ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 28 ᠤ ᠡᠳᠦᠷ ︽ᠡᠷᠡᠭᠦᠯᠵᠢᠯ ᠤᠨ | ᠢᠳᠡᠭᠡᠨ ᠤ ᠰᠢᠨ᠎ᠡ ᠴᠢᠳᠠᠮᠵᠢ ᠵᠢᠴᠢ ᠦᠢᠯᠡᠳᠬᠦᠨ ᠤ ᠮᠡᠷᠭᠡᠵᠢᠯ ᠤᠨ ᠦᠨᠡᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ | ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠪᠡ᠂ ᠡᠨᠡ ᠪᠣᠯ ᠮᠠᠨ ᠤ ᠤᠯᠤᠰ ᠤᠨ ᠥᠩᠭᠡᠷᠡᠭᠰᠡᠨ ᠤ ᠡᠷᠡᠭᠦᠯᠵᠢᠯ ᠤᠨ | ᠢᠳᠡᠭᠡᠨ ᠤ ᠴᠢᠳᠠᠮᠵᠢ ᠶᠢ ᠦᠨᠡᠯᠡᠬᠦ ᠬᠠᠮᠢᠶᠠᠷᠤᠯᠲᠠ ᠶᠢᠨ ᠵᠠᠭᠪᠤᠷ ᠢ ᠳᠦᠷᠢᠮ ᠤᠨ ᠲᠠᠯ᠎ᠠ ᠠᠴᠠ ᠥᠭᠡᠷᠡᠴᠢᠯᠡᠭᠰᠡᠨ | ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠭᠤᠷᠪᠠᠨ ᠶᠡᠭᠡ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢ | ᠢᠯᠡᠷᠡᠭᠦᠯᠵᠡᠢ᠃ | ᠨᠢᠭᠡ ᠳᠤ᠂ ᠰᠢᠨ᠎ᠡ ᠴᠢᠳᠠᠮᠵᠢᠲᠤ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ ᠬᠢᠨᠠᠨ ᠦᠨᠡᠯᠡᠬᠦ | ᠪᠠ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭ᠎ᠠ ᠦᠨᠡᠯᠡᠬᠦ ᠶᠢ ᠬᠠᠷᠢᠯᠴᠠᠨ ᠤᠶᠠᠯᠳᠤᠭᠤᠯᠵᠤ᠂ ᠰᠢᠨ᠎ᠡ ᠴᠢᠳᠠᠮᠵᠢ ᠶᠢ | ᠦᠨᠡᠯᠡᠬᠦ ᠠᠷᠭ᠎ᠠ ᠳᠤ ᠵᠠᠷᠴᠢᠮ ᠳᠡᠭᠡᠷ᠎ᠡ ᠪᠠᠨ ᠡᠷᠬᠡᠪᠰᠢ ᠬᠥᠮᠥᠨ ᠢᠶᠠᠷ ᠲᠤᠷᠰᠢᠨ ᠢᠳᠡᠭᠦᠯᠬᠦ ᠲᠤᠷᠰᠢᠯᠲᠠ ᠶᠢ | ᠪᠠᠭᠲᠠᠭᠠᠬᠤ ᠬᠡᠷᠡᠭᠲᠡᠢ᠃ ᠬᠡᠷᠡᠭᠵᠢᠭᠦᠯᠬᠦ ᠨᠠᠷᠢᠨ ᠳᠦᠷᠢᠮ ᠳᠤ᠂ ᠦᠨᠡᠯᠡᠬᠦ ᠭᠦᠢᠴᠡᠳᠬᠡᠯ ᠲᠤᠭ᠎ᠠ ᠵᠢᠴᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠲᠣᠳᠣᠷᠬᠠᠢ᠂ ᠬᠡᠷᠡᠭᠵᠢᠭᠦᠯᠵᠦ ᠪᠣᠯᠬᠤᠶᠢᠴᠠ ᠪᠥᠭᠡᠳ ᠰᠢᠯᠭᠠᠨ | ᠪᠠᠲᠤᠯᠠᠵᠤ ᠦᠨᠡᠯᠡᠬᠦ ᠶᠢ ᠥᠩᠭᠡᠷᠡᠭᠦᠯᠬᠦ ᠬᠡᠷᠡᠭᠲᠡᠢ᠃ ᠡᠭᠦᠨ ᠤ ᠬᠠᠮᠲᠤ᠂ ᠰᠢᠯᠭᠠᠨ ᠪᠠᠲᠤᠯᠠᠵᠤ ᠦᠨᠡᠯᠡᠬᠦ ᠳᠤ | ᠲᠤᠷᠰᠢᠯᠲᠠ ᠶᠢᠨ ᠲᠠᠰᠤᠭ ᠤᠨ ᠬᠤᠭᠤᠷᠣᠨᠳᠣᠭᠢ ᠵᠥᠷᠢᠶ᠎ᠡ ᠶᠢ ᠭᠦᠢᠴᠡᠳ ᠦᠨᠡᠯᠡᠨ ᠵᠢᠱᠢᠵᠦ᠂ ᠰᠢᠨ᠎ᠡ ᠴᠢᠳᠠᠮᠵᠢ ᠶᠢᠨ | ᠰᠠᠨᠠᠭᠤᠯᠭ᠎ᠠ ᠶᠢ ᠳᠤᠷᠠᠳᠬᠤ ᠠᠴᠠ ᠡᠮᠦᠨ᠎ᠡ᠂ ᠠᠳᠠᠭ ᠲᠠᠭᠠᠨ 1 ᠱᠠᠭᠠᠷᠳᠠᠯᠭ᠎ᠠ ᠳᠤ ᠨᠡᠶᠢᠴᠡᠭᠰᠡᠨ ᠢᠳᠡᠭᠡᠨ ᠰᠢᠯᠭᠠᠨ | ᠪᠠᠶᠢᠴᠠᠭᠠᠬᠤ ᠪᠠᠶᠢᠭᠤᠯᠤᠮᠵᠢ ᠪᠤᠶᠤ ᠡᠮᠴᠢᠯᠡᠭᠡᠨ ᠤ ᠲᠤᠷᠰᠢᠯᠲᠠ ᠶᠢᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠵᠤ | ᠦᠨᠡᠯᠡᠬᠦ ᠶᠢ ᠥᠩᠭᠡᠷᠡᠭᠦᠯᠬᠦ ᠭᠡᠷᠡᠭᠲᠡᠶ᠃ ᠰᠢᠨ᠎ᠡ ᠴᠢᠳᠠᠪᠬᠢᠲᠤ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠬᠤ ᠪᠠᠷ | ᠵᠡᠷᠭᠡ ᠳᠤᠨᠢ ᠳᠤᠷᠠᠳᠤᠭᠰᠠᠨ ᠪᠠᠶᠢᠪᠠᠯ᠂ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠦᠨᠡᠯᠡᠯᠲᠡ ᠶᠢᠨ | ᠬᠤᠭᠤᠴᠠᠭᠠᠨ ᠳᠤ᠂ ᠨᠠᠭᠠᠲᠤ ᠵᠠᠬ᠎ᠠ ᠳᠠᠭᠠᠨ 2 ᠱᠠᠭᠠᠷᠳᠠᠯᠭ᠎ᠠ ᠳᠤ ᠨᠡᠶᠢᠴᠡᠭᠰᠡᠨ ᠢᠳᠡᠭᠡᠨ ᠰᠢᠯᠭᠠᠨ ᠪᠠᠶᠢᠴᠠᠭᠠᠬᠤ | ᠪᠠᠶᠢᠭᠤᠯᠤᠮᠵᠢ ᠪᠤᠶᠤ ᠡᠮᠴᠢᠯᠡᠭᠡᠨ ᠤ ᠲᠤᠷᠰᠢᠯᠲᠠ ᠶᠢᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠵᠤ ᠦᠨᠡᠯᠡᠬᠦ ᠶᠢ | ᠥᠩᠭᠡᠷᠡᠭᠦᠯᠬᠦ ᠬᠡᠷᠡᠭᠲᠡᠢ ᠭᠡᠵᠦ ᠳᠤᠷᠠᠳᠪᠠ᠃ | ᠬᠤᠶᠠᠷ ᠲᠤ᠂ ᠰᠢᠨ᠎ᠡ ᠴᠢᠳᠠᠮᠵᠢ ᠶᠢᠨ ᠰᠠᠨᠠᠭᠤᠯᠭ᠎ᠠ ᠪᠠ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠢ | ᠬᠤᠯᠪᠣᠭᠳᠠᠭᠤᠯᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠬᠤ ᠪᠣᠯ ᠪᠠᠰᠠ ᠨᠢᠭᠡ ᠶᠡᠭᠡ | ᠰᠢᠨ᠎ᠡ ᠶᠢ ᠡᠭᠦᠳᠬᠦ ᠴᠡᠭ ᠪᠣᠯᠣᠨ᠎ᠠ᠃ ᠬᠡᠷᠡᠭᠵᠢᠭᠦᠯᠬᠦ ᠨᠠᠷᠢᠨ ᠳᠦᠷᠢᠮ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠥᠨ | ᠰᠢᠨ᠎ᠡ ᠴᠢᠳᠠᠮᠵᠢ ᠶᠢᠨ ᠰᠠᠨᠠᠭᠤᠯᠭ᠎ᠠ ᠪᠠ ᠬᠠᠷᠠᠭᠠᠯᠵᠠᠭᠰᠠᠨ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠢ | ᠳᠠᠩᠰᠠᠯᠠᠭᠤᠯᠬᠤ ᠭᠤᠶᠤᠴᠢᠯᠠᠯ ᠢ ᠵᠡᠷᠭᠡ ᠪᠠᠷ ᠳᠤᠷᠠᠳᠤᠭᠰᠠᠨ ᠪᠠᠶᠢᠪᠠᠯ᠂ ᠮᠠᠲ᠋ᠧᠷᠢᠶᠠᠯ ᠢ ᠭᠥᠯᠢᠶᠡᠨ ᠠᠪᠬᠤ᠂ ᠬᠢᠨᠠᠨ | ᠦᠨᠡᠯᠡᠬᠦ᠂ ᠬᠢᠨᠠᠨ ᠵᠥᠪᠰᠢᠶᠡᠷᠡᠬᠦ ᠵᠡᠷᠭᠡ ᠡᠯ᠎ᠡ ᠭᠤᠭᠴᠤᠭ᠎ᠠ ᠳᠤ ᠬᠤᠯᠪᠣᠭᠳᠠᠬᠤ ᠬᠢᠨᠠᠨ ᠪᠠᠶᠢᠴᠠᠭᠠᠯᠲᠠ ᠶᠢ | ᠬᠡᠷᠡᠭᠵᠢᠭᠦᠯᠵᠦ᠂ ᠳᠦᠷᠢᠮ ᠤᠨ ᠰᠢᠨ᠎ᠡ ᠡᠭᠦᠳᠦᠯᠲᠡ ᠪᠠᠷ ᠠᠵᠢᠯ ᠲᠥᠷᠥᠯ ᠤᠨ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠬᠤ | ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠤᠨ᠎ᠠ ᠭᠡᠵᠦ ᠲᠣᠭᠲᠠᠭᠠᠪᠠ᠃ | ᠭᠤᠷᠪᠠ ᠳᠤ᠂ ᠰᠢᠨ᠎ᠡ ᠶᠢ ᠡᠭᠦᠳᠬᠦ ᠴᠡᠭ ᠨᠢ ᠭᠤᠣᠯᠳᠠᠭᠤ ᠰᠢᠨ᠎ᠡ ᠴᠢᠳᠠᠮᠵᠢᠲᠤ ᠡᠷᠡᠭᠦᠯᠵᠢᠯ ᠤᠨ ᠢᠳᠡᠭᠡᠨ ᠤ | ᠴᠢᠳᠠᠮᠵᠢ ᠶᠢᠨ ᠨᠡᠷᠡᠶᠢᠳᠦᠯ ᠢ ᠲᠠᠰ ᠬᠤᠪᠢᠶᠠᠨ ᠬᠥᠳᠡᠯᠦᠩᠭᠦᠢ ᠪᠠᠷ ᠬᠠᠮᠢᠶᠠᠷᠬᠤ ᠶᠢ ᠰᠦᠪᠡᠭᠴᠢᠯᠡᠨ ᠥᠷᠨᠢᠭᠦᠯᠬᠦ | ᠲᠠᠯ᠎ᠠ ᠪᠠᠷ ᠢᠯᠡᠷᠡᠵᠦ᠂ ᠡᠷᠡᠭᠦᠯᠵᠢᠯ ᠤᠨ ᠴᠢᠳᠠᠮᠵᠢ ᠶᠢ ᠲᠥᠷᠥᠯ ᠬᠤᠪᠢᠶᠠᠨ ᠦᠨᠡᠯᠡᠬᠦ᠂ ᠲᠠᠰ ᠬᠤᠪᠢᠶᠠᠨ | ᠲᠣᠳᠣᠷᠬᠠᠶᠢᠯᠠᠬᠤ ᠶᠢ ᠬᠡᠷᠡᠭᠵᠢᠭᠦᠯᠦᠨ᠎ᠡ᠃ ᠡᠵᠡᠩᠨᠡᠯᠲᠡ ᠶᠢᠨ ᠭᠤᠣᠯ ᠴᠣᠭᠴᠠ ᠳᠤ ᠠᠪᠴᠤ ᠬᠡᠯᠡᠪᠡᠯ᠂ ᠰᠢᠨᠵᠢᠯᠡᠬᠦ | ᠤᠬᠠᠭᠠᠨᠴᠢ ᠬᠠᠮᠲᠤ ᠶᠢᠨ ᠲᠠᠨᠢᠯᠲᠠ ᠭᠦᠢᠴᠡᠳ ᠪᠠᠶᠢᠬᠤ ᠬᠡᠮᠵᠢᠶ᠎ᠡ ᠶᠢ ᠦᠨᠳᠦᠰᠦᠯᠡᠨ ᠡᠷᠡᠭᠦᠯᠵᠢᠯ ᠤᠨ ᠢᠳᠡᠭᠡᠨ ᠤ | ᠴᠢᠳᠠᠮᠵᠢ ᠶᠢᠨ ᠨᠡᠷᠡᠶᠢᠳᠦᠯ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠯᠲᠡ ᠶᠢᠨ ᠦᠷ᠎ᠡ ᠳ᠋ᠦᠩ ᠢ | ᠦᠨᠳᠦᠰᠦᠯᠡᠨ ᠡᠷᠡᠭᠦᠯᠵᠢᠯ ᠤᠨ ᠴᠢᠳᠠᠮᠵᠢ ᠶᠢᠨ ᠨᠡᠷᠡᠶᠢᠳᠦᠯ ᠤᠨ ᠬᠢᠵᠠᠭᠠᠷᠯᠠᠭᠰᠠᠨ ᠬᠡᠯᠡᠯᠭᠡ ᠳᠤ ᠲᠣᠬᠢᠷᠠᠭᠤᠯᠤᠯᠲᠠ | ᠬᠢᠵᠦ᠂ ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠷ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠪᠣᠯᠣᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ᠂ ᠬᠡᠷᠡᠭᠵᠢᠭᠦᠯᠬᠦ ᠨᠠᠷᠢᠨ ᠳᠦᠷᠢᠮ ᠳᠤ | ︽ᠶᠡᠷᠦᠩᠬᠡᠢ ᠳᠦᠷᠢᠮ︾᠂ ︽ᠰᠢᠨ᠎ᠡ ᠴᠢᠳᠠᠮᠵᠢ ᠶᠢᠨ ᠰᠤᠳᠤᠯᠭᠠᠨ︾᠂ ︽ᠮᠠᠲ᠋ᠧᠷᠢᠶᠠᠯ ᠭᠥᠯᠢᠶᠡᠨ ᠠᠪᠬᠤ︾᠂ | ︽ᠮᠡᠷᠭᠡᠵᠢᠯ ᠤᠨ ᠦᠨᠡᠯᠡᠯᠲᠡ︾᠂ ︽ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠦᠨᠡᠯᠡᠯᠲᠡ︾᠂ ︽ᠳᠠᠭᠠᠯᠲᠠ | ᠳᠦᠷᠢᠮ︾ ᠵᠡᠷᠭᠡ 6 ᠲᠠᠯ᠎ᠠ ᠪᠠᠷ ᠨᠠᠷᠢᠨ ᠥᠭᠦᠯᠡᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠤ ᠴᠢᠳᠠᠮᠵᠢ ᠶᠢᠨ ᠰᠢᠨ᠎ᠡ ᠶᠢ ᠡᠭᠦᠳᠬᠦ ᠪᠠ | ᠦᠢᠯᠡᠳᠬᠦᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠵᠢᠯᠤᠭᠤᠳᠴᠤ᠂ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠤᠨ᠎ᠠ ᠭᠡᠵᠦ ᠲᠠᠨᠢᠯᠴᠠᠭᠤᠯᠪᠠ᠃ |