᠠᠨ ᠲᠣᠬᠯᠠᠯᠲᠠ᠂ ᠭᠡᠷᠡᠯᠲᠦᠭᠦᠯᠭᠡ ᠶᠢᠨ ᠦᠵᠡᠭᠦᠯᠭᠡ ᠵᠡᠷᠭᠡ ᠭᠡᠯᠪᠡᠷᠢ ᠶᠢ ᠰᠠᠶᠢᠲᠤᠷ ᠬᠡᠷᠡᠭᠯᠡᠵᠦ᠂ ᠪᠦᠭᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠳᠤ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠨ᠎ᠠ᠃ ᠵᠢᠷᠭᠤᠭ᠎ᠠ ᠳᠤ ᠰᠦᠯᠵᠢᠶᠡᠨ ᠳᠡᠭᠡᠷᠡᠬᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠵᠣᠬᠢᠶᠠᠨ ᠪᠠᠶᠢᠭᠤᠯᠵᠤ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠶᠢᠨ ᠲᠤᠰᠬᠠᠢ ᠰᠡᠳᠦᠪᠲᠦ ᠰᠦᠯᠵᠢᠶᠡᠨ ᠨᠢᠭᠤᠷ ᠭᠠᠷᠭᠠᠵᠤ᠂ ︽ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ︾ ᠰᠢᠷᠢᠰ ᠶᠠᠷᠢᠶᠠᠨ ᠤ ᠰᠡᠳᠦᠪ ᠭᠠᠷᠭᠠᠵᠤ᠂ ᠢᠳᠡᠪᠬᠢ ᠬᠦᠴᠦᠨ ᠢ ᠨᠠᠩ ᠰᠠᠶᠢᠲᠤᠷ ᠬᠤᠷᠠᠮᠳᠤᠭᠤᠯᠵᠤ᠂ ᠴᠤᠭ ᠰᠦᠯᠳᠡ ᠶᠢ ᠨᠠᠩ ᠰᠠᠶᠢᠲᠤᠷ ᠪᠠᠳᠠᠷᠠᠭᠤᠯᠤᠨ᠎ᠠ᠃     ︽ᠮᠡᠳᠡᠭᠳᠡᠯ︾ ᠳᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠪᠦᠯᠬᠦᠮᠳᠡᠯ ᠲᠠᠢ ᠲᠣᠭᠲᠠᠭᠤᠨ ᠪᠠᠶᠢᠯᠭᠠᠬᠤ ᠡᠷᠴᠢ ᠶᠢ ᠬᠥᠪᠴᠢᠯᠡᠬᠦ᠂ ᠵᠥᠪ ᠲᠠᠯ᠎ᠠ ᠶᠢᠨ ᠤᠬᠠᠭᠤᠯᠭ᠎ᠠ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠪᠤᠷᠤᠭᠤ ᠦᠵᠡᠯᠲᠡ ᠶᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠠᠷᠭ᠎ᠠ ᠪᠠᠷᠢᠯ ᠢᠶᠠᠨ ᠢᠳᠡᠪᠬᠢᠲᠡᠢ ᠰᠢᠨᠡᠳᠬᠡᠵᠦ᠂ ᠤᠯᠠᠨ ᠲᠦᠮᠡᠨ ᠤ ᠬᠡᠷᠡᠭᠴᠡᠭᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠡᠯᠪᠡᠭ ᠪᠠᠶᠠᠯᠢᠭ ᠪᠥᠭᠡᠳ ᠠᠮᠢᠳᠤ ᠴᠣᠪᠣᠭᠤᠯᠢᠭ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠤᠨ ᠬᠢᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠥᠷᠭᠡᠨ ᠢᠶᠠᠷ ᠬᠠᠮᠤᠷᠤᠭᠰᠠᠨ ᠠᠮᠢᠳᠤᠯᠢᠭ ᠪᠠᠶᠢᠷᠢᠰᠢᠯ ᠢ ᠪᠤᠶ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号