28 ᠪᠦᠯᠦᠭ ᠤᠳᠠᠭ᠎ᠠ 1100 ᠭᠠᠷᠤᠢ ᠬᠥᠮᠥᠨ ᠤᠳᠠᠭ᠎ᠠ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ ᠠᠯᠠᠱᠠ ᠠᠶᠢᠮᠠᠭ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠳᠤ ︽ᠬᠦᠴᠦᠨ ᠨᠡᠮᠡᠷᠢᠯᠡᠪᠡ︾
ᠨᠡᠶᠢᠲᠡᠯᠡᠭᠰᠡᠨ ᠴᠠᠭ᠄
2023/9/15
    ᠣᠶᠢᠷ᠎ᠠ ᠶᠢᠨ ᠡᠳᠦᠷ ᠤᠳ ᠲᠤ ᠠᠯᠠᠱᠠ ᠠᠶᠢᠮᠠᠭ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠡᠷᠡᠭᠵᠢᠭᠦᠯᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠵᠢᠭᠠᠬᠤ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠬᠢᠴᠢᠶᠡᠯᠯᠡᠬᠦ ᠠᠴᠠ ᠡᠮᠦᠨ᠎ᠡ ᠨᠣᠮ ᠪᠢᠴᠢᠭ ᠬᠦᠷᠭᠡᠬᠦ ᠶᠢ ᠦᠨᠡᠨ ᠬᠦ ᠪᠠᠲᠤᠯᠠᠪᠠ᠃     8 ᠰᠠᠷ᠎ᠠ ᠶᠢᠨ 24 ᠤ ᠦᠳᠡ ᠶᠢᠨ ᠡᠮᠦᠨ᠎ᠡ᠂ ᠠᠯᠠᠱᠠ ᠠᠶᠢᠮᠠᠭ ᠤᠨ ᠰᠢᠨᠬᠤᠸᠠ ᠨᠣᠮ ᠤᠨ ᠳᠡᠯᠭᠡᠭᠦᠷ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠡᠯᠲᠡᠰ ᠤᠨ ᠬᠥᠮᠥᠷᠭᠡ ᠳᠤ ᠡᠯ᠎ᠡ ᠲᠥᠷᠥᠯ ᠤᠨ ᠵᠢᠭᠠᠬᠤ ᠮᠠᠲ᠋ᠧᠷᠢᠶᠠᠯ ᠢ ᠲᠡᠷᠢ ᠲᠡᠭᠰᠢ ᠲᠠᠯᠪᠢᠭᠠᠰᠤᠲᠠᠢ ᠪᠠᠶᠢᠯ᠎ᠠ᠃ ᠠᠵᠢᠯᠲᠠᠳ ᠠᠯᠢ ᠡᠷᠲᠡ ᠠᠴᠠ ᠶᠠᠭᠠᠷᠠᠯᠲᠠᠢ ᠠᠵᠢᠯᠯᠠᠵᠤ᠂ ᠬᠤᠪᠢᠶᠠᠨ ᠲᠠᠷᠬᠠᠭᠠᠵᠤ᠂ ᠪᠣᠭᠤᠳᠠᠯᠯᠠᠵᠤ᠂ ᠲᠣᠭᠠᠯᠠᠨ ᠪᠦᠷᠢᠳᠬᠡᠵᠦ᠂ ᠪᠠᠭᠯᠠᠵᠤ᠂ ᠪᠦᠭᠦ ᠠᠶᠢᠮᠠᠭ ᠤᠨ ᠡᠯ᠎ᠡ ᠭᠠᠵᠠᠷ ᠲᠤ ᠵᠥᠭᠡᠭᠡᠪᠦᠷᠢᠯᠡᠨ ᠬᠦᠷᠭᠡᠵᠦ ᠪᠠᠶᠢᠪᠠ᠃ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠪᠣᠯᠤᠭᠰᠠᠨ ᠲᠠᠰᠢᠷᠠᠮ ᠢᠶᠠᠷ ᠥᠷᠭᠡᠨ ᠣᠯᠠᠨ ᠪᠠᠭᠰᠢ ᠰᠤᠷᠤᠬᠴᠢᠳ ᠤᠨ ᠵᠢᠭᠠᠨ ᠰᠤᠷᠭᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ ᠠᠵᠢᠯᠲᠠᠳ ᠲᠣᠬᠢᠷᠠᠭᠤᠯᠤᠨ ᠬᠦᠷᠭᠡᠬᠦ ᠪᠠᠷ ᠴᠠᠭ ᠨᠡᠮᠡᠵᠦ ᠠᠵᠢᠯᠯᠠᠨ᠂ 24 ᠴᠠᠭ ᠢᠶᠠᠷ ᠪᠠᠷᠠᠭ᠎ᠠ ᠲᠣᠰᠬᠤ ᠳᠦᠷᠢᠮ ᠢ ᠪᠠᠷᠢᠮᠲᠠᠯᠠᠵᠤ᠂ ᠬᠦᠷᠭᠡᠨ ᠢᠷᠡᠭᠰᠡᠨ ᠬᠢᠴᠢᠶᠡᠯ ᠤᠨ ᠳᠡᠪᠲᠡᠷ ᠢᠶᠠᠨ ᠲᠤᠬᠠᠢ ᠶᠢᠨ ᠡᠳᠦᠷ  ᠲᠤᠨᠢ ᠬᠥᠮᠥᠷᠭᠡ ᠳᠤ ᠣᠷᠣᠭᠤᠯᠵᠤ ᠲᠤᠬᠠᠢ ᠶᠢᠨ ᠡᠳᠦᠷ ᠲᠤᠨᠢ ᠲᠠᠷᠬᠠᠭᠠᠨ ᠥᠭᠴᠦ᠂ ᠬᠡᠵᠢᠶ᠎ᠡ ᠢᠷᠡᠭᠰᠡᠨ ᠪᠣᠯ ᠲᠡᠷᠡ ᠳᠠᠷᠤᠢ ᠳᠤᠨᠢ ᠬᠤᠷᠢᠶᠠᠨ ᠠᠪᠴᠤ ᠬᠦᠷᠭᠡᠬᠦ ᠶᠢ ᠪᠡᠶᠡᠯᠡᠭᠦᠯᠪᠡ᠃ ᠪᠣᠷᠣᠭᠠᠨ ᠲᠠᠢ ᠴᠠᠭ ᠠᠭᠤᠷ ᠢ ᠪᠣᠳᠣᠯᠬᠢᠯᠠᠨ᠂ ᠪᠠᠰᠠ ᠵᠢᠭᠠᠬᠤ ᠮᠠᠲ᠋ᠧᠷᠢᠶᠠᠯ ᠲᠠᠷᠬᠠᠭᠠᠬᠤ ᠬᠥᠮᠥᠷᠭᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠳᠤ ᠬᠠᠮᠠᠭᠠᠯᠠᠯᠲᠠ ᠬᠢᠵᠦ᠂ ᠵᠢᠭᠠᠬᠤ ᠮᠠᠲ᠋ᠧᠷᠢᠶᠠᠯ ᠢ ᠪᠦᠷᠢᠨ ᠪᠦᠲᠦᠨ ᠢᠶᠠᠷ ᠰᠤᠷᠭᠠᠭᠤᠯᠢ ᠳᠤ ᠬᠦᠷᠭᠡᠬᠦ ᠶᠢ ᠦᠨᠡᠨ ᠬᠦ ᠪᠠᠲᠤᠯᠠᠪᠠ᠃     ︽ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠴᠢᠶᠡᠯᠯᠡᠬᠦ ᠠᠴᠠ ᠡᠮᠦᠨ᠎ᠡ ᠨᠣᠮ ᠬᠦᠷᠭᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ ᠡᠮᠦᠨᠡᠬᠢ ᠬᠤᠭᠤᠴᠠᠭᠠᠨ ᠳᠤ ᠪᠠᠰᠠ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠢᠯ ᠢ ᠬᠢᠵᠡᠢ᠃ ᠵᠢᠱᠢᠶᠡᠯᠡᠪᠡᠯ ᠪᠠᠭᠰᠢ ᠨᠠᠷ ᠢ ᠲᠥᠪᠯᠡᠷᠡᠭᠦᠯᠦᠨ ᠪᠤᠯᠪᠠᠰᠤᠷᠠᠭᠤᠯᠬᠤ ᠶᠢ ᠴᠢᠩᠭᠠᠳᠬᠠᠵᠤ᠂ ᠬᠢᠴᠢᠶᠡᠯᠯᠡᠬᠦ ᠪᠠᠷ ᠶᠠᠪᠤᠬᠤ᠂ ᠰᠤᠷᠭᠠᠨ ᠬᠥᠮᠦᠵᠢᠯ ᠢ ᠳᠡᠮᠵᠢᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠭᠰᠢ ᠶᠢᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠭᠦ ᠬᠦᠴᠦᠨ ᠢᠶᠠᠷ ᠢᠶᠠᠨ ᠪᠠᠲᠤᠯᠠᠵᠠᠢ︾ ᠭᠡᠵᠦ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠶᠤᠸᠠᠢ ᠷᠦᠩ ᠰᠤᠷᠪᠤᠯᠵᠢᠯᠠᠬᠴᠢ ᠳᠤ ᠬᠡᠯᠡᠪᠡ᠃     ᠲᠠᠨᠢᠯᠴᠠᠭᠤᠯᠤᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠠᠶᠢᠲᠤᠷ ᠬᠢᠬᠦ ᠶᠢᠨ ᠲᠥᠯᠥᠭᠡ ᠠᠯᠠᠱᠠ ᠠᠶᠢᠮᠠᠭ ᠤᠨ ᠣᠯᠠᠨ ᠰᠤᠷᠭᠠᠭᠤᠯᠢ ᠬᠤᠣᠰ ᠴᠢᠭᠯᠡᠯ ᠢᠶᠠᠷ ᠬᠤᠯᠪᠤᠭᠠᠯᠠᠨ ᠬᠥᠳᠡᠯᠦᠯᠴᠡᠵᠦ᠂ ᠲᠣᠭᠲᠠᠭᠤᠨ ᠬᠠᠪᠰᠤᠷᠤᠯᠴᠠᠭ᠎ᠠ ᠪᠠᠶᠢᠭᠤᠯᠬᠤ ᠬᠠᠮᠲᠤ ᠪᠠᠷ ᠪᠠᠶᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠡᠷᠭᠢᠯᠡᠭᠦ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠠᠯᠠᠱᠠ ᠠᠶᠢᠮᠠᠭ ᠤᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ ᠢ ᠣᠶᠢᠯᠠᠭᠠᠬᠤ᠂ ᠵᠢᠭᠠᠨ ᠰᠤᠷᠭᠠᠯᠲᠠ ᠶᠢ ᠬᠡᠷᠡᠭᠵᠢᠭᠦᠯᠬᠦ᠂ ᠬᠠᠮᠢᠶᠠᠷᠬᠤ ᠪᠠ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠭᠦ ᠶᠢᠨ ᠲᠥᠯᠥᠭᠡ ᠵᠣᠨ ᠤ ᠠᠮᠠᠷᠠᠯᠲᠠ ᠶᠢᠨ ᠬᠤᠭᠤᠴᠠᠭᠠᠨ ᠳᠤ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠬᠦᠷᠭᠡᠵᠦ ᠭᠠᠷᠭᠠᠬᠤ︾᠂ ︽ᠤᠷᠢᠵᠤ ᠠᠪᠴᠢᠷᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠭᠰᠢ ᠨᠠᠷ ᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠶᠡᠷᠦᠩᠬᠡᠶᠢᠯᠡᠭᠰᠡᠨ ᠮᠡᠳᠡᠯᠭᠡ ᠶᠢᠨ ᠪᠣᠯᠪᠠᠰᠤᠷᠠᠯ ᠪᠠ ᠬᠢᠴᠢᠶᠡᠯ ᠤᠨ ᠪᠠᠷᠢᠮᠵᠢᠶ᠎ᠠ ᠶᠢᠨ ᠲᠠᠶᠢᠯᠤᠮᠵᠢ᠂ ᠵᠢᠭᠠᠬᠤ ᠮᠠᠲ᠋ᠧᠷᠢᠶᠠᠯ ᠤᠨ ᠵᠠᠳᠠᠯᠤᠯᠲᠠ᠂ ᠳᠠᠰᠬᠠᠯ ᠤᠨ  ᠵᠢᠷᠤᠭ  ᠲᠥᠯᠥᠪᠯᠡᠭᠡ  ᠵᠡᠷᠭᠡ  ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠪᠠᠭᠰᠢ ᠨᠠᠷ ᠲᠤ ︽ᠴᠠᠭᠢᠯᠭᠠᠨ ᠴᠡᠨᠡᠭᠯᠡᠵᠦ ᠡᠨᠧᠷᠭᠢ ᠬᠤᠷᠠᠮᠳᠤᠭᠤᠯᠵᠤ︾ ᠥᠭᠪᠡ᠃     8 ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠲᠣᠰ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠦᠭᠦ ᠠᠶᠢᠮᠠᠭ ᠤᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ 158 ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠵᠣᠬᠢᠶᠠᠨ ᠪᠠᠶᠢᠭᠤᠯᠵᠤ᠂ ᠪᠤᠭᠤᠲᠤ ᠬᠤᠲᠠ ᠶᠢᠨ ᠯᠦ ᠬᠠᠩ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠲᠤ ᠬᠦᠷᠴᠦ 4 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠢᠯᠭᠡᠪᠡ᠃ ᠪᠣᠯᠪᠠᠰᠤᠷᠠᠯ ᠳᠡᠭᠡᠷ᠎ᠡ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠬᠢᠷᠢ ᠲᠡᠩᠴᠡᠭᠰᠡᠨ ᠪᠠᠭᠰᠢ ᠪᠤᠯᠬᠤ︾ ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠬᠦ ᠶᠢᠨ ᠬᠠᠮᠲᠤ ᠪᠠᠭᠰᠢ ᠨᠠᠷ ᠲᠤ ᠠᠪᠢᠶ᠎ᠠ ᠶᠢᠨ ᠪᠣᠯᠪᠠᠰᠤᠷᠠᠯ᠂ ᠤᠷᠠᠨ ᠤᠩᠰᠢᠯᠭ᠎ᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ᠂ ᠶᠠᠷᠢᠶᠠᠨ ᠤ ᠬᠡᠯᠡᠨ ᠤ ᠢᠯᠡᠳᠬᠡᠬᠦ ᠪᠣᠯᠪᠠᠰᠤᠷᠠᠯ ᠵᠡᠷᠭᠡ ᠤᠨᠤᠯ ᠪᠣᠯᠣᠨ ᠪᠣᠳᠠᠲᠤ ᠠᠵᠢᠯᠯᠠᠭ᠎ᠠ ᠶᠢ ᠤᠶᠠᠯᠳᠤᠭᠤᠯᠤᠭᠰᠠᠨ ᠦᠢᠯᠡᠳᠦᠯᠭᠡ ᠶᠢᠨ ᠪᠣᠯᠪᠠᠰᠤᠷᠠᠯ ᠬᠢᠵᠦ᠂ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠪ ᠪᠣᠯᠪᠠᠰᠤᠷᠠᠯ ᠪᠠ ᠬᠡᠷᠡᠭᠯᠡᠭᠡᠨ ᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠪᠡ᠃     ︽ᠪᠣᠯᠪᠠᠰᠤᠷᠠᠯ ᠳᠤ ᠣᠷᠤᠯᠴᠠᠬᠤ ᠪᠠᠷ ᠳᠠᠮᠵᠢᠨ ᠪᠢ ᠨᠡᠶᠢᠲᠡᠯᠢᠭ ᠬᠡᠯᠡᠨ ᠤ ᠲᠤᠰᠬᠠᠢ ᠮᠡᠷᠭᠡᠵᠢᠯ ᠤᠨ ᠮᠡᠳᠡᠯᠭᠡ ᠶᠢ ᠮᠠᠰᠢ ᠤᠯᠠᠨ ᠣᠯᠵᠤ ᠰᠤᠷᠴᠠᠢ᠃ ᠡᠨᠡ ᠨᠢ ᠮᠢᠨᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠨ ᠵᠢᠭᠠᠨ ᠰᠤᠷᠭᠠᠬᠤ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠭᠦ ᠳᠤ ᠠᠰᠢᠭᠲᠠᠢ ᠶᠤᠮ︾ ᠭᠡᠵᠦ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠵᠤᠯᠠ ᠬᠡᠯᠡᠪᠡ᠃     ᠠᠯᠠᠱᠠ ᠠᠶᠢᠮᠠᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠡᠷᠭᠢᠯᠡᠭᠴᠢ ᠵᠠᠩ ᠱᠠᠩ ᠼᠠᠢ ᠶᠢᠨ ᠲᠠᠨᠢᠯᠴᠠᠭᠤᠯᠤᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠲᠣᠰ ᠠᠶᠢᠮᠠᠭ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨ ᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠣᠷᠣᠨ ᠤ ᠳᠣᠲᠣᠨ᠎ᠠ ᠭᠠᠳᠠᠨᠠᠬᠢ ᠴᠢᠨᠠᠷ ᠰᠠᠶᠢᠲᠠᠢ ᠪᠠᠭᠰᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠳᠡᠰ ᠬᠤᠪᠢᠶᠠᠨ ᠰᠤᠷᠤᠯᠭ᠎ᠠ ᠶᠢᠨ ᠱᠠᠲᠤ ᠬᠤᠪᠢᠶᠠᠨ ᠬᠢᠴᠢᠶᠡᠯ ᠲᠥᠷᠥᠯ ᠬᠤᠪᠢᠶᠠᠵᠤ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠪᠠᠭᠰᠢ ᠨᠠᠷ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠲᠤᠰᠬᠠᠢ ᠪᠣᠯᠪᠠᠰᠤᠷᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠷᠢᠮᠵᠢᠶ᠎ᠠ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃︽ᠣᠲᠣ ᠪᠤᠯᠲᠠᠯ᠎ᠠ ᠠᠶᠢᠮᠠᠭ ᠤᠨ ᠲᠠᠰ ᠠᠴᠠ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠨᠤᠭᠤᠳ ᠤᠨ ᠨᠢᠭᠡ ᠠᠴᠠ ᠳᠣᠯᠣᠳᠤᠭᠠᠷ ᠣᠨ ᠤ ᠡᠯ᠎ᠡ ᠬᠢᠴᠢᠶᠡᠯ ᠲᠥᠷᠥᠯ ᠤᠨ ᠪᠠᠭᠰᠢ ᠶᠢ 28 ᠪᠦᠯᠦᠭ ᠤᠳᠠᠭ᠎ᠠ 1100 ᠭᠠᠷᠤᠢ ᠬᠥᠮᠥᠨ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠤᠭᠰᠠᠨ ᠢᠶᠠᠷ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠵᠢᠭᠠᠨ ᠰᠤᠷᠭᠠᠬᠤ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠵᠡᠢ︾ ᠭᠡᠵᠦ ᠵᠠᠩ ᠱᠠᠩ ᠼᠠᠢ ᠬᠡᠯᠡᠪᠡ᠃     ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ ‍ᠠ᠋ ᠵᠢᠭᠠᠨ ᠰᠤᠷᠭᠠᠯᠲᠠ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2 ᠡᠩ ᠤᠨ ᠰᠤᠷᠭᠠᠭᠤᠯᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ 1 ᠰᠤᠷᠭᠠᠭᠤᠯᠢ ᠶᠢ ᠬᠠᠪᠰᠤᠷᠤᠨ ᠲᠡᠳᠬᠦᠬᠦ ︽ᠬᠤᠶᠠᠷ ᠢ ᠨᠢᠭᠡ ᠲᠠᠢ ᠬᠤᠯᠪᠣᠭᠳᠠᠭᠤᠯᠬᠤ︾ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠵᠠᠭᠪᠤᠷ ᠪᠠ ︽1 + 1 + 1 + 2︾ ᠤᠨ ᠠᠷᠭ᠎ᠠ ᠮᠠᠶ᠋ᠢᠭ ᠢ ᠬᠡᠷᠡᠭᠯᠡᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠨᠠᠷ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠪᠦᠭᠦ ᠠᠶᠢᠮᠠᠭ ᠤᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠤ ᠪᠠᠭᠰᠢ ᠶᠢᠨ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号