ᠣᠨᠳᠣᠷᠣᠯᠲᠤ ᠪᠠᠯᠭᠠᠰᠤ᠄ ᠢᠲᠡᠭᠡᠮᠵᠢ ᠶᠢᠨ ︽ᠬᠠᠭᠤᠳᠠᠰᠤ︾ ᠶᠢ ᠰᠠᠶᠢᠲᠤᠷ ᠬᠠᠮᠢᠶᠠᠷᠴᠤ ᠢᠲᠡᠭᠡᠮᠵᠢᠲᠦ ᠪᠠᠯᠭᠠᠰᠤ ᠶᠢ ᠴᠣᠭᠴᠠᠯᠠᠪᠠ
ᠨᠡᠶᠢᠲᠡᠯᠡᠭᠰᠡᠨ ᠴᠠᠭ᠄
2023/9/13
   ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤ ᠦᠨᠡᠨᠴᠢ ᠢᠲᠡᠭᠡᠮᠵᠢᠲᠦ ᠪᠠᠯᠭᠠᠰᠤ ᠶᠢ ᠬᠦᠴᠦᠯᠡᠨ ᠪᠠᠶᠢᠭᠤᠯᠵᠤ᠂ ᠰᠢᠯᠭᠠᠷᠠᠭᠤᠯᠤᠨ ᠰᠣᠩᠭᠤᠬᠤ ᠪᠠᠷ ᠪᠠᠷᠢᠮᠵᠢᠶ᠎ᠠ ᠲᠣᠭᠲᠠᠭᠠᠵᠤ᠂ ᠨᠡᠶᠢᠲᠡᠯᠢᠭ ᠵᠢᠱᠢᠶ᠎ᠡ ᠶᠢ ᠰᠣᠩᠭᠤᠨ ᠳᠠᠭᠠᠭᠤᠯᠬᠤ ᠶᠢ ᠴᠢᠩᠭᠠᠳᠬᠠᠨ᠂ ᠪᠣᠯᠪᠠᠰᠤᠨ ᠦᠢᠯᠡᠳᠦᠯᠭᠡ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠭᠠᠷᠳᠠᠴᠠ ᠪᠤᠯᠭᠠᠵᠤ᠂ ᠢᠲᠡᠭᠡᠮᠵᠢ ᠶᠢᠨ ︽ᠬᠠᠭᠤᠳᠠᠰᠤ︾ ᠶᠢ ᠰᠠᠶᠢᠲᠤᠷ ᠬᠠᠮᠢᠶᠠᠷᠴᠤ᠂ ᠲᠤᠰ ᠪᠠᠯᠭᠠᠰᠤᠨ ᠳᠤ ᠬᠠᠷᠢᠶᠠᠯᠠᠭᠳᠠᠬᠤ ᠳᠤᠯᠤᠭᠠᠨ ᠭᠠᠴᠠᠭ᠎ᠠ᠂ ᠨᠢᠭᠡ ᠨᠡᠶᠢᠭᠡᠮ ᠲᠣᠭᠤᠷᠢᠭ ᠤᠨ ᠮᠠᠯᠴᠢᠨ ᠲᠠᠷᠢᠶᠠᠴᠢᠳ ᠲᠤ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠬᠥᠳᠡᠭᠡ ᠲᠣᠰᠬᠤᠨ ᠤ ᠢᠲᠡᠭᠡᠮᠵᠢ  ᠶᠢᠨ ᠬᠤᠷᠰᠢᠶ᠎ᠠ  ᠳᠤ 5 ᠵᠢᠯ ᠳᠠᠷᠠᠭᠠᠯᠠᠨ ᠬᠤᠭᠤᠴᠠᠭ᠎ᠠ   ᠨᠢ ᠬᠡᠲᠦᠷᠡᠭᠰᠡᠨ᠂ ᠨᠠᠶᠢᠳᠠᠪᠤᠷᠢ ᠦᠭᠡᠢ ᠵᠡᠷᠭᠡ ᠵᠢᠭᠡᠯᠡᠯᠭᠡ  ᠶᠢᠨ ᠪᠠᠶᠢᠳᠠᠯ ᠢᠯᠡᠷᠡᠭᠰᠡᠨ ᠦᠭᠡᠢ᠃    ᠣᠨᠳᠣᠷᠣᠯᠲᠤ ᠪᠠᠯᠭᠠᠰᠤᠨ ᠤ ᠳᠤᠯᠤᠭᠠᠨ ᠭᠠᠴᠠᠭᠠᠨ ᠳᠤ ︽ᠢᠲᠡᠭᠡᠮᠵᠢᠲᠦ ᠭᠠᠴᠠᠭ᠎ᠠ︾ ᠶᠢᠨ ᠫᠠᠶᠢᠰᠠ ᠡᠯᠭᠦᠵᠦ᠂ ᠬᠠᠷᠢᠶ᠎ᠠ ᠣᠷᠣᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠠᠴᠠ 589 ᠪᠠᠶᠢᠩᠭᠤ ᠰᠠᠭᠤᠭ᠎ᠠ ᠡᠷᠦᠭᠡ ᠶᠢᠨ ᠳᠣᠲᠣᠷᠠᠬᠢ 506 ᠡᠷᠦᠭᠡ ᠨᠢ ᠴᠥᠮ ︽ᠢᠲᠡᠭᠡᠮᠵᠢᠲᠦ ᠡᠷᠦᠭᠡ︾ ᠶᠢᠨ ᠢᠷᠠᠭᠤ ᠠᠯᠳᠠᠷ ᠢ ᠭᠦᠷᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠲᠡᠮᠳᠡᠭᠯᠡᠯ ᠳᠤ᠂ 5 ᠵᠢᠯ ᠳᠠᠷᠠᠭᠠᠯᠠᠨ ᠬᠤᠭᠤᠴᠠᠭ᠎ᠠ ᠨᠢ ᠬᠡᠲᠦᠷᠡᠭᠰᠡᠨ᠂ ᠨᠠᠶᠢᠳᠠᠪᠤᠷᠢ ᠦᠭᠡᠢ ᠵᠡᠷᠭᠡ ᠵᠢᠭᠡᠯᠡᠯᠭᠡ ᠪᠠᠶᠢᠬᠤ ᠦᠭᠡᠢ ᠪᠠᠶᠢᠵᠤ᠂ ᠡᠨᠡ ᠨᠢ ᠠᠯᠠᠱᠠ ᠵᠡᠭᠦᠨ ᠬᠤᠰᠢᠭᠤᠨ ᠤ ᠬᠠᠮᠤᠭ ᠤᠨ ᠰᠠᠶᠢᠨ ᠵᠢᠭᠡᠯᠡᠯᠭᠡ ᠶᠢᠨ ᠢᠲᠡᠭᠡᠮᠵᠢ ᠲᠠᠢ ᠪᠠᠯᠭᠠᠰᠤ ᠪᠣᠯᠵᠤ᠂ ᠭᠤᠷᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠡᠶᠢᠲᠡ 9 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠷᠬᠠᠭᠠᠵᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠶᠡᠬᠡᠬᠡᠨ ᠳᠡᠮᠵᠢᠯᠭᠡ ᠦᠵᠡᠭᠦᠯᠪᠡ᠃    ᠣᠨᠳᠣᠷᠣᠯᠲᠤ ᠪᠠᠯᠭᠠᠰᠤᠨ ᠤ ᠳ᠋ᠧ ᠮᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠠᠵᠤ ᠠᠬᠤᠶᠢᠯᠠᠯ ᠪᠣᠯᠵᠤ᠂ ᠭᠤᠣᠯ ᠨᠢ ᠡᠷᠳᠡᠨᠢ ᠰᠢᠰᠢ ᠬᠠᠲᠠᠭᠠᠬᠤ᠂ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠰᠠᠭᠤᠷᠢᠨ ᠭᠠᠵᠠᠷ ᠶᠤᠮ᠃ ᠬᠤᠷᠰᠢᠶᠠᠵᠢᠯ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠤᠷᠳᠤ᠂ ᠤᠯᠠᠷᠢᠯ ᠤᠨ ᠴᠢᠨᠠᠷ ᠴᠢᠩᠭ᠎ᠠ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠢ ᠵᠡᠷᠭᠡ ᠰᠢᠯᠲᠠᠭᠠᠨ ᠠᠴᠠ ᠲᠦᠷ ᠴᠠᠭ ᠤᠨ ᠡᠷᠭᠢᠯᠲᠡ ᠶᠢᠨ ᠪᠡᠯᠡ ᠮᠥᠩᠭᠦ ᠬᠦᠴᠢᠷᠳᠡᠯ ᠳᠤ ᠲᠤᠯᠭᠠᠷᠠᠬᠤ ᠳᠤ ᠠᠯᠠᠱᠠ ᠵᠡᠭᠦᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠪᠠᠩᠬᠢ ᠠᠴᠠ ᠲᠠᠷᠢᠶᠠᠴᠢᠳ ᠲᠤ ᠠᠰᠢᠭ ᠬᠦᠷᠲᠡᠭᠡᠬᠦ ᠢᠲᠡᠭᠡᠮᠵᠢ ᠶᠢᠨ ᠵᠢᠭᠡᠯᠡᠯᠭᠡ ᠶᠢ ᠲᠠᠯᠪᠢᠵᠤ ᠥᠭᠪᠡ᠃ ᠣᠶᠢᠯᠠᠭᠠᠭᠰᠠᠨ ᠢᠶᠠᠷ᠂ ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠴᠢᠤᠸᠠᠨ ᠰᠢᠶᠠᠨ ᠲᠤᠰ ᠪᠠᠯᠭᠠᠰᠤᠨ ᠤ ᠠᠩᠬᠠᠨ ᠤ ᠢᠲᠡᠭᠡᠮᠵᠢ ᠶᠢᠨ ᠡᠷᠦᠭᠡ ᠪᠣᠯᠵᠤ᠂ ᠭᠡᠷ ᠪᠦᠯᠢ ᠶᠢᠨ ᠪᠦᠷᠢᠯᠳᠦᠭᠦᠨ ᠲᠠᠢ ᠪᠠᠨ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠪᠠᠩᠬᠢ ᠳᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ ᠲᠡᠮᠳᠡᠭᠯᠡᠯ ᠪᠠᠶᠢᠬᠤ ᠦᠭᠡᠢ ᠪᠠᠶᠢᠵᠤ᠂ ᠭᠡᠷ ᠪᠦᠯᠢ ᠶᠢᠨ ᠢᠲᠡᠭᠡᠮᠵᠢ ᠶᠢᠨ ᠲᠠᠩᠰᠠ᠂ ᠨᠡᠶᠢᠭᠡᠮ ᠤᠨ ᠢᠲᠡᠭᠡᠮᠵᠢ ᠶᠢᠨ ᠪᠠᠶᠢᠳᠠᠯ ᠨᠢ ᠪᠦᠷ ᠰᠠᠶᠢᠨ ᠪᠠᠶᠢᠵᠠᠢ᠃ ᠲᠠᠷᠢᠶᠠᠴᠢᠳ ᠲᠤ ᠠᠰᠢᠭ ᠬᠦᠷᠲᠡᠭᠡᠬᠦ ᠢᠲᠡᠭᠡᠮᠵᠢ ᠶᠢᠨ ᠵᠢᠭᠡᠯᠡᠯᠭᠡ ᠶᠢᠨ ᠳᠡᠮᠵᠢᠯᠭᠡ ᠳᠣᠣᠷ᠎ᠠ᠂ ᠳ᠋ᠧ ᠮᠢᠨ ᠬᠤᠷᠰᠢᠶᠠᠵᠢᠯ ᠤᠨ ᠠᠵᠤ ᠦᠢᠯᠡᠰ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ ᠬᠠᠮᠤᠭ ᠠᠩᠬᠠᠨ ᠤ 300 ᠲᠦᠮᠡᠨ ᠲᠥᠭᠦᠷᠢᠭ ᠠᠴᠠ 9000 ᠲᠦᠮᠡᠨ ᠲᠥᠭᠦᠷᠢᠭ ᠣᠷᠴᠢᠮ ᠬᠦᠷᠴᠦ᠂ 30 ᠭᠠᠷᠤᠢ ᠠᠵᠢᠯᠲᠠᠨ ᠠᠴᠠ 110 ᠭᠠᠷᠤᠢ ᠠᠵᠢᠯᠲᠠᠨ ᠲᠠᠢ ᠪᠣᠯᠵᠠᠢ᠃ ᠬᠤᠷᠰᠢᠶᠠᠵᠢᠯ ᠨᠢ 2018 ᠣᠨ ᠳᠤ᠂ ᠪᠠᠯᠭᠠᠰᠤᠨ ᠤ ᠬᠤᠶᠠᠷ ᠭᠠᠴᠠᠭ᠎ᠠ ᠲᠠᠢ ᠶᠠᠳᠠᠭᠤ ᠶᠢ ᠲᠡᠳᠬᠦᠬᠦ ᠬᠡᠯᠡᠯᠴᠡᠭᠡᠷ ᠲᠣᠭᠲᠠᠭᠠᠵᠤ᠂ ᠪᠡᠯᠡ ᠮᠥᠩᠭᠦ ᠶᠢᠨ 12% ᠢᠶᠠᠷ ᠬᠤᠪᠢ ᠣᠷᠣᠭᠤᠯᠬᠤ ᠠᠷᠭ᠎ᠠ ᠮᠠᠶ᠋ᠢᠭ ᠢ ᠠᠪᠴᠤ᠂ ᠵᠢᠯ ᠪᠦᠷᠢ ᠶᠢᠨ ᠨᠥᠬᠦᠪᠦᠷᠢ ᠶᠢ ᠡᠷᠦᠭᠡ ᠳᠤ ᠥᠭᠴᠦ ᠠᠰᠢᠭ ᠣᠷᠣᠯᠭ᠎ᠠ ᠬᠤᠪᠢᠶᠠᠷᠢᠯᠠᠨ᠂ 46 ᠶᠠᠳᠠᠭᠤ ᠬᠦᠴᠢᠷᠳᠡᠯᠲᠡᠢ ᠡᠷᠦᠭᠡ ᠶᠢ ᠲᠡᠳᠬᠦᠨ ᠬᠠᠪᠰᠤᠷᠴᠤ᠂ ᠵᠡᠮᠳᠡᠭᠴᠦᠳ ᠲᠤ ᠡᠮ ᠡᠮᠨᠡᠯᠭᠡ ᠶᠢᠨ ᠳᠠᠭᠠᠳᠬᠠᠯ ᠪᠠ ᠨᠡᠶᠢᠭᠡᠮ ᠤᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠲᠤᠰ ᠪᠠᠯᠭᠠᠰᠤᠨ ᠤ ᠳᠠᠯᠠ ᠭᠠᠷᠤᠢ ᠰᠠᠭᠤᠭᠠᠯᠢ ᠠᠷᠠᠳ  ᠤᠨ ᠠᠵᠢᠯ ᠣᠯᠭᠤᠯᠲᠠ  ᠶᠢᠨ ᠠᠰᠠᠭᠤᠳᠠᠯ ᠢ ᠰᠢᠢᠳᠪᠦᠷᠢᠯᠡᠵᠦ᠂ ᠳ᠋ᠧ ᠮᠢᠨ ᠬᠤᠷᠰᠢᠶᠠᠵᠢᠯ  ᠤᠨ ᠬᠥᠭᠵᠢᠯᠲᠡ   ᠨᠢ ᠭᠠᠴᠠᠭᠠᠨ  ᠤ ᠬᠠᠮᠲᠤ  ᠶᠢᠨ ᠠᠵᠤ ᠠᠬᠤᠢ ᠶᠢ ᠪᠤᠵᠠᠭᠠᠶᠢᠷᠠᠭᠤᠯᠬᠤ  ᠶᠢᠨ ᠬᠠᠮᠲᠤ ᠮᠠᠯᠴᠢᠨ ᠲᠠᠷᠢᠶᠠᠴᠢᠳ  ᠢ ᠳᠠᠶᠢᠴᠢᠯᠠᠨ ᠪᠠᠶᠠᠵᠢᠭᠤᠯᠪᠠ᠃    ᠢᠲᠡᠭᠡᠮᠵᠢᠲᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠨᠢ ᠲᠠᠷᠢᠶᠠᠴᠢᠨ ᠡᠷᠦᠭᠡ ᠳᠤ ᠮᠥᠩᠭᠦᠨ ᠭᠦᠢᠯᠭᠡᠭᠡᠨ ᠤ ᠠᠰᠢᠭ ᠲᠤᠰᠠ ᠣᠯᠭᠤᠬᠤ ᠶᠢᠨ ᠬᠠᠮᠲᠤ ᠬᠥᠳᠡᠭᠡ ᠲᠣᠰᠬᠤᠨ ᠤ ᠪᠣᠯᠪᠠᠰᠤᠨ ᠬᠡᠪ ᠰᠤᠷᠲᠠᠯ ᠢ ᠳᠡᠭᠡᠭᠰᠢᠯᠡᠭᠦᠯᠵᠡᠢ᠃ ᠪᠦᠭᠦ ᠪᠠᠯᠭᠠᠰᠤᠨ ᠳᠤ ᠭᠡᠷ ᠪᠦᠯᠢ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠰᠢᠨ᠎ᠡ ᠭᠡᠯᠪᠡᠷᠢ ᠶᠢ ᠰᠦᠪᠡᠭᠴᠢᠯᠡᠨ ᠪᠠᠶᠢᠭᠤᠯᠬᠤ ᠶᠢ ᠢᠳᠡᠪᠬᠢᠲᠡᠢ ᠠᠬᠢᠭᠤᠯᠤᠨ᠂ ᠭᠡᠷ ᠪᠦᠯᠢ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠭᠠᠴᠠᠭᠠᠨ ᠤ ᠳᠦᠷᠢᠮ ᠲᠣᠭᠲᠠᠭᠠᠯ ᠳᠤ ᠣᠷᠣᠭᠤᠯᠵᠤ᠂ ︽ᠢᠲᠡᠭᠡᠮᠵᠢ + ᠡᠷᠬᠢᠮ ᠰᠤᠷᠲᠠᠯ ᠡᠷᠡᠭᠦᠯ ᠡᠩᠬᠡ ᠰᠢᠨ᠎ᠡ ᠠᠮᠢᠳᠤᠷᠠᠯ + ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ︾ ᠭᠡᠯᠪᠡᠷᠢ ᠶᠢ ᠡᠭᠦᠳᠴᠦ ᠨᠢᠭᠡ ᠴᠣᠭᠴᠠᠵᠢᠭᠤᠯᠤᠭᠰᠠᠨ ᠢᠲᠡᠭᠡᠮᠵᠢ ᠲᠠᠢ ᠪᠠᠯᠭᠠᠰᠤ ᠶᠢ ᠪᠠᠶᠢᠭᠤᠯᠪᠠ᠃ ᠭᠠᠴᠠᠭᠠᠨ ᠤ ᠠᠷᠠᠳ ᠤᠳ ᠭᠠᠴᠠᠭᠠᠨ ᠤ ᠳᠦᠷᠢᠮ ᠲᠣᠭᠲᠠᠭᠠᠯ ᠶᠣᠰᠣᠭᠠᠷ ᠭᠠᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠠᠭ ᠲᠤᠬᠠᠢ ᠳᠤᠨᠢ ᠴᠡᠪᠡᠷᠯᠡᠬᠦ᠂ ᠬᠤᠯᠪᠣᠭᠳᠠᠬᠤ ᠡᠷᠥᠭᠡ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠪᠤᠰᠤᠳ ᠲᠤ ᠲᠤᠰᠠ ᠬᠢᠬᠦ ᠨᠢ ᠢᠲᠡᠭᠡᠮᠵᠢ ᠶᠢᠨ ᠬᠤᠪᠢ ᠣᠯᠵᠤ ᠴᠢᠳᠠᠬᠤ ᠮᠥᠷᠲᠡᠭᠡᠨ ᠡᠨᠡ ᠬᠤᠪᠢ ᠪᠠᠷ ᠣᠨᠳᠣᠷᠣᠯᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠢᠲᠡᠭᠡᠮᠵᠢ ᠶᠢᠨ ᠬᠤᠷᠠᠮᠳᠤᠯ ᠬᠤᠪᠢ ᠶᠢᠨ ᠭᠡᠲᠦ ᠳᠡᠯᠭᠡᠭᠦᠷ ᠠᠴᠠ ᠪᠠᠭ᠋ᠠᠷᠬᠠᠭᠰᠠᠨ ᠲᠠᠸᠠᠷ ᠢᠶᠠᠨ ᠰᠣᠯᠢᠵᠤ ᠪᠤᠯᠳᠠᠭ᠃ ᠤᠯᠠᠨ ᠢᠶᠠᠷ ᠢᠶᠠᠨ ᠢᠲᠡᠭᠡᠮᠵᠢ ᠶᠢᠨ ᠬᠤᠪᠢ ᠪᠠᠷ ᠵᠣᠷᠢᠭᠵᠢᠭᠤᠯᠤᠯ ᠪᠣᠯᠭᠠᠨ᠂ ᠪᠣᠳᠠᠲᠠᠢ ᠠᠵᠢᠯᠯᠠᠭ᠎ᠠ ᠪᠠᠷ ᠢᠶᠠᠨ ᠰᠢᠨ᠎ᠡ ᠬᠡᠪ ᠰᠤᠷᠲᠠᠯ ᠢ ᠪᠤᠢ ᠪᠤᠯᠭᠠᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠦᠨ᠎ᠡ ᠦᠷᠲᠡᠭ ᠲᠠᠢ ᠪᠣᠯᠭᠠᠵᠠᠢ᠃    ᠵᠠᠰᠠᠭ ᠤᠨ ᠣᠷᠳᠣᠨ ᠤ ᠢᠲᠡᠭᠡᠮᠵᠢ ᠨᠢ ᠭᠠᠴᠠᠭᠠᠨ ᠤ ᠢᠲᠡᠭᠡᠮᠵᠢ ᠶᠢ ᠳᠠᠶᠢᠴᠢᠯᠠᠵᠤ᠂ ᠭᠠᠴᠠᠭᠠᠨ ᠤ ᠢᠲᠡᠭᠡᠮᠵᠢ  ᠨᠢ ᠲᠠᠷᠢᠶᠠᠴᠢᠨ ᠡᠷᠦᠭᠡ ᠶᠢᠨ ᠢᠲᠡᠭᠡᠮᠵᠢ ᠶᠢ ᠳᠠᠶᠢᠴᠢᠯᠠᠪᠠ᠃ ᠢᠲᠡᠭᠡᠮᠵᠢᠲᠦ ᠭᠠᠴᠠᠭᠠᠨ ᠤ ᠠᠬᠢᠭᠤᠯᠤᠯ ᠳᠣᠣᠷ᠎ᠠ᠂ ᠣᠨᠳᠣᠷᠣᠯᠲᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠡᠯ᠎ᠡ ᠭᠠᠴᠠᠭ᠎ᠠ ᠬᠠᠮᠲᠤ ᠪᠠᠷ ᠴᠢᠷᠮᠠᠶᠢᠵᠤ᠂ ᠡᠷᠦᠭᠡ ᠶᠢᠨ ᠵᠣᠷᠯᠣᠩ ᠢ ᠥᠭᠡᠷᠡᠴᠢᠯᠡᠬᠦ᠂ ᠤᠰᠤᠨ ᠰᠤᠪᠠᠭ ᠤᠨ ᠬᠤᠭᠤᠯᠠᠢ ᠶᠢ ᠥᠭᠡᠷᠡᠴᠢᠯᠡᠬᠦ ᠵᠡᠷᠭᠡ ᠲᠦᠷᠦᠯ ᠵᠦᠢᠯ ᠢ ᠤᠷᠤᠭᠰᠢᠲᠠᠢ ᠪᠡᠶᠡᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠡᠮᠬᠢ ᠵᠠᠮᠪᠠᠷᠠᠭ᠎ᠠ ᠦᠭᠡᠢ᠂ ᠬᠥᠷᠰᠢ ᠵᠡᠷᠭᠡᠯᠡᠳᠡᠭᠡ ᠶᠢᠨ ᠵᠥᠷᠢᠴᠡᠯ ᠤᠯᠠᠨ ᠡᠭᠦᠰᠬᠦ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠪᠦᠭᠦ ᠪᠠᠯᠭᠠᠰᠤᠨ ᠤ ᠬᠥᠳᠡᠭᠡ ᠲᠣᠰᠬᠤᠨ ᠤ ᠠᠷᠠᠳ ᠤᠨ ᠬᠡᠪ ᠰᠤᠷᠲᠠᠯ ᠰᠠᠶᠢᠨ᠂ ᠣᠷᠣᠰᠢᠨ ᠰᠠᠭᠤᠬᠤ ᠣᠷᠴᠢᠨ ᠨᠥᠬᠦᠴᠡᠯ ᠰᠠᠶᠢᠨ᠂ ᠰᠣᠶᠣᠯ ᠤᠨ ᠠᠮᠢᠳᠤᠷᠠᠯ ᠰᠠᠶᠢᠬᠠᠨ ᠪᠠᠶᠢᠯᠭᠠᠬᠤ ᠶᠢ ᠪᠡᠶᠡᠯᠡᠭᠦᠯᠵᠦ ᠴᠢᠳᠠᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号