ᠮᠠᠨ ᠤ ᠣᠷᠣᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠳᠤ ᠣᠶᠤᠨᠴᠢ ᠪᠠᠷ ᠭᠦᠢᠴᠡᠳᠬᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/13
   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠶᠢ ᠠᠬᠢᠭᠤᠯᠵᠤ᠂ ᠪᠦᠭᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠴᠢᠨᠠᠭᠰᠢᠳᠠ ᠰᠢᠯᠢᠳᠡᠭᠵᠢᠭᠦᠯᠬᠦ ᠶᠢᠨ ᠲᠥᠯᠥᠭᠡ᠂ ᠣᠶᠢᠷ᠎ᠠ ᠳᠤ᠂ ᠮᠠᠨ ᠤ ᠣᠷᠣᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠳᠤ ︽ᠭᠤᠶᠤᠴᠢᠯᠠᠬᠤ ᠦᠭᠡᠢ︾᠂ ︽ᠣᠶᠤᠨᠴᠢ ᠪᠠᠷ ᠭᠦᠢᠴᠡᠳᠬᠡᠬᠦ︾᠂ ︽ᠰᠢᠭᠤᠳ ᠲᠠᠩᠰᠠᠨ ᠳᠤ ᠣᠷᠣᠭᠤᠯᠬᠤ︾ ᠶᠢ ᠪᠡᠶᠡᠯᠡᠭᠦᠯᠵᠡᠢ᠃    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠲᠤᠬᠠᠶᠢᠯᠠᠭᠰᠠᠨ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠪᠦᠭᠦ ᠣᠷᠣᠨ ᠤ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭᠠᠨ ᠤ ᠲᠤᠭ᠎ᠠ ᠪᠠᠷᠢᠮᠲᠠ ᠶᠢ ᠴᠤᠭᠯᠠᠭᠤᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠠᠪᠴᠠᠩ ᠠᠴᠠ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠬᠰᠠᠨ ᠪᠠᠶᠢᠳᠠᠯ ᠳᠤ ᠠᠦ᠋ᠲ᠋ᠣ᠋ ᠪᠠᠷ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ ᠤᠷᠢᠳᠴᠢᠯᠠᠨ ᠬᠠᠷᠭᠤᠭᠤᠯᠤᠨ ᠪᠠᠶᠢᠴᠠᠭᠠᠵᠤ᠂ ᠬᠠᠷᠢᠴᠠᠭ᠎ᠠ ᠶᠢ ᠰᠢᠯᠵᠢᠭᠦᠯᠬᠦ ᠭᠤᠶᠤᠴᠢᠯᠠᠯ ᠭᠠᠷᠭᠠᠬᠤ ᠴᠢᠬᠤᠯᠠ ᠦᠭᠡᠢ ᠪᠣᠯᠪᠠ᠃ ᠡᠭᠦᠨ ᠤ ᠬᠠᠮᠲᠤ᠂ ᠮᠠᠨ ᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠲᠤᠬᠠᠶᠢᠯᠠᠭᠰᠠᠨ ᠠᠵᠢᠯ ᠤᠨ ᠬᠡᠰᠡᠭ ᠲᠤ ︽ᠣᠷᠣᠨ ᠤ ᠳᠣᠲᠣᠨᠠᠬᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠢᠵᠢ ᠪᠦᠷᠢᠳᠦᠭᠦᠯᠬᠦ᠂ ᠬᠠᠷᠢᠴᠠᠭ᠎ᠠ ᠶᠢ ᠰᠢᠯᠵᠢᠭᠦᠯᠬᠦ ᠶᠢ ᠪᠠᠶᠢᠴᠠᠭᠠᠨ ᠯᠠᠪᠯᠠᠬᠤ︾ ᠵᠡᠷᠭᠡ ᠥᠪᠡᠷᠮᠢᠴᠡ ᠲᠤᠬᠠᠶᠢᠯᠠᠭᠰᠠᠨ ᠠᠵᠢᠯ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠲᠠᠪᠴᠠᠩ ᠢᠶᠠᠷ ᠳᠠᠮᠵᠢᠭᠰᠠᠨ ᠬᠠᠷᠢᠴᠠᠭ᠎ᠠ ᠶᠢ ᠰᠢᠯᠵᠢᠭᠦᠯᠬᠦ ᠮᠡᠳᠡᠭᠡ ᠵᠠᠩᠭᠢ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠠᠦ᠋ᠲ᠋ᠣ᠋ ᠪᠠᠷ ᠰᠢᠯᠵᠢᠭᠦᠯᠦᠨ ᠬᠦᠷᠭᠡᠵᠦ᠂ ᠭᠠᠷᠲᠠᠨ ᠭᠦᠢᠴᠡᠳᠬᠡᠬᠦ ᠠᠵᠢᠯᠲᠠᠨ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠢᠯᠵᠢᠭᠦᠯᠦᠨ ᠭᠠᠷᠭᠠᠬᠤ ᠭᠠᠵᠠᠷ ᠤᠨ ᠬᠤᠪᠢ ᠬᠥᠮᠥᠨ ᠤ ᠲᠠᠩᠰᠠᠨ ᠡᠷᠦᠭᠡ ᠶᠢ ᠲᠡᠷᠡ ᠳᠠᠷᠤᠢ ᠳᠤᠨᠢ ᠬᠦᠴᠦᠨ ᠦᠭᠡᠢ ᠪᠤᠯᠭᠠᠵᠤ᠂ ᠰᠢᠯᠵᠢᠭᠦᠯᠦᠨ ᠣᠷᠣᠭᠤᠯᠬᠤ ᠭᠠᠵᠠᠷ ᠤᠨ ᠬᠤᠪᠢ ᠬᠥᠮᠥᠨ ᠤ ᠲᠠᠩᠰᠠᠨ ᠡᠷᠦᠭᠡ ᠶᠢ ᠲᠡᠷᠡ ᠳᠠᠷᠤᠢ ᠳᠤᠨᠢ ᠨᠡᠭᠡᠭᠡᠵᠦ᠂ ᠬᠤᠶᠠᠷ ᠭᠠᠵᠠᠷ ᠤᠨ ᠲᠤᠬᠠᠶᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠵᠦ ᠳᠠᠭᠤᠰᠬᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号