ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ  ᠤᠨ ᠰᠠᠨᠠᠯ
ᠨᠡᠶᠢᠲᠡᠯᠡᠭᠰᠡᠨ ᠴᠠᠭ᠄
2023/9/13
   ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠬᠤᠯᠪᠣᠭᠳᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠳᠤ ᠳᠣᠣᠷᠠᠬᠢ ᠮᠡᠲᠦ ᠰᠠᠨᠠᠯ ᠢ ᠳᠤᠷᠠᠳᠤᠶ᠎ᠠ᠃    ᠨᠢᠭᠡ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠶᠢ ᠴᠢᠩᠭᠠᠳᠬᠠᠨ᠎ᠠ    ︵ᠨᠢᠭᠡ︶ ᠭᠠᠮᠰᠢᠭ ᠬᠦᠨᠳᠦ ᠨᠣᠴᠢᠲᠠᠢ ᠪᠣᠯᠤᠭᠰᠠᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢᠨ ᠵᠥᠪᠰᠢᠶᠡᠷᠡᠨ ᠣᠷᠣᠭᠤᠯᠬᠤ ᠶᠢ ᠴᠢᠩᠭᠠᠳᠬᠠᠨ᠎ᠠ᠃ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ 90 ᠲᠦᠮᠡᠨ ᠲᠣᠨ ᠠᠴᠠ ᠳᠣᠣᠷ᠎ᠠ ᠪᠠᠶᠢᠬᠤ ᠪᠥᠭᠡᠳ ᠨᠡᠭᠦᠷᠡᠰᠦ ᠬᠢᠭᠡᠳ ᠭᠠᠰ ᠲᠣᠪᠣᠶᠢᠮ᠎ᠠ᠂ ᠭᠠᠵᠠᠷ ᠤᠨ ᠳᠠᠷᠤᠯᠲᠠ ᠳᠤ ᠳᠠᠭᠠᠷᠢᠯᠲᠠ ᠪᠤᠯᠬᠤ᠂ ᠤᠰᠤ ᠵᠦᠢ ᠶᠢᠨ ᠭᠠᠵᠠᠷ ᠰᠢᠨᠵᠢᠯᠡᠭᠡᠨ ᠤ ᠲᠦᠷᠤᠯ ᠭᠡᠯᠪᠡᠷᠢ ᠨᠢ ᠲᠤᠶᠢᠯ ᠤᠨ ᠪᠤᠳᠤᠯᠢᠶᠠᠨᠲᠠᠢ ᠨᠡᠭᠦᠷᠡᠰᠦᠨ ᠠᠭᠤᠷᠬᠠᠢ ᠶᠢ ᠵᠣᠭᠰᠣᠭᠠᠨ᠎ᠠ᠃ ᠰᠢᠨ᠎ᠡ ᠪᠠᠷ ᠪᠠᠶᠢᠭᠤᠯᠤᠭᠰᠠᠨ ᠨᠡᠭᠦᠷᠡᠰᠦ ᠬᠢᠭᠡᠳ ᠭᠠᠰ ᠲᠣᠪᠣᠶᠢᠮ᠎ᠠ᠂ ᠭᠠᠵᠠᠷ ᠤᠨ ᠳᠠᠷᠤᠯᠲᠠ ᠳᠤ ᠳᠠᠭᠠᠷᠢᠯᠲᠠ ᠪᠤᠯᠬᠤ᠂ ᠤᠰᠤ ᠵᠦᠢ ᠶᠢᠨ ᠭᠠᠵᠠᠷ ᠰᠢᠨᠵᠢᠯᠡᠭᠡᠨ ᠤ ᠲᠥᠷᠥᠯ ᠵᠦᠢᠯ ᠨᠢ ᠲᠤᠶᠢᠯ ᠤᠨ ᠪᠤᠳᠤᠯᠢᠶᠠᠨᠲᠠᠢ ᠨᠡᠭᠦᠷᠡᠰᠦᠨ ᠠᠭᠤᠷᠬᠠᠢ ᠶᠢ ᠵᠠᠷᠴᠢᠮ ᠳᠡᠭᠡᠷ᠎ᠡ ᠪᠠᠨ ᠨᠡᠭᠦᠷᠡᠰᠦ ᠮᠠᠯᠲᠠᠬᠤ᠂ ᠮᠠᠯᠲᠠᠯᠲᠠ ᠶᠢᠨ ᠣᠶᠤᠨᠴᠢᠯᠠᠭᠰᠠᠨ ᠵᠢᠷᠤᠭ ᠲᠥᠯᠥᠪᠯᠡᠭᠡ ᠶᠣᠰᠣᠭᠠᠷ ᠬᠢᠪᠡᠯ ᠵᠣᠬᠢᠨ᠎ᠠ᠃    ︵ᠬᠤᠶᠠᠷ︶ ᠨᠡᠭᠦᠷᠡᠰᠦᠨ ᠤ ᠪᠤᠰᠤ ᠠᠭᠤᠷᠬᠠᠢ ᠶᠢᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠯᠡᠯᠲᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠭᠤᠷᠬᠠᠢ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠬᠢᠷᠠᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠠᠭᠠᠨ ᠲᠣᠭᠲᠠᠭᠠᠭᠰᠠᠨ ᠬᠡᠮᠵᠢᠶᠡᠨ ᠳᠤ ᠬᠦᠷᠭᠡᠵᠦ᠂ ᠬᠥᠷᠰᠢ ᠵᠡᠷᠭᠡᠯᠡᠳᠡᠭᠡ ᠠᠭᠤᠷᠬᠠᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠪᠴᠢᠶ᠎ᠡ ᠶᠢᠨ ᠬᠠᠮᠤᠭ ᠤᠨ ᠪᠠᠭ᠎ᠠ ᠵᠠᠢ ᠶᠢ ᠬᠤᠯᠪᠣᠭᠳᠠᠯ ᠪᠦᠬᠦᠢ ᠠᠮᠤᠷ ᠲᠦᠪᠰᠢᠨ ᠤ ᠲᠣᠭᠲᠠᠭᠠᠯ ᠳᠤ ᠨᠡᠶᠢᠴᠡᠭᠦᠯᠵᠦ᠂ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ ᠶᠢᠨ ᠵᠠᠳᠠᠭᠠᠢ ᠠᠭᠤᠷᠬᠠᠢ ᠶᠢ ᠠᠭᠤᠯᠠ ᠶᠢᠨ ᠬᠢᠷ᠎ᠠ ᠪᠠᠷ ᠵᠠᠭᠠᠭᠯᠠᠵᠤ ᠪᠤᠯᠬᠤ ᠦᠭᠡᠢ᠃ ᠲᠣᠭᠲᠠᠭᠠᠯ ᠳᠤ ᠨᠡᠶᠢᠴᠡᠬᠦ ᠪᠠᠶᠢᠳᠠᠯ ᠠᠴᠠ ᠭᠠᠳᠠᠨ᠎ᠠ᠂ ᠰᠢᠨ᠎ᠡ ᠪᠠᠷ ᠪᠠᠶᠢᠭᠤᠯᠤᠭᠰᠠᠨ ᠠᠭᠤᠷᠬᠠᠢ ᠮᠠᠯᠲᠠᠬᠤ ᠡᠷᠬᠡ ᠶᠢᠨ ᠬᠡᠪᠴᠢᠶ᠎ᠡ ᠶᠢ ᠨᠢᠭᠡᠨᠲᠡ ᠪᠠᠶᠢᠭᠤᠯᠤᠭᠰᠠᠨ ᠠᠭᠤᠷᠬᠠᠢ ᠮᠠᠯᠲᠠᠬᠤ ᠡᠷᠬᠡ ᠶᠢᠨ ᠡᠭᠴᠡ ᠲᠤᠰᠬᠠᠯᠲᠠ ᠶᠢᠨ ᠬᠡᠪᠴᠢᠶ᠎ᠡ ᠯᠦᠭᠡ ᠳᠠᠪᠬᠤᠴᠠᠭᠤᠯᠵᠤ ᠪᠤᠯᠬᠤ ᠦᠭᠡᠢ᠂ ᠲᠥᠪᠯᠡᠷᠡᠭᠦᠯᠦᠨ ᠨᠡᠭᠡᠭᠡᠨ ᠠᠰᠢᠭᠯᠠᠵᠤ ᠪᠤᠯᠬᠤ ᠠᠳᠠᠯᠢ ᠨᠢᠭᠡᠨ ᠠᠭᠤᠷᠬᠠᠢ ᠶᠢᠨ ᠴᠣᠭᠴᠠ ᠳᠤ 2 ᠠᠴᠠ ᠳᠡᠭᠡᠭᠰᠢ ᠠᠭᠤᠷᠬᠠᠢ ᠮᠠᠯᠲᠠᠬᠤ ᠡᠷᠬᠡ ᠶᠢ ᠪᠠᠶᠢᠭᠤᠯᠵᠤ ᠪᠤᠯᠬᠤ ᠦᠭᠡᠢ᠃ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠡᠮᠳᠡᠭᠯᠡᠭᠰᠡᠨ ᠬᠡᠪᠴᠢᠶ᠎ᠡ ᠪᠣᠯ ᠪᠠᠶᠢᠭᠤᠯᠬᠤ ᠪᠠᠷ ᠪᠠᠶᠢᠭ᠎ᠠ ᠬᠡᠪᠴᠢᠶ᠎ᠡ ᠪᠠᠶᠢᠵᠤ᠂ ᠠᠭᠤᠷᠬᠠᠢ ᠶᠢᠨ ᠵᠢᠷᠤᠭ ᠲᠥᠯᠥᠪᠯᠡᠭᠡᠨ ᠤ ᠨᠢᠭᠡᠴᠢ ᠨᠢ ᠲᠦᠷᠦᠯ ᠵᠦᠢᠯ ᠤᠨ ᠪᠣᠯᠣᠮᠵᠢ ᠶᠢᠨ ᠲᠤᠬᠠᠢ ᠰᠤᠳᠤᠯᠭᠠᠨ ᠤ ᠰᠠᠭᠤᠷᠢᠨ ᠳᠡᠭᠡᠷ᠎ᠡ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠠᠶᠤᠯᠭᠦᠢ ᠦᠢᠯᠡᠳᠪᠦᠷᠢᠯᠡᠬᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠠᠭᠤᠷᠬᠠᠢ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠠᠮᠤᠷ ᠲᠦᠪᠰᠢᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠳᠡᠭᠡᠨ ᠪᠣᠳᠠᠲᠠᠢ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠶᠢᠨ ᠵᠡᠷᠭᠡ ᠪᠠᠷ ᠲᠣᠭᠲᠠᠭᠠᠵᠤ᠂ ᠠᠭᠤᠷᠬᠠᠢ ᠶᠢᠨ ᠠᠵᠤ ᠠᠬᠤᠶᠢᠯᠠᠯ ᠤᠳ ᠬᠢᠨᠠᠨ ᠪᠠᠶᠢᠴᠠᠭᠠᠵᠤ ᠵᠥᠪᠰᠢᠶᠡᠷᠡᠭᠦᠯᠦᠭᠰᠡᠨ ᠠᠮᠤᠷ ᠲᠦᠪᠰᠢᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠦᠢᠯᠡᠳᠪᠦᠷᠢᠯᠡᠪᠡᠯ ᠵᠣᠬᠢᠨ᠎ᠠ᠃    ︵ᠭᠤᠷᠪᠠ︶ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠵᠢᠷᠤᠮᠵᠢᠭᠤᠯᠤᠨ᠎ᠠ᠃ ᠨᠡᠭᠦᠷᠡᠰᠦᠨ ᠠᠭᠤᠷᠬᠠᠢ᠂ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠠᠭᠤᠷᠬᠠᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠠᠵᠢᠯ ᠢ ᠮᠤᠵᠢ ᠶᠢᠨ ᠱᠠᠲᠤᠨ ᠠᠴᠠ ᠳᠡᠭᠡᠭᠰᠢᠬᠢ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ᠂ ᠳᠣᠷᠣᠭᠰᠢ ᠪᠠᠭᠤᠯᠭᠠᠬᠤ ᠪᠤᠶᠤ ᠨᠠᠶᠢᠳᠠᠵᠤ ᠪᠤᠯᠬᠤ ᠦᠭᠡᠢ᠃ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠵᠢᠷᠤᠮᠵᠢᠯ ᠢ ᠲᠣᠭᠲᠠᠭᠠᠵᠤ᠂ ᠮᠥᠨ ᠴᠢᠨᠠᠷ ᠤᠨ ᠠᠭᠤᠯᠭ᠎ᠠ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠥᠪᠭᠡᠨ ᠲᠡᠰ ᠳᠠᠷᠠᠭᠠᠯᠠᠯ ᠪᠣᠯᠣᠨ ᠭᠡᠯᠪᠡᠷᠢ ᠶᠢᠨ ᠲᠡᠳᠦᠢ ᠬᠢᠨᠠᠨ ᠪᠠᠶᠢᠴᠠᠭᠠᠵᠤ ᠪᠤᠯᠬᠤ ᠦᠭᠡᠢ᠃ ᠠᠭᠤᠷᠬᠠᠢ ᠶᠢᠨ ᠨᠡᠭᠡᠭᠡᠨ ᠠᠰᠢᠭᠯᠠᠯᠲᠠ ᠳᠤ ᠨᠢᠭᠡ ᠯᠡ ᠤᠳᠠᠭ᠎ᠠ ᠶᠢᠨ ᠴᠢᠨᠠᠷᠲᠠᠢ ᠶᠡᠷᠦᠩᠬᠡᠢ ᠵᠢᠷᠤᠭ ᠲᠥᠯᠥᠪᠯᠡᠭᠡ ᠬᠢᠭᠰᠡᠨ ᠦᠭᠡᠢ ᠪᠠᠶᠢᠪᠠᠯ᠂ ᠵᠠᠷᠴᠢᠮ ᠳᠡᠭᠡᠷ᠎ᠡ ᠪᠠᠨ ᠠᠮᠤᠷ ᠲᠦᠪᠰᠢᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠵᠦ ᠪᠤᠯᠬᠤ ᠦᠭᠡᠢ᠃ 1 ᠠᠭᠤᠷᠬᠠᠢ ᠮᠠᠯᠲᠠᠬᠤ ᠡᠷᠬᠡ ᠶᠢᠨ ᠬᠡᠪᠴᠢᠶᠡᠨ ᠳᠣᠲᠣᠷ᠎ᠠ ᠵᠠᠷᠴᠢᠮ ᠳᠡᠭᠡᠷ᠎ᠡ ᠪᠠᠨ ᠵᠥᠪᠭᠡᠨ 1 ᠦᠢᠯᠡᠳᠪᠦᠷᠢᠯᠡᠯ ᠤᠨ ᠰᠢᠰᠲ᠋ᠧᠮ ᠢ ᠪᠠᠶᠢᠭᠤᠯᠵᠤ ᠪᠣᠯᠣᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠬᠤ ᠶᠢ ᠬᠢᠨᠠᠨ ᠵᠥᠪᠰᠢᠶᠡᠷᠡᠭᠰᠡᠨ ᠪᠠᠶᠢᠪᠠᠯ᠂ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠪᠠᠯ ᠵᠣᠬᠢᠨ᠎ᠠ᠃    ᠬᠤᠶᠠᠷ᠂ ᠠᠭᠤᠷᠬᠠᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ    ︵ᠳᠥᠷᠪᠡ︶ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠦᠭᠡᠢ ᠠᠭᠤᠷᠬᠠᠢ ᠶᠢ ᠲᠦᠷᠦᠯ ᠬᠤᠪᠢᠶᠠᠨ ᠰᠢᠢᠳᠪᠦᠷᠢᠯᠡᠨ᠎ᠡ᠃ ᠬᠠᠤᠯᠢ ᠶᠣᠰᠣᠭᠠᠷ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ᠂ ᠵᠠᠭᠠᠭ ᠳᠠᠪᠠᠵᠤ ᠨᠡᠭᠡᠭᠡᠨ ᠮᠠᠯᠲᠠᠬᠤ᠂ ᠨᠡᠭᠡᠭᠡᠨ ᠮᠠᠯᠲᠠᠬᠤ ᠪᠠᠷ ᠪᠦᠲᠦᠭᠡᠨ ᠪᠠᠶᠢᠭᠤᠯᠬᠤ ᠶᠢ ᠣᠷᠣᠯᠠᠭᠤᠯᠬᠤ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠢᠶᠠᠷ ᠢᠶᠠᠨ ᠠᠭᠤᠷᠬᠠᠢ ᠮᠠᠯᠲᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠨᠡᠭᠦᠷᠡᠰᠦᠨ ᠤ ᠬᠠᠮᠲᠤ ︵ᠳᠠᠭᠠᠯᠳᠤᠭᠰᠠᠨ︶ ᠲᠡᠮᠦᠷᠯᠢᠭ ᠪᠤᠶᠤ ᠲᠡᠮᠦᠷᠯᠢᠭ ᠪᠤᠰᠤ ᠠᠭᠤᠷᠬᠠᠢ ᠯᠤᠭ᠎ᠠ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ ᠪᠠᠷ ᠳᠠᠮᠵᠢᠭᠠᠳ ᠮᠥᠨ ᠬᠦ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠭᠦᠷᠥᠭᠰᠡᠨ ᠦᠭᠡᠢ᠂ ᠰᠢᠭᠰᠢᠭᠳᠡᠪᠡᠯ ᠵᠣᠬᠢᠬᠤ ᠦᠢᠯᠡᠳᠪᠦᠷᠢᠯᠡᠯ ᠤᠨ ᠠᠮᠤᠷ ᠲᠦᠪᠰᠢᠨ ᠢ ᠰᠦᠷᠳᠡᠭᠦᠯᠬᠦ ᠤᠷ᠎ᠠ ᠮᠡᠷᠭᠡᠰᠢᠯ᠂ ᠲᠥᠬᠦᠭᠡᠷᠦᠮᠵᠢ ᠶᠢ ᠬᠡᠷᠡᠭᠯᠡᠭᠰᠡᠨ ᠪᠥᠭᠡᠳ ᠴᠡᠭᠴᠡᠯᠡᠨ ᠥᠭᠡᠷᠡᠴᠢᠯᠡᠬᠦ ᠶᠢ ᠲᠡᠪᠴᠢᠭᠡᠳ ᠮᠥᠨ ᠬᠦ ᠦᠢᠯᠡᠳᠪᠦᠷᠢᠯᠡᠵᠦ ᠪᠦᠲᠦᠭᠡᠨ ᠪᠠᠶᠢᠭᠤᠯᠤᠭᠰᠠᠨ᠂ ᠡᠰᠡᠬᠦᠯ᠎ᠡ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ ᠪᠠᠷ ᠳᠠᠮᠵᠢᠭᠠᠳ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠮᠥᠨ ᠬᠦ ᠪᠦᠷᠢᠳᠦᠭᠦᠯᠦᠭᠰᠡᠨ ᠦᠭᠡᠢ ᠠᠭᠤᠷᠬᠠᠢ ᠶᠢ ᠬᠠᠤᠯᠢ ᠶᠣᠰᠣᠭᠠᠷ ᠬᠠᠭᠠᠵᠤ ᠬᠦᠴᠦᠨ ᠦᠭᠡᠢ ᠪᠣᠯᠭᠠᠨ᠎ᠠ᠃ ᠤᠷᠳᠤ ᠬᠤᠭᠤᠴᠠᠭ᠎ᠠ ᠪᠠᠷ ᠠᠵᠢᠯ ᠦᠢᠯᠡᠳᠪᠦᠷᠢᠯᠡᠯ ᠢᠶᠠᠨ ᠵᠣᠭᠰᠣᠭᠠᠭᠰᠠᠨ᠂ ᠡᠬᠢ ᠪᠠᠶᠠᠯᠢᠭ ᠨᠢ ᠰᠢᠪᠬᠠᠷᠤᠭᠰᠠᠨ ᠠᠭᠤᠷᠬᠠᠢ᠂ ᠭᠠᠮᠰᠢᠭ ᠨᠢ ᠬᠦᠨᠳᠦ ᠨᠣᠴᠢᠲᠠᠢ ᠪᠥᠭᠡᠳ ᠪᠦᠲᠦᠮᠵᠢᠲᠡᠶ ᠪᠠᠷ ᠰᠡᠷᠭᠡᠶᠢᠯᠡᠨ ᠵᠠᠰᠠᠬᠤ ᠳᠤ ᠪᠡᠷᠬᠡᠲᠡᠢ ᠨᠡᠭᠦᠷᠡᠰᠦᠨ ᠠᠭᠤᠷᠬᠠᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠬᠤᠷᠢᠭᠤᠯᠤᠨ ᠭᠠᠷᠭᠠᠨ᠎ᠠ᠃    ︵ᠲᠠᠪᠤ︶ ᠦᠯᠡᠳᠡᠭᠳᠡᠯ ᠬᠦᠳᠡᠷ ᠤᠨ ᠬᠥᠮᠥᠷᠭᠡ ᠶᠢᠨ ᠡᠭᠦᠳᠡ ᠶᠢ ᠬᠠᠭᠠᠵᠤ ᠳ᠋ᠤᠭᠠᠷ ᠬᠠᠰᠤᠬᠤ ᠶᠢ ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠬᠠᠮᠤᠭ ᠡᠴᠦᠰ ᠤᠨ ᠪᠠᠷᠢᠮᠵᠢᠶ᠎ᠠ ᠶᠢᠨ ᠥᠨᠳᠥᠷ ᠲᠤ ᠭᠦᠷᠲᠡᠯ᠎ᠡ ᠠᠵᠢᠯᠯᠠᠭᠤᠯᠵᠤ᠂ ᠳᠠᠭᠢᠵᠤ ᠠᠵᠢᠯᠯᠠᠬᠤ ᠦᠭᠡᠢ᠂ ᠬᠡᠷᠡᠭᠯᠡᠬᠦ ᠪᠠᠨ ᠵᠣᠭᠰᠣᠭᠠᠳ 3 ᠵᠢᠯ ᠠᠴᠠ ᠬᠡᠲᠦᠷᠡᠭᠰᠡᠨ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠦᠭᠡᠢ ᠦᠯᠡᠳᠡᠭᠳᠡᠯ ᠬᠦᠳᠡᠷ ᠤᠨ ᠬᠥᠮᠥᠷᠭᠡ ᠶᠢ ᠴᠠᠭ ᠲᠤᠬᠠᠢ ᠳᠤᠨᠢ ᠬᠥᠮᠥᠷᠭᠡ ᠪᠠᠨ ᠬᠠᠭᠠᠵᠤ ᠵᠠᠰᠠᠬᠤ ᠶᠢᠨ ᠵᠡᠷᠭᠡ ᠪᠠᠷ ᠳ᠋ᠤᠭᠠᠷ ᠢ ᠨᠢ ᠬᠠᠰᠤᠪᠠᠯ ᠵᠣᠬᠢᠨ᠎ᠠ᠃ ᠬᠥᠮᠥᠷᠭᠡ ᠪᠠᠨ ᠬᠠᠭᠠᠵᠤ ᠵᠠᠰᠠᠵᠤ ᠳᠠᠭᠤᠰᠬᠠᠭᠰᠠᠨ ᠦᠯᠡᠳᠡᠭᠳᠡᠯ ᠬᠦᠳᠡᠷ ᠤᠨ ᠬᠥᠮᠥᠷᠭᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠵᠠᠷᠯᠠᠨ ᠳ᠋ᠤᠭᠠᠷ ᠢ ᠨᠢ ᠬᠠᠰᠤᠵᠤ᠂ ᠦᠯᠡᠳᠡᠭᠳᠡᠯ ᠬᠦᠳᠡᠷ ᠤᠨ ᠬᠥᠮᠥᠷᠭᠡ ᠪᠣᠯᠭᠠᠨ ᠬᠡᠷᠡᠭᠯᠡᠬᠦ ᠦᠭᠡᠢ᠂ ᠦᠯᠡᠳᠡᠭᠳᠡᠯ ᠬᠦᠳᠡᠷ ᠢ ᠭᠠᠳᠠᠭᠰᠢᠯᠠᠭᠤᠯᠬᠤ ᠳᠤ ᠲᠠᠭᠢᠵᠤ ᠬᠡᠷᠡᠭᠯᠡᠵᠦ ᠪᠤᠯᠬᠤ ᠦᠭᠡᠢ᠃    ︵ᠵᠢᠷᠭᠤᠭ᠎ᠠ︶ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠵᠦ ᠳᠠᠭᠢᠨ ᠪᠠᠶᠢᠭᠤᠯᠬᠤ ᠶᠢ ᠬᠡᠷᠡᠭᠵᠢᠭᠦᠯᠦᠨ᠎ᠡ᠃ ᠲᠣᠮᠣ ᠭᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠭᠡᠯᠪᠡᠷᠢ ᠶᠢᠨ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠢ ᠨᠡᠶᠢᠯᠡᠭᠦᠯᠵᠦ ᠳᠠᠭᠢᠨ ᠪᠠᠶᠢᠭᠤᠯᠬᠤ ᠪᠠ ᠨᠡᠶᠢᠳᠬᠡᠵᠦ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ᠠᠳᠠᠯᠢ ᠨᠢᠭᠡᠨ ᠠᠭᠤᠷᠬᠠᠢ ᠶᠢᠨ ᠴᠣᠭᠴᠠ ᠨᠢ 2 ᠠᠴᠠ ᠳᠡᠭᠡᠭᠰᠢ ᠠᠳᠠᠯᠢ ᠪᠤᠰᠤ ᠨᠡᠭᠡᠭᠡᠨ ᠮᠠᠯᠲᠠᠬᠤ ᠭᠤᠣᠯ ᠴᠣᠭᠴᠠ ᠳᠤ ᠬᠠᠷᠢᠶᠠᠯᠠᠭᠳᠠᠬᠤ ᠨᠡᠭᠦᠷᠡᠰᠦᠨ ᠤ ᠪᠤᠰᠤ ᠠᠭᠤᠷᠬᠠᠢ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠦᠷᠢᠶ᠎ᠡ ᠬᠡᠪᠴᠢᠶ᠎ᠡ ᠶᠢᠨ ᠬᠠᠮᠤᠭ ᠤᠨ ᠪᠠᠭ᠎ᠠ ᠵᠠᠢ  ᠨᠢ ᠬᠤᠯᠪᠣᠭᠳᠠᠯ ᠪᠦᠬᠦᠢ ᠠᠮᠤᠷ ᠲᠦᠪᠰᠢᠨ ᠤ ᠲᠣᠭᠲᠠᠭᠠᠯ ᠳᠤ ᠥᠯᠥ ᠨᠡᠶᠢᠴᠡᠬᠦ ᠨᠡᠭᠦᠷᠡᠰᠦᠨ ᠤ ᠪᠤᠰᠤ ᠠᠭᠤᠷᠬᠠᠢ᠂ ᠠᠭᠤᠯᠠ ᠶᠢᠨ ᠨᠢᠷᠤᠭᠤ ᠪᠠᠷ ᠵᠠᠭᠠᠭᠯᠠᠭᠰᠠᠨ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ ᠶᠢᠨ ᠵᠠᠳᠠᠭᠠᠢ ᠠᠭᠤᠷᠬᠠᠢ ᠵᠡᠷᠭᠡ ᠠᠵᠤ ᠠᠬᠤᠶᠢᠯᠠᠯ ᠢ ᠨᠡᠶᠢᠳᠬᠡᠵᠦ ᠳᠠᠭᠢᠨ ᠪᠠᠶᠢᠭᠤᠯᠬᠤ ᠶᠢ ᠠᠬᠢᠭᠤᠯᠵᠤ᠂ ᠨᠡᠭᠡᠭᠡᠨ ᠮᠠᠯᠲᠠᠬᠤ ᠲᠥᠯᠦᠪᠵᠢᠭᠦᠯᠭᠡ᠂ ᠦᠢᠯᠡᠳᠪᠦᠷᠢᠯᠡᠯ ᠤᠨ ᠰᠢᠰᠲ᠋ᠧᠮ ᠪᠠ ᠠᠮᠤᠷ ᠲᠦᠪᠰᠢᠨ ᠤ ᠬᠠᠮᠢᠶᠠᠷᠤᠯᠲᠠ ᠶᠢ ᠨᠢᠭᠡᠳᠬᠡᠨ᠎ᠡ᠃    ︵ᠳᠣᠯᠤᠭ᠎ᠠ︶ᠠᠭᠤᠷᠬᠠᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠎ᠡ᠃ ᠳᠤᠮᠳᠠ ᠪᠠᠭ᠎ᠠ ᠭᠡᠯᠪᠡᠷᠢ ᠶᠢᠨ ᠠᠭᠤᠷᠬᠠᠢ ᠶᠢᠨ ᠮᠠᠰᠢᠨᠴᠢᠯᠠᠯᠲᠠ ᠶᠢᠨ ᠲᠠᠰ ᠳᠡᠪᠰᠢᠭᠦᠯᠬᠦ ᠥᠭᠡᠷᠡᠴᠢᠯᠡᠯᠲᠡ ᠪᠠ ᠲᠣᠮᠣ ᠭᠡᠯᠪᠡᠷᠢ ᠶᠢᠨ ᠠᠭᠤᠷᠬᠠᠢ ᠶᠢᠨ ᠠᠦ᠋ᠲ᠋ᠣᠴᠢᠯᠠᠯᠲᠠ᠂ ᠣᠶᠤᠨᠴᠢᠯᠠᠯᠲᠠ ᠶᠢᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠭᠠᠢ ᠭᠠᠮᠰᠢᠭ ᠬᠦᠨᠳᠦ ᠨᠣᠴᠢᠲᠠᠢ᠂ ᠲᠡᠯᠡᠶ ᠶᠢᠨ ᠲᠦᠪᠰᠢᠨ ᠠᠴᠠ ᠥᠨᠳᠥᠷ ᠡᠷᠭᠦᠭᠳᠡᠭᠰᠡᠨ ᠵᠡᠷᠭᠡ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠢᠭᠡ ᠪᠦᠯᠦᠭ ᠠᠦ᠋ᠲ᠋ᠣᠴᠢᠯᠠᠭᠰᠠᠨ᠂ ᠣᠶᠤᠨᠴᠢᠯᠠᠭᠰᠠᠨ ᠬᠡᠪ ᠳᠠᠭᠤᠷᠢᠶᠠᠯ ᠪᠤᠯᠬᠤ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠭᠠᠵᠠᠷ ᠳᠣᠣᠷᠠᠬᠢ ᠠᠭᠤᠷᠬᠠᠢ ᠳᠤ ᠠᠵᠢᠯᠲᠠᠨ ᠤ ᠣᠷᠣᠨ ᠪᠠᠶᠢᠷᠢ ᠲᠣᠭᠲᠠᠭᠠᠬᠤ᠂ ᠠᠮᠤᠷ ᠲᠦᠪᠰᠢᠨ ᠢ ᠬᠢᠨᠠᠨ ᠬᠡᠮᠵᠢᠵᠦ ᠬᠢᠨᠠᠨ ᠡᠵᠡᠮᠳᠡᠬᠦ᠂ ᠬᠤᠯᠪᠤᠭ᠎ᠠ ᠠᠪᠬᠤ᠂ ᠠᠭᠠᠷ ᠢ ᠳᠠᠷᠤᠰᠢᠭᠤᠯᠵᠤ ᠥᠪᠡᠷ ᠢ ᠪᠠᠨ ᠠᠪᠤᠷᠠᠬᠤ ᠪᠠ ᠤᠰᠤ ᠬᠠᠩᠭᠠᠵᠤ ᠠᠪᠤᠷᠠᠬᠤ ᠵᠡᠷᠭᠡ ᠰᠢᠰᠲ᠋ᠧᠮ ᠢ ᠪᠠᠶᠢᠭᠤᠯᠪᠠᠯ ᠵᠣᠬᠢᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠡᠮᠦᠷᠯᠢᠭ ᠪᠤᠶᠤ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠳᠤ ᠵᠠᠷᠴᠢᠮ ᠳᠡᠭᠡᠷ᠎ᠡ ᠪᠠᠨ ᠪᠥᠭᠯᠡᠵᠦ ᠠᠭᠤᠷᠬᠠᠢ ᠮᠠᠯᠲᠠᠬᠤ ᠠᠷᠭ᠎ᠠ ᠶᠢ ᠬᠡᠷᠡᠭᠯᠡᠵᠦ᠂ ᠬᠡᠷᠡᠭᠯᠡᠵᠦ ᠪᠤᠯᠬᠤ ᠦᠭᠡᠢ ᠶᠢ ᠨᠢ ᠴᠢᠩᠭ᠎ᠠ ᠨᠤᠲᠠᠯᠠᠪᠠᠯ ᠵᠣᠬᠢᠨ᠎ᠠ᠃ ᠳᠤᠮᠳᠠ ᠪᠠᠭ᠎ᠠ ᠭᠡᠯᠪᠡᠷᠢ ᠶᠢᠨ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠶᠢ 4 ᠠᠴᠠ ᠳᠡᠭᠡᠭᠰᠢ ᠦᠢᠯᠡᠳᠪᠦᠷᠢᠯᠡᠯ ᠤᠨ ᠲᠦᠪᠰᠢᠨ ᠲᠠᠢ ᠪᠠᠶᠢᠯᠭᠠᠵᠤ ᠵᠡᠷᠭᠡ ᠪᠠᠷ ᠠᠭᠤᠷᠬᠠᠢ ᠮᠠᠯᠲᠠᠵᠤ ᠪᠤᠯᠬᠤ ᠦᠭᠡᠢ᠃ ᠦᠯᠡᠳᠡᠭᠳᠡᠯ ᠬᠦᠳᠡᠷ ᠤᠨ ᠬᠥᠮᠥᠷᠭᠡ ᠳᠤ ᠰᠦᠯᠵᠢᠶᠡᠨ ᠳᠠᠬᠢ ᠠᠮᠤᠷ ᠲᠦᠪᠰᠢᠨ ᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠳᠥᠷᠪᠡᠳᠦᠭᠡᠷ ᠳᠡᠰ ᠤᠨ᠂ ᠲᠠᠪᠤᠳᠤᠭᠠᠷ ᠳᠡᠰ ᠤᠨ ᠪᠠᠭ᠎ᠠ ᠭᠡᠯᠪᠡᠷᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢ ᠰᠢᠨ᠎ᠡ ᠪᠠᠷ ᠪᠠᠶᠢᠭᠤᠯᠬᠤ ᠳᠤ ᠨᠢᠭᠡ ᠯᠡ ᠤᠳᠠᠭ᠎ᠠ ᠶᠢᠨ ᠴᠢᠨᠠᠷᠲᠠᠢ ᠬᠠᠰᠢᠯᠭ᠎ᠠ ᠪᠠᠶᠢᠭᠤᠯᠪᠠᠯ ᠵᠣᠬᠢᠨ᠎ᠠ᠃    ︵ᠨᠠᠢᠮᠠ︶ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠰᠤᠳᠤᠯᠭᠠᠨ ᠢ ᠴᠢᠩᠭᠠᠳᠬᠠᠵᠤ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠠᠭᠤᠷᠬᠠᠢ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠲᠤᠨᠤᠭ ᠲᠥᠬᠦᠭᠡᠷᠦᠮᠵᠢ ᠪᠠ ᠮᠠᠰᠢᠨ ᠬᠥᠮᠥᠨ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠠᠬᠢᠭᠤᠯᠤᠨ᠎ᠠ᠃ ᠠᠭᠤᠷᠬᠠᠢ ᠶᠢᠨ ᠠᠮᠤᠷ ᠲᠦᠪᠰᠢᠨ ᠤ ᠲᠥᠷᠥᠯ ᠤᠨ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠦᠯ ᠵᠦᠢᠯ ᠢ ᠬᠡᠷᠡᠭᠵᠢᠭᠦᠯᠦᠨ᠎ᠡ᠃ ᠠᠭᠤᠷᠬᠠᠢ ᠶᠢᠨ ᠠᠮᠤᠷ ᠲᠦᠪᠰᠢᠨ ᠤ ᠬᠦᠷᠢᠶᠡᠨ ᠳᠠᠬᠢ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠬᠤ ᠶᠢ ᠰᠤᠳᠤᠯᠤᠨ ᠠᠬᠢᠭᠤᠯᠤᠨ᠎ᠠ᠃    ᠭᠤᠷᠪᠠ᠂ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ    ︵ᠶᠢᠰᠦ︶ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠭᠤᠷᠬᠠᠢ ᠶᠢᠨ ᠠᠵᠤ ᠠᠬᠤᠶᠢᠯᠠᠯ ᠤᠳ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠪᠠᠷ ᠭᠤᠣᠯ ᠪᠤᠯᠭᠠᠬᠰᠠᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠪᠡᠯ ᠵᠣᠬᠢᠨ᠎ᠠ᠃ ᠲᠦᠭᠰᠢᠭᠦᠷᠢ ᠶᠢ ᠢᠯᠭᠠᠨ ᠲᠠᠨᠢᠵᠤ ᠦᠨᠡᠯᠡᠨ ᠵᠢᠱᠢᠬᠦ ᠶᠢ ᠴᠢᠩᠭ᠎ᠠ ᠥᠷᠨᠢᠭᠦᠯᠬᠦ ᠶᠢᠨ ᠵᠡᠷᠭᠡ   ᠪᠠᠷ ᠲᠡᠰ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠦᠭᠦ ᠠᠵᠢᠯᠲᠠᠨ ᠪᠦᠭᠦᠨ ᠢ ᠬᠠᠮᠤᠷᠤᠭᠰᠠᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠦᠭᠰᠢᠭᠦᠷᠢ ᠶᠢᠨ ᠭᠡᠮ ᠰᠣᠭᠤᠭ ᠤᠨ ᠡᠬᠡ ᠲᠠᠩᠰᠠ ᠶᠢᠨ ᠨᠠᠷᠢᠨ ᠲᠠᠩᠰᠠ ᠶᠢ ᠪᠠᠶᠢᠭᠤᠯᠤᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠭᠦ ᠶᠢ ᠠᠬᠢᠭᠤᠯᠵᠤ᠂ ᠬᠦᠨᠳᠦ ᠶᠡᠭᠡ ᠭᠡᠮ ᠰᠣᠭᠤᠭ ᠢ ᠵᠠᠰᠠᠬᠤ ᠶᠢᠨ ᠱᠠᠯᠠᠪᠳᠠᠭᠤᠯᠤᠨ ᠭᠦᠢᠴᠡᠳᠬᠡᠬᠦ ᠳᠦᠷᠢᠮ ᠢ ᠪᠠᠶᠢᠭᠤᠯᠤᠨ᠂ ᠬᠦᠨᠳᠦ ᠶᠡᠭᠡ ᠭᠡᠮ ᠰᠣᠭᠤᠭ ᠢ ᠠᠷᠢᠯᠭᠠᠬᠤ ᠠᠴᠠ ᠡᠮᠦᠨ᠎ᠡ ᠮᠥᠷᠳᠡᠨ ᠬᠢᠨᠠᠨ ᠬᠠᠮᠢᠶᠠᠷᠬᠤ ᠶᠢᠨ ᠵᠡᠷᠭᠡ ᠪᠠᠷ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠳᠤ ᠬᠢᠨᠠᠯᠲᠠ ᠲᠠᠯᠪᠢᠪᠠᠯ ᠵᠣᠬᠢᠨ᠎ᠠ᠃ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠬᠦᠨᠳᠦ ᠶᠡᠭᠡ ᠭᠡᠮ ᠰᠣᠭᠤᠭ ᠮᠥᠨ ᠬᠦ ᠣᠷᠣᠰᠢᠵᠤ ᠪᠠᠶᠢᠬᠤ ᠪᠤᠶᠤ ᠠᠳᠡᠯ ᠭᠠᠷᠤᠭᠰᠠᠨ ᠪᠠᠶᠢᠪᠠᠯ᠂ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃    ︵ᠠᠷᠪᠠ︶ ᠬᠦᠨᠳᠦ ᠶᠡᠭᠡ ᠭᠠᠢ ᠭᠠᠮᠰᠢᠭ ᠤᠨ ᠵᠠᠰᠠᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠵᠤ ᠠᠬᠤᠶᠢᠯᠠᠯ ᠤᠳ ᠨᠢᠭᠤᠭᠳᠠᠮᠠᠯ ᠭᠠᠮᠰᠢᠭ ᠠᠴᠠ ᠪᠣᠯᠤᠭᠰᠠᠨ ᠬᠦᠴᠦᠨ ᠵᠦᠢᠯ ᠢ ᠪᠠᠶᠢᠴᠠᠭᠠᠨ ᠲᠣᠳᠣᠷᠬᠠᠶᠢᠯᠠᠵᠤ᠂ ᠨᠡᠭᠦᠷᠡᠰᠦ ᠪᠣᠯᠣᠨ ᠭᠠᠰ ᠲᠣᠪᠣᠶᠢᠮ᠎ᠠ᠂ ᠭᠠᠵᠠᠷ ᠤᠨ ᠳᠠᠷᠤᠯᠲᠠ ᠳᠤ ᠳᠠᠭᠠᠷᠢᠯᠲᠠ ᠪᠤᠯᠬᠤ᠂ ᠤᠰᠤᠨ ᠤ ᠬᠥᠨᠥᠭᠡᠯ ᠵᠡᠷᠭᠡ ᠬᠦᠨᠳᠦ ᠶᠡᠭᠡ ᠭᠠᠮᠰᠢᠭ ᠢ ᠣᠷᠣᠨ ᠬᠤᠪᠢᠶᠠᠨ ᠬᠠᠮᠢᠶᠠᠷᠬᠤ᠂ ᠤᠷᠢᠳᠴᠢᠯᠠᠨ ᠵᠠᠰᠠᠬᠤ ᠶᠢ ᠬᠡᠷᠡᠭᠵᠢᠭᠦᠯᠪᠡᠯ ᠵᠣᠬᠢᠨ᠎ᠠ᠃ ᠨᠡᠭᠦᠷᠡᠰᠦᠨ ᠠᠭᠤᠷᠬᠠᠢ ᠶᠢᠨ ᠭᠠᠮᠰᠢᠭ ᠤᠨ ᠲᠡᠰ ᠤᠨ ᠬᠢᠨᠠᠨ ᠲᠣᠭᠲᠠᠭᠠᠯᠲᠠ ᠶᠢ ᠠᠮᠤᠷ ᠲᠦᠪᠰᠢᠨ ᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠳᠡ ᠳᠤ ᠵᠠᠷᠯᠠᠨ᠎ᠠ᠃ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠪᠠ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠤᠨ᠎ᠠ᠃ ᠲᠡᠮᠦᠷᠯᠢᠭ ᠪᠠ ᠲᠡᠮᠦᠷᠯᠢᠭ ᠪᠤᠰᠤ ᠵᠠᠳᠠᠭᠠᠢ ᠠᠭᠤᠷᠬᠠᠢ ᠶᠢᠨ ᠠᠭᠤᠷᠬᠠᠢ ᠮᠠᠯᠲᠠᠬᠤ ᠲᠠᠯᠠᠪᠠᠶ ᠵᠢᠴᠢ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠬᠠᠵᠠᠭᠤ ᠶᠢᠨ ᠥᠨᠳᠥᠷ ᠤᠨ ᠬᠡᠮᠵᠢᠶ᠎ᠡ ᠨᠢ 100 ᠮᠧᠲᠷ ᠠᠴᠠ ᠶᠡᠭᠡ ᠪᠠᠶᠢᠪᠠᠯ᠂ ᠬᠠᠵᠠᠭᠤ ᠶᠢᠨ ᠲᠣᠭᠲᠠᠪᠤᠷᠢᠲᠤ ᠴᠢᠨᠠᠷ ᠤᠨ ᠵᠠᠳᠠᠯᠤᠯᠲᠠ ᠶᠢ ᠵᠢᠯ ᠳᠠᠷᠠᠭᠠᠯᠠᠨ ᠬᠢᠪᠡᠯ ᠵᠣᠬᠢᠨ᠎ᠠ᠃ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠡᠵᠡᠯᠡᠬᠦᠨ ᠨᠢ ᠲᠣᠭᠲᠠᠭᠠᠯ ᠠᠴᠠ ᠬᠡᠲᠦᠷᠡᠭᠰᠡᠨ ᠪᠠᠶᠢᠪᠠᠯ᠂ ᠲᠣᠭᠲᠠᠪᠤᠷᠢᠲᠤ ᠴᠢᠨᠠᠷ ᠤᠨ ᠲᠤᠬᠠᠢ ᠲᠤᠰᠬᠠᠢ ᠵᠦᠢᠯ ᠤᠨ ᠦᠨᠡᠯᠡᠨ ᠵᠢᠱᠢᠯᠲᠡ ᠶᠢ ᠴᠠᠭ ᠲᠤᠬᠠᠢ ᠳᠤᠨᠢ ᠬᠢᠪᠡᠯ ᠵᠣᠬᠢᠨ᠎ᠠ᠃ ᠦᠯᠡᠳᠡᠭᠳᠡᠯ ᠬᠦᠳᠡᠷ ᠤᠨ ᠬᠥᠮᠥᠷᠭᠡ ᠶᠢᠨ ᠦᠶᠡᠷ ᠵᠠᠯᠠᠬᠤ ᠪᠠᠷᠢᠯᠭ᠎ᠠ ᠶᠢᠨ ᠵᠦᠢᠯ ᠳᠤ 3 ᠵᠢᠯ ᠪᠦᠷᠢ ᠨᠢᠭᠡ ᠤᠳᠠᠭ᠎ᠠ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠬᠢᠪᠡᠯ ᠵᠣᠬᠢᠨ᠎ᠠ᠃    ︵ᠠᠷᠪᠠᠨ ᠨᠢᠭᠡ︶ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠬᠤᠳᠳᠤᠭ ᠳᠣᠣᠷᠠᠬᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠢᠯᠡᠳᠬᠡᠮᠵᠢ ᠲᠡᠮᠳᠡᠭ ᠢ ᠬᠢᠨᠠᠨ ᠬᠠᠷᠭᠤᠭᠤᠯᠵᠤ ᠣᠯᠭᠤᠬᠤ ᠪᠠ ᠲᠡᠭᠦᠨ ᠳᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠭᠤᠷᠬᠠᠢ ᠶᠢᠨ ᠬᠤᠳᠳᠤᠭ ᠳᠣᠣᠷᠠᠬᠢ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠡᠮᠳᠡᠭ ᠢ ᠣᠯᠣᠭᠰᠠᠨ ᠬᠡᠷᠡᠭᠯᠡᠵᠦ ᠪᠠᠶᠢᠭ᠎ᠠ ᠲᠥᠬᠦᠭᠡᠷᠦᠮᠵᠢ ᠳᠤ ᠠᠮᠤᠷ ᠲᠦᠪᠰᠢᠨ ᠨᠠᠶᠢᠳᠠᠪᠤᠷᠢᠲᠤ ᠴᠢᠨᠠᠷ ᠤᠨ ᠰᠢᠯᠭᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠠᠭᠤᠷᠬᠠᠢ ᠳᠤ ᠬᠡᠷᠡᠭᠯᠡᠬᠦ ᠠᠮᠤᠷ ᠲᠦᠪᠰᠢᠨ ᠤ ᠲᠥᠬᠦᠭᠡᠷᠦᠮᠵᠢ ᠶᠢᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠭᠤᠷᠬᠠᠢ ᠳᠤ ᠬᠡᠷᠡᠭᠯᠡᠬᠦ ᠲᠥᠬᠦᠭᠡᠷᠦᠮᠵᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃    ︵ᠠᠷᠪᠠᠨ ᠬᠤᠶᠠᠷ︶ ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ ᠶᠢ ᠭᠠᠳᠠᠭᠰᠢ ᠳᠠᠭᠠᠭᠠᠴᠢᠯᠠᠭᠤᠯᠬᠤ ᠪᠠᠷᠢᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠨᠢ ᠭᠠᠳᠠᠭᠰᠢ ᠳᠠᠭᠠᠭᠠᠴᠢᠯᠠᠭᠤᠯᠤᠭᠰᠠᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠨ᠎ᠠ᠃ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠳᠤ ᠳᠡᠯᠪᠡᠴᠢᠬᠦ ᠠᠵᠢᠯᠯᠠᠭ᠎ᠠ ᠶᠢᠨ ᠲᠤᠰᠬᠠᠢ ᠵᠦᠢᠯ ᠢ ᠭᠠᠳᠠᠭᠰᠢ ᠳᠠᠭᠠᠭᠠᠴᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠭᠤᠷᠬᠠᠢ ᠶᠢᠨ ᠮᠠᠯᠲᠠᠬᠤ ᠪᠠᠷᠢᠯᠭ᠎ᠠ ᠶᠢ ᠳᠠᠭᠠᠭᠠᠴᠢᠯᠠᠭᠰᠠᠨ ᠨᠢᠭᠡᠴᠢ ᠶᠢᠨ ᠲᠤᠭ᠎ᠠ ᠶᠢ 3 ᠠᠴᠠ ᠬᠡᠲᠦᠷᠡᠭᠦᠯᠵᠦ ᠪᠤᠯᠬᠤ ᠦᠭᠡᠢ᠃ ᠲᠣᠮᠣ ᠳᠤᠮᠳᠠ ᠭᠡᠯᠪᠡᠷᠢ ᠶᠢᠨ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠦᠢᠯᠡᠳᠪᠦᠷᠢᠯᠡᠬᠦ ᠠᠭᠤᠷᠬᠠᠢ ᠮᠠᠯᠲᠠᠬᠤ ᠪᠠᠷᠢᠯᠭ᠎ᠠ ᠶᠢ ᠳᠠᠭᠠᠭᠠᠴᠢᠯᠠᠭᠰᠠᠨ ᠨᠢᠭᠡᠴᠢ ᠶᠢᠨ ᠲᠤᠭ᠎ᠠ ᠶᠢ 2 ᠠᠴᠠ ᠬᠡᠲᠦᠷᠡᠭᠦᠯᠵᠦ ᠪᠤᠯᠬᠤ ᠦᠭᠡᠢ᠂ ᠪᠠᠭ᠎ᠠ ᠭᠡᠯᠪᠡᠷᠢ ᠶᠢᠨ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠦᠢᠯᠡᠳᠪᠦᠷᠢᠯᠡᠬᠦ ᠠᠭᠤᠷᠬᠠᠢ ᠮᠠᠯᠲᠠᠬᠤ ᠪᠠᠷᠢᠯᠭ᠎ᠠ  ᠶᠢ ᠳᠠᠭᠠᠭᠠᠴᠢᠯᠠᠭᠰᠠᠨ ᠨᠢᠭᠡᠴᠢ ᠶᠢᠨ ᠲᠤᠭ᠎ᠠ ᠶᠢ 1 ᠠᠴᠠ ᠬᠡᠲᠦᠷᠡᠭᠦᠯᠵᠦ ᠪᠤᠯᠬᠤ ᠦᠭᠡᠢ᠂ ᠳᠠᠭᠠᠭᠠᠴᠢᠯᠠᠭᠰᠠᠨ ᠨᠢᠭᠡᠴᠢ  ᠨᠢ ᠠᠭᠤᠷᠬᠠᠢ ᠮᠠᠯᠲᠠᠬᠤ ᠪᠠᠷᠢᠯᠭ᠎ᠠ ᠵᠢᠴᠢ ᠳᠡᠯᠪᠡᠴᠢᠬᠦ ᠠᠵᠢᠯᠯᠠᠭᠠᠨ ᠤ ᠲᠥᠷᠥᠯ ᠵᠦᠢᠯ ᠢ ᠰᠢᠯᠵᠢᠭᠦᠯᠦᠨ ᠳᠠᠭᠠᠭᠠᠴᠢᠯᠠᠭᠤᠯᠬᠤ ᠪᠠ ᠬᠤᠪᠢᠶᠠᠨ ᠳᠠᠭᠠᠭᠠᠴᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠳᠠᠭᠠᠭᠠᠴᠢᠯᠠᠭᠰᠠᠨ ᠨᠢᠭᠡᠴᠢ ᠨᠢ ᠲᠦᠷᠦᠯ ᠵᠦᠢᠯ ᠤᠨ ᠭᠠᠵᠠᠷ ᠲᠤ ᠲᠦᠷᠦᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠨ ᠪᠠ ᠣᠨᠴᠠ ᠲᠦᠷᠦᠯ ᠤᠨ ᠠᠵᠢᠯ ᠬᠢᠭᠰᠡᠳ ᠢ ᠲᠣᠮᠢᠯᠠᠪᠠᠯ ᠵᠤᠭᠢᠨ᠎ᠠ᠃ ᠲᠦᠷᠦᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠨ ᠨᠢ ᠠᠭᠤᠷᠬᠠᠢ ᠲᠠᠢ ᠬᠤᠯᠪᠣᠭᠳᠠᠬᠤ ᠲᠤᠰᠬᠠᠢ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠳᠤᠮᠳᠠᠳᠤ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠢ ᠪᠥᠭᠡᠳ ᠪᠤᠰᠤᠳ ᠠᠭᠤᠷᠬᠠᠢ ᠳᠤ ᠲᠤᠰᠢᠶᠠᠯ ᠬᠠᠪᠰᠤᠷᠭᠠᠨ ᠬᠠᠷᠢᠭᠤᠴᠠᠵᠤ ᠪᠤᠯᠬᠤ ᠦᠭᠡᠢ᠃ 2025 ᠣᠨ ᠤ ᠵᠢᠯ ᠤᠨ ᠡᠴᠦᠰ ᠪᠤᠯᠬᠤ ᠳᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠳᠤ ᠲᠣᠰ ᠨᠢᠭᠡᠴᠢ ᠶᠢᠨ ᠢᠶᠠᠨ ᠮᠠᠯᠲᠠᠬᠤ ᠪᠠᠷᠢᠯᠭ᠎ᠠ ᠶᠢᠨ ᠡᠩᠨᠡᠭᠡ ᠶᠢ ᠪᠠᠶᠢᠭᠤᠯᠬᠤ ᠪᠤᠶᠤ ᠵᠣᠬᠢᠬᠤ ᠨᠥᠬᠦᠴᠡᠯ ᠢ ᠪᠦᠷᠢᠯᠳᠦᠭᠦᠯᠦᠭᠰᠡᠨ ᠠᠵᠤ ᠠᠬᠤᠶᠢᠯᠠᠯ ᠳᠤ ᠨᠠᠶᠢᠳᠠᠵᠤ ᠪᠦᠬᠦᠯᠢ ᠴᠣᠭᠴᠠ ᠪᠠᠷ ᠨᠢ ᠬᠠᠮᠢᠶᠠᠷᠤᠭᠤᠯᠬᠤ ᠪᠠᠷ ᠴᠢᠷᠮᠠᠶᠢᠨ᠎ᠠ᠃    ︵ᠠᠷᠪᠠᠨ ᠭᠤᠷᠪᠠ︶  ᠠᠵᠢᠯ ᠦᠢᠯᠡᠳᠪᠦᠷᠢᠯᠡᠯ ᠢᠶᠠᠨ ᠵᠣᠭᠰᠣᠭᠠᠭᠰᠠᠨ ᠠᠭᠤᠷᠬᠠᠢ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠵᠢᠯ ᠦᠢᠯᠡᠳᠪᠦᠷᠢᠯᠡᠯ ᠢᠶᠠᠨ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠠᠭᠤᠷᠬᠠᠢ ᠨᠤᠭᠤᠳ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠳᠠᠩ ᠡᠭᠡᠯᠵᠢ ᠪᠠᠷ ᠬᠤᠳᠳᠤᠭ ᠲᠤ ᠪᠠᠭᠤᠬᠤ ᠬᠥᠮᠥᠨ ᠤ ᠲᠤᠭ᠎ᠠ ᠶᠢ ᠬᠢᠵᠠᠭᠠᠷᠯᠠᠨ ᠲᠣᠭᠲᠠᠭᠠᠵᠤ᠂ ᠠᠳᠠᠯᠢ ᠨᠢᠭᠡᠨ ᠠᠵᠢᠯᠯᠠᠬᠤ ᠭᠠᠵᠠᠷ ᠤᠨ ᠬᠥᠮᠥᠨ ᠤ ᠲᠤᠭ᠎ᠠ ᠶᠢ 10 ᠳᠣᠲᠣᠷ᠎ᠠ ᠬᠢᠵᠠᠭᠠᠷᠯᠠᠬᠤ ᠶᠢᠨ ᠬᠠᠮᠲᠤ᠂ ᠠᠭᠤᠷᠬᠠᠢ ᠶᠢᠨ ᠠᠮᠤᠷ ᠲᠦᠪᠰᠢᠨ  ᠤ  ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠭᠰᠡᠨ ᠤ ᠳᠠᠷᠠᠭ᠎ᠠ ᠰᠠᠶ᠋ᠢ ᠴᠡᠭᠴᠡᠯᠡᠨ ᠰᠠᠶᠢᠵᠢᠷᠠᠭᠤᠯᠬᠤ ᠠᠵᠢᠯ ᠬᠢᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ  ᠴᠡᠭᠴᠡᠯᠡᠨ ᠰᠠᠶᠢᠵᠢᠷᠠᠭᠤᠯᠬᠤ ᠨᠡᠭᠦᠷᠡᠰᠦᠨ ᠠᠭᠤᠷᠬᠠᠢ ᠶᠢ ᠠᠭᠤᠷᠬᠠᠢ ᠳᠤᠨᠢ ᠰᠠᠭᠤᠵᠤ ᠬᠠᠷᠠᠵᠤ ᠰᠠᠬᠢᠬᠤ ᠶᠢ ᠬᠡᠷᠡᠭᠵᠢᠭᠦᠯᠵᠦ᠂ ᠪᠤᠰᠤᠳ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠠᠭᠤᠷᠬᠠᠢ ᠶᠢ ᠠᠭᠤᠷᠬᠠᠢ ᠳᠤᠨᠢ ᠰᠠᠭᠤᠵᠤ ᠬᠠᠷᠠᠵᠤ ᠰᠠᠬᠢᠬᠤ ᠪᠤᠶᠤ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠰᠢᠯᠭᠠᠨ ᠠᠪᠴᠤ᠂ ᠬᠢᠨᠠᠯᠲᠠ ᠪᠠᠶᠢᠴᠠᠭᠠᠯᠲᠠ ᠨᠢ ᠬᠦᠴᠦᠨ ᠦᠭᠡᠢ ᠠᠴᠠ ᠪᠣᠯᠵᠤ᠂ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠤ ᠦᠷᠭᠦᠯᠵᠢᠯᠡᠨ ᠪᠦᠲᠦᠭᠡᠨ ᠪᠠᠶᠢᠭᠤᠯᠵᠤ ᠦᠢᠯᠡᠳᠪᠦᠷᠢᠯᠡᠬᠦ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ  ᠨᠡᠬᠡᠮᠵᠢᠯᠡᠨ᠎ᠡ᠃    ︵ᠠᠷᠪᠠᠨ ᠳᠥᠷᠪᠡ︶ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠣᠯᠠᠨ ᠵᠦᠢᠯ ᠤᠨ ᠭᠠᠮᠰᠢᠭ ᠪᠣᠯᠣᠨ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ ᠬᠢᠨᠠᠨ ᠬᠡᠮᠵᠢᠬᠦ᠂ ᠲᠦᠭᠰᠢᠭᠦᠷᠢ ᠶᠢ ᠡᠷᠲᠡ ᠢᠯᠭᠠᠨ ᠲᠠᠨᠢᠬᠤ ᠪᠠ ᠤᠷᠢᠳᠴᠢᠯᠠᠨ ᠰᠡᠷᠡᠮᠵᠢᠯᠡᠭᠦᠯᠵᠤ ᠤᠷᠢᠳᠴᠢᠯᠠᠨ ᠮᠡᠳᠡᠭᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠷᠬᠠᠢ ᠲᠥᠪᠯᠡᠷᠡᠭᠰᠡᠨ ᠭᠠᠵᠠᠷ ᠣᠷᠣᠨ ᠳᠤ ᠣᠷᠣᠨ ᠪᠦᠰᠡ ᠶᠢᠨ ᠴᠢᠨᠠᠷᠲᠠᠢ ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠪᠠᠯ ᠵᠣᠬᠢᠨ᠎ᠠ᠃ ᠭᠠᠵᠠᠷ ᠳᠣᠣᠷᠠᠬᠢ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠶᠢᠨ︽ᠣᠷᠣᠢ ᠶᠢᠨ ᠬᠥᠮᠥᠷᠭᠡ︾ ᠳᠤ  ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠵᠡᠷᠭᠡ ᠴᠢᠮᠡᠭᠡ ᠬᠤᠯᠪᠣᠭᠠᠨ ᠤ ᠰᠢᠰᠲ᠋ᠧᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠠᠷᠯᠢᠭ ᠢ ᠨᠥᠯᠥᠭᠡᠯᠡᠬᠦ ᠬᠡᠪᠴᠢᠶᠡᠨ ᠳᠠᠬᠢ ᠪᠤᠢ ᠪᠦᠬᠦᠢ ᠬᠥᠮᠥᠰ ᠲᠤ ᠲᠡᠷᠡ ᠳᠠᠷᠤᠢ ᠳᠤᠨᠢ ᠳᠠᠮᠵᠢᠭᠤᠯᠬᠤ ᠶᠢ ᠦᠨᠡᠨ ᠬᠦ ᠪᠠᠲᠤᠯᠠᠪᠠᠯ ᠵᠣᠬᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠬᠡᠯ ᠲᠥᠰᠥᠯ ᠤᠨ ᠰᠣᠷᠢᠯᠲᠠ ᠬᠢᠬᠦ᠂ ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ ᠶᠢ ᠴᠢᠩᠭᠠᠳᠬᠠᠨ᠎ᠠ᠃ ᠵᠢᠯ ᠪᠦᠷᠢ ᠶᠢᠨ ᠦᠶᠡᠷ ᠤᠨ ᠬᠤᠭᠤᠴᠠᠭ᠎ᠠ ᠠᠴᠠ ᠡᠮᠦᠨ᠎ᠡ ᠣᠷᠣᠨ ᠨᠤᠲᠤᠭ ᠤᠨ ᠵᠠᠰᠠᠭ ᠤᠨ ᠣᠷᠳᠣᠨ   ᠤ ᠬᠢᠨ ᠦᠯᠡᠳᠡᠭᠳᠡᠯ ᠬᠦᠳᠡᠷ ᠤᠨ ᠬᠥᠮᠥᠷᠭᠡ ᠶᠢᠨ︽ᠣᠷᠣᠢ ᠶᠢᠨ ᠬᠥᠮᠥᠷᠭᠡ︾ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠳᠣᠣᠷᠠᠳᠤ ᠤᠷᠤᠰᠬᠠᠯ ᠤᠨ ᠰᠠᠭᠤᠭᠠᠯᠢ ᠠᠷᠠᠳ ᠲᠠᠢ ᠬᠠᠮᠲᠤᠷᠠᠭᠰᠠᠨ ᠰᠣᠷᠢᠯᠲᠠ ᠬᠢᠪᠡᠯ ᠵᠣᠬᠢᠨ᠎ᠠ᠃ ᠭᠠᠮᠰᠢᠭᠲᠤ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠷᠠᠭᠤᠯᠵᠤ᠂ ᠬᠠᠴᠢᠨ ᠴᠠᠭ ᠠᠭᠤᠷ ᠲᠣᠬᠢᠶᠠᠯᠳᠤᠪᠠᠯ ᠬᠥᠮᠥᠰ ᠬᠤᠳᠳᠤᠭ ᠲᠤ ᠣᠷᠣᠬᠤ ᠶᠢ ᠴᠢᠩᠭ᠎ᠠ ᠴᠠᠭᠠᠵᠠᠯᠠᠨ᠎ᠠ᠃    ᠳᠥᠷᠪᠡ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ    ︵ᠠᠷᠪᠠᠨ ᠲᠠᠪᠤ︶ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠭᠤᠷᠬᠠᠢ ᠵᠢᠴᠢ ᠲᠡᠭᠦᠨ ᠤ ᠳᠡᠭᠡᠳᠦ ᠱᠠᠲᠤᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ︵ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭᠠᠲᠠᠨ ᠪᠠᠭᠲᠠᠨ᠎ᠠ︶ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠮᠤᠷ ᠲᠦᠪᠰᠢᠨ ᠤ  ᠣᠷᠣᠭᠤᠯᠤᠯᠲᠠ ᠪᠣᠯᠣᠨ ᠠᠮᠤᠷ ᠲᠦᠪᠰᠢᠨ ᠤ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠭᠤᠷᠬᠠᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠬᠢᠨ ᠬᠠᠷᠢᠶ᠎ᠠ ᠠᠵᠤ ᠠᠬᠤᠶᠢᠯᠠᠯ ᠳᠠᠭᠠᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠨᠢ ᠲᠣᠭᠲᠠᠮᠠᠯ ᠬᠤᠭᠤᠴᠠᠭ᠎ᠠ ᠲᠠᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ  ᠪᠠᠶᠢᠴᠠᠭᠠᠵᠤ᠂ ᠴᠢᠳᠠᠪᠤᠷᠢ ᠠᠴᠠ ᠬᠡᠲᠦᠷᠡᠭᠰᠡᠨ ᠦᠢᠯᠡᠳᠪᠦᠷᠢᠯᠡᠬᠦ ᠲᠥᠯᠥᠪᠯᠡᠭᠡ ᠪᠤᠶᠤ ᠡᠵᠡᠩᠨᠡᠯᠲᠡ ᠶᠢᠨ ᠭᠦᠢᠴᠡᠳᠬᠡᠯ ᠲᠤᠭ᠎ᠠ ᠪᠠᠭᠤᠯᠭᠠᠬᠤ ᠶᠢ ᠴᠢᠩᠭ᠎ᠠ ᠴᠠᠭᠠᠵᠠᠯᠠᠪᠠᠯ ᠵᠣᠬᠢᠨ᠎ᠠ᠃ ᠠᠭᠤᠷᠬᠠᠢ ᠶᠢᠨ ᠳᠠᠷᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠬᠤᠪᠢ ᠲᠡᠮᠳᠡᠭᠯᠡᠬᠦ ᠳᠦᠷᠢᠮ ᠢ ᠳᠡᠯᠭᠡᠷᠡᠭᠦᠯᠦᠨ᠎ᠡ᠃    ︵ᠠᠷᠪᠠᠨ ᠵᠢᠷᠭᠤᠭ᠎ᠠ︶  ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠦᠨ᠎ᠡ᠃ ᠠᠭᠤᠷᠬᠠᠢ ᠳᠤ ᠬᠤᠯᠪᠣᠭᠳᠠᠬᠤ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠣᠯᠣᠨ ᠠᠭᠤᠷᠬᠠᠢ ᠳᠤ ᠬᠤᠯᠪᠣᠭᠳᠠᠬᠤ ᠲᠣᠮᠣ ᠳᠤᠮᠳᠠ ᠭᠡᠯᠪᠡᠷᠢ ᠶᠢᠨ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ  ᠶᠡᠷᠦᠩᠬᠡᠢ ᠬᠢᠨᠠᠭᠴᠢ ᠲᠣᠬᠢᠷᠠᠭᠤᠯᠪᠠᠯ ᠵᠣᠬᠢᠨ᠎ᠠ᠃ ᠭᠠᠵᠠᠷ ᠳᠣᠣᠷᠠᠬᠢ ᠠᠭᠤᠷᠬᠠᠢ ᠳᠤ ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ ᠪᠠ ᠠᠮᠤᠷ ᠲᠦᠪᠰᠢᠨ᠂ ᠦᠢᠯᠡᠳᠪᠦᠷᠢᠯᠡᠯ᠂ ᠮᠠᠰᠢᠨ ᠴᠠᠭᠢᠯᠭᠠᠨ ᠵᠡᠷᠭᠡ ᠠᠵᠢᠯ ᠢ ᠬᠤᠪᠢᠳᠠᠨ ᠬᠠᠮᠢᠶᠠᠷᠬᠤ ᠠᠭᠤᠷᠬᠠᠢ ᠶᠢᠨ ᠳᠡᠳ᠋ ᠳᠠᠷᠤᠭ᠎ᠠ ᠲᠣᠬᠢᠷᠠᠭᠤᠯᠵᠤ᠂ ᠲᠣᠬᠢᠷᠠᠭᠤᠯᠬᠤ ᠠᠵᠢᠯᠲᠠᠨ ᠤ ᠠᠭᠤᠷᠬᠠᠢ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠪᠤᠶᠤ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠪᠠᠶᠢᠬᠤ ᠪᠥᠭᠡᠳ ᠪᠤᠰᠤᠳ ᠠᠭᠤᠷᠬᠠᠢ ᠳᠤ ᠲᠤᠰᠢᠶᠠᠯ ᠬᠠᠪᠰᠤᠷᠭᠠᠵᠤ ᠪᠤᠯᠬᠤ ᠦᠭᠡᠢ᠃ ᠨᠡᠭᠦᠷᠡᠰᠦᠨ ᠠᠭᠤᠷᠬᠠᠢ᠂ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠤᠶᠤ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠲᠤᠰᠬᠠᠢ ᠮᠡᠷᠭᠡᠵᠢᠯ ᠤᠨ ᠠᠵᠢᠯᠲᠠᠨ ᠲᠣᠬᠢᠷᠠᠭᠤᠯᠪᠠᠯ ᠵᠣᠬᠢᠨ᠎ᠠ᠃ ᠭᠠᠮᠰᠢᠭ ᠬᠦᠨᠳᠦ ᠨᠣᠴᠢᠲᠠᠢ ᠠᠭᠤᠷᠬᠠᠢ ᠳᠤ ᠪᠣᠯ ᠱᠠᠭᠠᠷᠳᠠᠯᠭ᠎ᠠ ᠶᠣᠰᠣᠭᠠᠷ ᠭᠠᠮᠰᠢᠭ ᠢ ᠵᠠᠰᠠᠬᠤ ᠲᠤᠰᠬᠠᠢ ᠲᠤᠰᠢᠶᠠᠯᠲᠤ ᠤᠳᠤᠷᠢᠳᠬᠤ ᠬᠥᠮᠥᠨ᠂ ᠲᠤᠰᠬᠠᠢ ᠪᠠᠶᠢᠭᠤᠯᠤᠮᠵᠢ᠂ ᠲᠤᠰᠬᠠᠢ ᠮᠡᠷᠭᠡᠵᠢᠯᠲᠡᠨ ᠲᠣᠬᠢᠷᠠᠭᠤᠯᠪᠠᠯ ᠵᠣᠬᠢᠨ᠎ᠠ᠃    ︵ᠠᠷᠪᠠᠨ ᠳᠣᠯᠤᠭ᠎ᠠ︶ᠠᠮᠤᠷ ᠲᠦᠪᠰᠢᠨ ᠤ ᠰᠠᠭᠤᠷᠢ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠵᠤ ᠠᠬᠤᠶᠢᠯᠠᠯ ᠤᠨ ᠬᠢᠨ ᠪᠦᠭᠦ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠪᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠪᠠᠯ ᠵᠣᠬᠢᠨ᠎ᠠ᠃ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠵᠢᠷᠤᠭ ᠲᠥᠯᠥᠪᠯᠡᠭᠡ ᠶᠢ ᠵᠢᠷᠤᠵᠤ᠂ ᠰᠢᠨᠡᠳᠬᠡᠬᠦ ᠶᠢᠨ ᠬᠠᠮᠲᠤ ᠠᠭᠤᠷᠬᠠᠢ ᠶᠢᠨ ᠠᠮᠤᠷ ᠲᠦᠪᠰᠢᠨ ᠤ  ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃ ᠠᠮᠤᠷ ᠲᠦᠪᠰᠢᠨ ᠤ  ᠪᠣᠯᠪᠠᠰᠤᠷᠠᠯ ᠳᠤ ᠬᠢᠷᠢ ᠲᠡᠩᠴᠡᠭᠰᠡᠨ ᠦᠭᠡᠢ ᠠᠵᠢᠯᠲᠠᠨ ᠠᠵᠢᠯ ᠤᠨ ᠪᠠᠶᠢᠷᠢ ᠳᠤ ᠭᠠᠷᠴᠤ ᠪᠤᠯᠬᠤ ᠦᠭᠡᠢ᠂ ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ ᠪᠠ ᠠᠮᠤᠷ ᠲᠦᠪᠰᠢᠨ᠂ ᠦᠢᠯᠡᠳᠪᠦᠷᠢᠯᠡᠯ᠂ ᠮᠠᠰᠢᠨ ᠴᠠᠭᠢᠯᠭᠠᠨ ᠵᠡᠷᠭᠡ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠭᠤᠷᠬᠠᠢ ᠶᠢᠨ ᠳᠡᠳ᠋ ᠳᠠᠷᠤᠭ᠎ᠠ ᠵᠢᠯ ᠪᠦᠷᠢ ᠠᠮᠤᠷ ᠲᠦᠪᠰᠢᠨ ᠤ ᠲᠤᠰᠬᠠᠢ ᠬᠥᠮᠦᠵᠢᠯ ᠪᠣᠯᠪᠠᠰᠤᠷᠠᠯ ᠢ ᠭᠦᠷᠳᠡᠪᠡᠯ ᠵᠣᠬᠢᠨ᠎ᠠ᠃ ᠠᠩᠬ᠎ᠠ ᠤᠳᠠᠭ᠎ᠠ ᠦᠨᠡᠮᠯᠡᠯ ᠠᠪᠤᠭᠰᠠᠨ ᠭᠠᠵᠠᠷ ᠳᠣᠣᠷᠠᠬᠢ ᠠᠭᠤᠷᠬᠠᠢ ᠶᠢᠨ ᠣᠨᠴᠠ ᠲᠥᠷᠥᠯ ᠤᠨ ᠠᠵᠢᠯ ᠬᠢᠭᠰᠡᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠣᠶᠣᠯ ᠤᠨ ᠬᠡᠮᠵᠢᠶ᠎ᠡ ᠲᠠᠢ ᠪᠠᠶᠢᠪᠠᠯ ᠵᠣᠬᠢᠨ᠎ᠠ᠃ ᠬᠤᠳᠳᠤᠭ ᠳᠣᠣᠷᠠᠬᠢ ᠭᠦᠳᠡᠯᠮᠦᠷᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠣᠷᠣᠨ ᠲᠤᠭ᠎ᠠ ᠠᠴᠠ ᠬᠡᠲᠦᠷᠡᠭᠦᠯᠦᠨ ᠬᠥᠮᠥᠨ ᠲᠣᠬᠢᠷᠠᠭᠤᠯᠵᠤ ᠬᠤᠳᠳᠤᠭ ᠲᠤ ᠣᠷᠣᠭᠤᠯᠤᠨ ᠠᠵᠢᠯᠯᠠᠭᠤᠯᠵᠤ ᠪᠤᠯᠬᠤ ᠦᠭᠡᠢ᠂ ᠬᠤᠳᠳᠤᠭ ᠳᠣᠣᠷᠠᠬᠢ ᠬᠠᠲᠠᠭᠤᠵᠢᠯᠲᠠᠢ ᠠᠵᠢᠯ ᠤᠨ ᠪᠠᠶᠢᠷᠢ ᠶᠢᠨ ᠨᠡᠮᠡᠭᠦᠷᠢ ᠶᠢ ᠳᠡᠭᠡᠭᠰᠢᠯᠡᠭᠦᠯᠤᠨ᠎ᠠ᠃ ᠠᠭᠤᠷᠬᠠᠢ ᠶᠢᠨ ᠬᠤᠳᠳᠤᠭ ᠲᠤ ᠭᠦᠳᠡᠯᠮᠦᠷᠢ ᠦᠢᠯᠡᠴᠢᠯᠡᠭᠡ ᠪᠠᠷ ᠲᠣᠮᠢᠯᠠᠭᠰᠠᠨ ᠠᠵᠢᠯᠴᠢᠨ ᠬᠡᠷᠡᠭᠯᠡᠬᠦ ᠶᠢ ᠬᠦᠴᠦᠨ ᠦᠭᠡᠢ ᠪᠤᠯᠭᠠᠵᠤ᠂ ᠠᠭᠤᠷᠬᠠᠢ ᠶᠢᠨ ᠠᠵᠤ ᠠᠬᠤᠶᠢᠯᠠᠯ ᠪᠤᠶᠤ ᠳᠠᠭᠠᠭᠠᠴᠢᠯᠠᠭᠰᠠᠨ ᠨᠢᠭᠡᠴᠢ ᠶᠢᠨ ᠬᠢᠨ ᠥᠷᠢᠲᠦᠭᠰᠡᠨ ᠴᠠᠯᠢᠩ ᠢ ᠲᠥᠯᠥᠵᠦ ᠳᠠᠭᠤᠰᠬᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠪᠡᠯ ᠵᠣᠬᠢᠨ᠎ᠠ᠃     ᠲᠠᠪᠤ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ     ︵ᠠᠷᠪᠠᠨ ᠨᠠᠢᠮᠠ︶ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠠᠭᠤᠷᠬᠠᠢ ᠶᠢᠨ ᠠᠮᠤᠷ ᠲᠦᠪᠰᠢᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠴᠢᠨᠠᠷᠲᠠᠢ ᠠᠭᠤᠷᠬᠠᠢ ᠶᠢᠨ ᠨᠢᠭᠤᠭᠳᠠᠮᠠᠯ ᠭᠠᠮᠰᠢᠭ ᠠᠴᠠ ᠪᠣᠯᠤᠭᠰᠠᠨ ᠬᠦᠴᠦᠨ ᠵᠦᠢᠯ ᠢ ᠨᠡᠶᠢᠳᠡᠮ ᠪᠠᠶᠢᠴᠠᠭᠠᠵᠤ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠷᠬᠠᠢ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠬᠤ ᠬᠠᠷᠢᠴᠠᠯ ᠢ ᠠᠵᠢᠯᠯᠠᠵᠤ ᠪᠠᠶᠢᠭ᠎ᠠ ᠬᠥᠮᠥᠰ ᠤᠨ 75% ᠠᠴᠠ ᠳᠣᠣᠷ᠎ᠠ  ᠪᠠᠶᠢᠯᠭᠠᠵᠤ ᠪᠤᠯᠬᠤ ᠦᠭᠡᠢ᠃ ᠠᠭᠤᠷᠬᠠᠢ ᠶᠢᠨ ᠠᠮᠤᠷ ᠲᠦᠪᠰᠢᠨ ᠤ  ᠭᠤᠣᠯᠳᠠᠯᠭ᠎ᠠ ᠲᠠᠢ ᠬᠤᠲᠠ᠂ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠠᠭᠤᠷᠬᠠᠢ ᠶᠢᠨ ᠬᠤᠳᠳᠤᠭ ᠲᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠨ᠎ᠠ᠃ ᠬᠤᠲᠠ ᠶᠢᠨ ᠱᠠᠲᠤ᠂ ᠰᠢᠶᠠᠨ ᠤ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠨᠡᠭᠦᠷᠡᠰᠦᠨ ᠠᠭᠤᠷᠬᠠᠢ᠂ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠪᠣᠯᠣᠨ ᠦᠯᠡᠳᠡᠭᠳᠡᠯ ᠬᠦᠳᠡᠷ ᠤᠨ ᠬᠥᠮᠥᠷᠭᠡ ᠶᠢᠨ ᠠᠶᠤᠯᠭᠦᠢ ᠦᠢᠯᠡᠳᠪᠦᠷᠢᠯᠡᠯ ᠢ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃     ︵ᠠᠷᠪᠠ ᠶᠢᠰᠦ︶ ᠠᠭᠤᠷᠬᠠᠢ ᠶᠢᠨ ᠠᠮᠤᠷ ᠲᠦᠪᠰᠢᠨ ᠤ  ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠤ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠨ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠱᠠᠲᠤ ᠲᠥᠷᠥᠯ ᠬᠤᠪᠢᠶᠠᠬᠤ ᠵᠠᠷᠴᠢᠮ ᠶᠣᠰᠣᠭᠠᠷ᠂ ᠮᠤᠵᠢ ᠬᠤᠲᠠ ᠰᠢᠶᠠᠨ ᠭᠤᠷᠪᠠᠨ ᠱᠠᠲᠤᠨ ᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠠᠷᠢᠶᠠᠯᠠᠭᠳᠠᠬᠤ ᠡᠷᠬᠡ ᠶᠢᠨ ᠬᠢᠵᠠᠭᠠᠷ ᠢ ᠲᠣᠳᠣᠷᠬᠠᠶᠢᠯᠠᠵᠤ᠂ ᠠᠭᠤᠷᠬᠠᠢ ᠪᠠ ᠦᠯᠡᠳᠡᠭᠳᠡᠯ ᠬᠦᠳᠡᠷ ᠤᠨ ᠬᠥᠮᠥᠷᠭᠡ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠶᠡᠭᠡ ᠪᠠᠷ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠪᠤᠳᠤᠯ ᠪᠠ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠤᠨ᠎ᠠ᠃ ᠲᠥᠪ ᠤᠨ ᠠᠵᠤ ᠠᠬᠤᠶᠢᠯᠠᠯ ᠤᠨ ᠬᠠᠷᠢᠶ᠎ᠠ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠤᠳᠠ ᠲᠤᠰᠬᠠᠢ ᠣᠷᠣᠨ ᠤ ᠲᠡᠰ ᠠᠴᠠ ᠳᠡᠭᠡᠭᠰᠢᠬᠢ ᠰᠠᠯᠠᠭ᠎ᠠ ᠮᠥᠴᠢᠷ ᠬᠠᠷᠢᠭᠤᠴᠠᠪᠠᠯ ᠵᠣᠬᠢᠨ᠎ᠠ᠃ ᠦᠯᠡᠳᠡᠭᠳᠡᠯ ᠬᠦᠳᠡᠷ ᠤᠨ ᠬᠥᠮᠥᠷᠭᠡ ᠶᠢᠨ︽ᠣᠷᠣᠢ ᠶᠢᠨ ᠬᠥᠮᠥᠷᠭᠡ︾᠂ ᠭᠦᠨ ᠤ ᠬᠡᠮᠵᠢᠶ᠎ᠡ ᠨᠢ 800 ᠮᠧᠲᠷ ᠢ ᠳᠠᠪᠠᠭᠰᠠᠨ ᠪᠤᠶᠤ ᠳᠠᠩ ᠡᠭᠡᠯᠵᠢ ᠪᠠᠷ ᠬᠤᠳᠳᠤᠭ ᠲᠤ ᠪᠠᠭᠤᠭᠰᠠᠨ ᠬᠥᠮᠥᠨ ᠤ ᠲᠤᠭ᠎ᠠ ᠨᠢ 30 ᠬᠥᠮᠥᠨ ᠢ ᠳᠠᠪᠠᠭᠰᠠᠨ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ᠂ ᠬᠠᠵᠠᠭᠤ ᠪᠡᠯ ᠤᠨ ᠥᠨᠳᠥᠷ ᠤᠨ ᠬᠡᠮᠵᠢᠶ᠎ᠡ ᠨᠢ 200 ᠮᠧᠲᠷ ᠢ ᠳᠠᠪᠠᠭᠰᠠᠨ ᠲᠡᠮᠦᠷᠯᠢᠭ ᠪᠠ ᠲᠡᠮᠦᠷᠯᠢᠭ ᠪᠤᠰᠤ ᠵᠠᠳᠠᠭᠠᠢ ᠠᠭᠤᠷᠬᠠᠢ ᠵᠡᠷᠭᠡ ᠲᠦᠭᠰᠢᠭᠦᠷᠢ ᠶᠡᠬᠡᠲᠡᠢ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠠᠷᠴᠢᠮ ᠳᠡᠭᠡᠷ᠎ᠡ ᠪᠠᠨ ᠰᠢᠶᠠᠨ ᠤ ᠱᠠᠲᠤᠨ ᠤ ᠰᠠᠯᠠᠭ᠎ᠠ ᠮᠥᠴᠢᠷ ᠲᠤ ᠪᠠᠭᠤᠯᠭᠠᠵᠤ ᠪᠤᠯᠬᠤ ᠦᠭᠡᠢ᠃︽ᠬᠡᠨ ᠭᠤᠣᠯᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ︾ᠵᠠᠷᠴᠢᠮ ᠶᠣᠰᠣᠭᠠᠷ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠬᠢᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠪᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ᠱᠠᠭᠠᠷᠳᠠᠯᠭ᠎ᠠ ᠶᠣᠰᠣᠭᠠᠷ᠂ ᠪᠤᠰᠤᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠠᠵᠢᠯ ᠲᠥᠷᠥᠯ ᠤᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠳᠤᠮᠳᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠢᠭᠡ ᠴᠣᠭᠴᠠᠵᠢᠭᠤᠯᠤᠨ ᠠᠬᠢᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠢᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠣᠬᠢᠴᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃     ︵ᠬᠤᠷᠢ︶ ᠠᠭᠤᠷᠬᠠᠢ ᠶᠢᠨ ᠠᠮᠤᠷ ᠲᠦᠪᠰᠢᠨ ᠤ ᠤᠯᠤᠰ ᠤᠨ  ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠪᠦᠷᠢᠨᠰᠢᠭᠦᠯᠵᠦ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ  ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠬᠢᠨ ᠣᠷᠣᠨ ᠨᠤᠲᠤᠭ ᠤᠨ ᠠᠭᠤᠷᠬᠠᠢ ᠶᠢᠨ ᠠᠮᠤᠷ ᠲᠦᠪᠰᠢᠨ ᠤ  ᠬᠢᠨᠠᠨ ᠬᠠᠮᠢᠶᠠᠷᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠳᠤ ᠠᠭᠤᠷᠬᠠᠢ ᠶᠢᠨ ᠠᠮᠤᠷ ᠲᠦᠪᠰᠢᠨ  ᠤ  ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠠᠭᠤᠷᠬᠠᠢ ᠶᠢᠨ ᠠᠮᠤᠷ ᠲᠦᠪᠰᠢᠨ ᠤ  ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ  ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠰᠢᠰᠲ᠋ᠧᠮ ᠢ  ᠪᠦᠷᠢᠨᠰᠢᠭᠦᠯᠦᠨ᠎ᠡ᠃     ᠵᠢᠷᠭᠤᠭ᠎ᠠ᠂ ᠠᠭᠤᠷᠬᠠᠢ ᠶᠢᠨ ᠠᠮᠤᠷ ᠲᠦᠪᠰᠢᠨ ᠢ  ᠬᠠᠤᠯᠢ ᠶᠣᠰᠣᠭᠠᠷ ᠵᠠᠰᠠᠬᠤ ᠶᠢ ᠠᠬᠢᠭᠤᠯᠤᠨ᠎ᠠ     ︵ᠬᠤᠷᠢᠨ ᠨᠢᠭᠡ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠮᠤᠷ ᠲᠦᠪᠰᠢᠨ ᠤ ᠬᠠᠤᠯᠢ ᠳᠤ ᠵᠠᠰᠠᠪᠤᠷᠢ ᠤᠷᠤᠭᠤᠯᠬᠤ ᠶᠢ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ ᠢ ᠲᠣᠭᠲᠠᠭᠠᠵᠤ᠂ ᠠᠭᠤᠷᠬᠠᠢ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠷᠲᠡᠭᠡᠮᠵᠢ ᠪᠠᠲᠤᠯᠠᠭ᠎ᠠ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷ᠎ᠡ ᠬᠢᠨᠠᠨ ᠡᠵᠡᠮᠳᠡᠵᠦ ᠰᠦᠯᠵᠢᠶᠡᠵᠢᠭᠦᠯᠬᠦ ᠪᠠ ᠠᠭᠤᠷᠬᠠᠢ ᠶᠢᠨ ᠠᠮᠤᠷ ᠲᠦᠪᠰᠢᠨ ᠤ ᠶᠡᠷᠦᠩᠬᠡᠶᠢᠯᠡᠭᠰᠡᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃     ︵ᠬᠤᠷᠢᠨ ᠬᠤᠶᠠᠷ︶ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠠᠭᠤᠷᠬᠠᠢ ᠶᠢᠨ ᠠᠵᠢᠯ ᠲᠥᠷᠥᠯ ᠤᠨ ᠬᠠᠮᠢᠶᠠᠷᠤᠯᠲᠠ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ  ᠶᠢᠨ ᠰᠠᠯᠠᠭ᠎ᠠ ᠮᠥᠴᠢᠷ ᠤᠨ ᠬᠢᠨ ᠴᠢᠩᠭ᠎ᠠ ᠬᠠᠤᠯᠢ ᠬᠡᠷᠡᠭᠵᠢᠭᠦᠯᠦᠨ ᠪᠠᠶᠢᠴᠠᠭᠠᠵᠤ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠲᠣᠷᠭᠠᠬᠤ ᠠᠴᠠ ᠪᠢᠰᠢ ᠬᠠᠮᠢᠶᠠᠷᠬᠤ ᠦᠭᠡᠢ ᠪᠠᠶᠢᠬᠤ ᠶᠢ ᠴᠢᠩᠭ᠎ᠠ ᠴᠠᠭᠠᠵᠠᠯᠠᠪᠠᠯ ᠵᠣᠬᠢᠨ᠎ᠠ᠃ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠡᠷᠡᠭ ᠢ ᠰᠢᠯᠵᠢᠭᠦᠯᠦᠨ ᠬᠦᠷᠭᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠶᠠᠯ᠎ᠠ ᠬᠢᠭᠰᠡᠨ ᠰᠡᠵᠢᠭᠯᠡᠯ ᠲᠠᠢ ᠪᠣᠯ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ ᠠᠭᠤᠷᠬᠠᠢ ᠶᠢᠨ ᠬᠦᠷᠢᠶ᠎ᠡ ᠶᠢᠨ ᠠᠮᠤᠷ ᠲᠦᠪᠰᠢᠨ ᠢ ᠦᠨᠡᠯᠡᠬᠦ᠂ ᠵᠢᠷᠤᠵᠤ ᠲᠥᠯᠥᠪᠯᠡᠬᠦ᠂ ᠪᠠᠶᠢᠴᠠᠭᠠᠨ ᠰᠢᠯᠭᠠᠬᠤ᠂ ᠬᠢᠨᠠᠨ ᠰᠢᠯᠭᠠᠬᠤ᠂ ᠭᠡᠷᠡᠴᠢᠯᠡᠬᠦ᠂ ᠯᠠᠪᠯᠠᠭ᠎ᠠ ᠥᠭᠬᠦ᠂ ᠪᠤᠯᠪᠠᠰᠤᠷᠠᠭᠤᠯᠬᠤ᠂ ᠬᠢᠨᠠᠨ ᠬᠠᠮᠢᠶᠠᠷᠬᠤ ᠵᠡᠷᠭᠡ ᠭᠤᠷᠪᠠᠳᠠᠭᠴᠢ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠮᠤᠷ ᠲᠦᠪᠰᠢᠨ ᠢ ᠦᠨᠡᠯᠡᠵᠦ ᠬᠢᠨᠠᠨ ᠪᠠᠶᠢᠴᠠᠭᠠᠵᠤ ᠰᠢᠯᠭᠠᠭᠰᠠᠨ ᠮᠡᠳᠡᠭᠦᠯᠦᠯᠲᠡ ᠶᠢ ᠢᠯᠡ ᠪᠤᠯᠭᠠᠬᠤ ᠳᠦᠷᠢᠮ ᠢ ᠪᠠᠶᠢᠭᠤᠯᠤᠨ᠎ᠠ᠃ ᠬᠦᠨᠳᠦ ᠨᠣᠴᠢᠲᠠᠢ  ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠪᠠ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂︽ᠬᠡᠨ ᠪᠠᠶᠢᠴᠠᠭᠠᠪᠠᠯ᠂ ᠲᠡᠷᠡ ᠭᠠᠷ ᠤᠨ ᠦᠰᠦᠭ ᠵᠢᠷᠤᠵᠤ᠂ ᠲᠡᠷᠡ ᠬᠠᠷᠢᠭᠤᠴᠠᠬᠤ︾ ᠶᠢ ᠴᠢᠩᠭ᠎ᠠ ᠬᠡᠷᠡᠭᠵᠢᠭᠦᠯᠵᠦ᠂ ᠬᠦᠨᠳᠦ ᠶᠡᠭᠡ ᠲᠠᠯᠳᠠ ᠭᠡᠮ ᠰᠣᠭᠤᠭ ᠢ ᠣᠯᠵᠤ ᠮᠡᠳᠡᠭᠡᠳ ᠰᠢᠢᠳᠪᠦᠷᠢᠯᠡᠬᠦ ᠦᠭᠡᠢ ᠪᠤᠶᠤ ᠮᠥᠷᠳᠡᠵᠦ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠣᠯ  ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ︵ᠬᠤᠷᠢᠨ ᠭᠤᠷᠪᠠ︶ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠴᠢᠩᠳᠠᠯᠠᠨ᠎ᠠ᠃ ᠨᠡᠯᠢᠶᠡᠳ ᠶᠡᠭᠡ ᠠᠶᠤᠯ ᠳᠤ ᠬᠤᠯᠪᠣᠭᠳᠠᠭᠰᠠᠨ ᠠᠳᠡᠯ᠂ ᠬᠦᠨᠳᠦ ᠶᠡᠭᠡ ᠵᠢᠴᠢ ᠲᠡᠭᠦᠨ ᠠᠴᠠ ᠳᠣᠷᠣᠭᠰᠢᠬᠢ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠳᠠᠷᠤᠭᠠᠳ ᠮᠡᠳᠡᠭᠦᠯᠦᠭᠰᠡᠨ ᠦᠭᠡᠢ ᠬᠤᠳᠠᠯ ᠢᠶᠠᠷ ᠮᠡᠳᠡᠭᠦᠯᠦᠭᠰᠡᠨ ᠪᠣᠯ ᠪᠠᠶᠢᠳᠠᠯ ᠢ ᠨᠢ ᠦᠵᠡᠵᠦ ᠪᠠᠶᠢᠭᠠᠳ ᠳᠡᠰ ᠳᠡᠪᠰᠢᠭᠦᠯᠦᠨ ᠪᠠᠶᠢᠴᠠᠭᠠᠨ᠎ᠠ᠃ ᠠᠳᠡᠯ ᠢ ᠳᠠᠷᠤᠭᠠᠳ ᠮᠡᠳᠡᠭᠦᠯᠦᠭᠰᠡᠨ ᠦᠭᠡᠢ ᠬᠤᠳᠠᠯ ᠢᠶᠠᠷ ᠮᠡᠳᠡᠭᠦᠯᠦᠭᠰᠡᠨ ᠬᠡᠷᠡᠭ ᠢ ᠢᠯᠡᠴᠢᠯᠡᠨ ᠮᠡᠳᠡᠭᠦᠯᠦᠭᠰᠡᠨ ᠪᠠᠶᠢᠪᠠᠯ᠂  ᠬᠠᠷᠢᠶ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠨ ᠵᠣᠬᠢᠶᠠᠨ ᠪᠠᠶᠢᠭᠤᠯᠵᠤ ᠪᠠᠶᠢᠴᠠᠭᠠᠪᠠᠯ ᠵᠣᠬᠢᠨ᠎ᠠ᠃ ᠨᠡᠯᠢᠶᠡᠳ ᠶᠡᠭᠡ ᠠᠴᠠ ᠳᠡᠭᠡᠭᠰᠢ ᠦᠬᠦᠯ ᠤᠨ ᠠᠳᠡᠯ ᠭᠠᠷᠤᠭᠰᠠᠨ ᠠᠭᠤᠷᠬᠠᠢ ᠶᠢᠨ ᠦᠢᠯᠡᠳᠪᠦᠷᠢᠯᠡᠯ ᠢ ᠵᠣᠭᠰᠣᠭᠠᠨ ᠴᠡᠭᠴᠡᠯᠡᠵᠦ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠭᠰᠡᠨ ᠤ ᠲᠠᠷᠠᠭ᠎ᠠ ᠰᠠᠶ᠋ᠢ ᠦᠢᠯᠡᠳᠪᠦᠷᠢᠯᠡᠯ ᠢ ᠨᠢ ᠰᠡᠷᠭᠦᠭᠡᠵᠦ ᠪᠣᠯᠣᠨ᠎ᠠ᠃    ᠳᠣᠯᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ    ︵ᠬᠤᠷᠢᠨ ᠳᠥᠷᠪᠡ ) ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠢᠵᠢ ᠲᠥᠬᠦᠷ ᠲᠥᠷᠥ ᠶᠢᠨ ᠪᠣᠳᠣᠯᠭ᠎ᠠ ᠶᠢ ᠰᠤᠳᠤᠯᠬᠤ ᠬᠡᠷᠡᠭᠲᠡᠢ᠃ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠵᠦ᠂ ᠠᠭᠤᠷᠬᠠᠢ ᠶᠢ ᠰᠢᠭᠰᠢᠭᠳᠡᠭᠦᠯᠦᠨ ᠭᠠᠷᠭᠠᠬᠤ᠂ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠵᠡᠷᠭᠡ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠬᠢᠨ ᠲᠦᠷᠦᠭᠦᠯᠡᠨ ᠠᠭᠤᠷᠬᠠᠢ ᠶᠢᠨ ᠠᠮᠤᠷ ᠲᠦᠪᠰᠢᠨ ᠢ  ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠲᠤᠰ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠪᠣᠯᠣᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠬᠢᠨ ᠡᠷᠬᠡ ᠶᠢᠨ ᠬᠢᠵᠠᠭᠠᠷ ᠪᠣᠯᠣᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠪᠣᠯ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ  ᠪᠠᠲᠤᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号