9 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ | ᠤᠩᠰᠢᠬᠤ ᠠᠩᠭᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ᠂ ᠠᠶᠢᠮᠠᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ᠂ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠢ ᠳ᠋ᠦᠩ᠂ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠵᠢᠴᠢ ᠠᠶᠢᠮᠠᠭ ᠤᠨ ᠲᠠᠰ ᠤᠨ ᠤᠳᠤᠷᠢᠳᠤᠯᠭ᠎ᠠ | ᠪᠥᠬᠦ ᠶᠠᠪᠤᠴᠠ ᠪᠠᠷ ᠨᠣᠮ ᠤᠩᠰᠢᠬᠤ ᠠᠩᠭᠢ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠭᠤᠣᠯ | ᠰᠡᠳᠦᠪᠲᠦ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠪᠥᠬᠦ ᠶᠠᠪᠤᠴᠠ ᠶᠢᠨ ᠵᠢᠯᠣᠭᠤᠳᠤᠯᠭ᠎ᠠ | ᠬᠢᠵᠦ᠂ ᠳᠤᠭᠤᠶᠢᠯᠠᠩ ᠤᠨ ᠳᠠᠷᠤᠭ᠎ᠠ ᠵᠢᠶᠠᠩ ᠬᠤᠸᠠ ᠬᠤᠷᠠᠯ ᠳᠤ ᠣᠷᠣᠯᠴᠠᠭᠰᠠᠨ ᠪᠥᠭᠡᠳ ᠵᠢᠭᠠᠨ ᠵᠢᠯᠤᠭᠤᠳᠴᠤ | ᠶᠠᠷᠢᠶ᠎ᠠ ᠲᠠᠯᠪᠢᠪᠠ᠃ | | | | | | | | | | | | ᠨᠣᠮ ᠤᠩᠰᠢᠬᠤ ᠠᠩᠭᠢ ᠶᠢ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪᠲᠦ ᠨᠠᠮ ᠤᠨ ᠬᠢᠴᠢᠶᠡᠯ | ᠣᠷᠣᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠣᠭᠳᠠᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ︽ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠦᠴᠦᠯᠡᠨ ᠴᠢᠷᠮᠠᠶᠢᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠦᠶ᠎ᠡ︾ ᠭᠡᠬᠦ ᠰᠡᠳᠦᠪ ᠢᠶᠠᠷ ᠭᠤᠣᠯ ᠰᠡᠳᠦᠪᠲᠦ ᠬᠥᠮᠦᠵᠢᠯ ᠤᠨ ᠠᠩᠬᠠᠨ ᠤ ᠨᠠᠮ ᠤᠨ ᠬᠢᠴᠢᠶᠡᠯ ᠣᠷᠣᠵᠦ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠰᠢᠰᠲ᠋ᠥᠮ ᠲᠠᠢ ᠡᠵᠡᠮᠳᠡᠵᠦ᠂ ᠠᠯᠠᠱᠠ ᠶᠢᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ | ᠤᠯᠠᠨ ᠢᠶᠠᠷ ᠢᠶᠠᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠢ | ᠠᠮᠵᠢᠯᠲᠠ ᠲᠠᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ᠂ ᠪᠦᠬᠦ ᠠᠶᠢᠮᠠᠭ ᠤᠨ ᠡᠯ᠎ᠡ ᠠᠵᠢᠯ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠦᠨ ᠨᠡᠭᠡᠭᠡᠬᠦ ᠶᠢ ᠬᠥᠲᠥᠯᠥᠨ ᠵᠢᠯᠣᠭᠤᠳᠪᠠ᠃ | | | | | | | | | | | | | ᠬᠤᠶᠠᠷ ᠡᠳᠦᠷ ᠤᠨ ᠴᠠᠭ ᠢ ᠠᠰᠢᠭᠯᠠᠵᠤ᠂ ᠨᠣᠮ ᠤᠩᠰᠢᠬᠤ ᠠᠩᠭᠢ ᠳᠤ ᠣᠷᠣᠯᠴᠠᠭᠰᠠᠨ ᠨᠦᠬᠦᠳ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠣᠨ ᠨᠠᠮ ᠤᠨ ᠳᠦᠷᠢᠮ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ | ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾᠂ ︽ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠤᠨ ᠲᠤᠰᠬᠠᠢ ᠰᠡᠳᠦᠪ ᠤᠨ ᠲᠡᠭᠦᠪᠦᠷᠢ︾ ᠵᠡᠷᠭᠡ | ᠰᠤᠷᠤᠯᠴᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠵᠤ᠂ ᠤᠨᠤᠯ ᠤᠨ ᠰᠤᠷᠤᠯᠴᠠᠯᠭ᠎ᠠ ᠶᠢ ᠯᠠᠪᠳᠠᠭᠤᠨ | ᠪᠠᠲᠤᠲᠠᠢ ᠠᠳᠬᠤᠪᠠ᠃ ᠡᠨᠡᠬᠦ ᠰᠠᠭᠤᠷᠢᠨ ᠳᠡᠭᠡᠷ᠎ᠡ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ | ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠦ᠂ ᠯᠢ ᠵᠦᠩ ᠽᠧᠩ᠂ | ᠸᠠᠩ ᠸᠧᠢ ᠳ᠋ᠦᠩ᠂ ᠯᠦ ᠯᠢ ᠮᠢᠩ᠂ ᠵᠠᠩ ᠰᠢᠶᠣᠣ ᠹᠧᠩ᠂ ᠵᠠᠩ ᠪᠦᠦ ᠴᠧᠩ᠂ ᠯᠢᠦ ᡁᠢ ᠴᠢᠶᠠᠩ᠂ ᠯᠧᠢ ᠬᠠᠢ᠂ ᠯᠢᠦ | ᠰᠢᠶᠠᠨ ᠳ᠋ᠧ᠂ ᠵᠠᠩ ᠰᠢᠸ ᠢᠦᠢ ᠵᠡᠷᠭᠡ 9 ᠨᠥᠬᠦᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ | ᠨᠥᠬᠦᠳ ᠪᠢᠴᠢᠭ ᠢᠶᠠᠷ ᠰᠤᠳᠤᠯᠤᠨ ᠶᠠᠷᠢᠯᠴᠠᠬᠤ ᠶᠠᠷᠢᠶ᠎ᠠ ᠪᠠᠨ ᠳᠡᠪᠰᠢᠭᠦᠯᠵᠡᠢ᠃ ᠲᠥᠪᠯᠡᠷᠡᠭᠦᠯᠦᠨ ᠰᠤᠷᠤᠯᠴᠠᠵᠤ | ᠰᠤᠳᠤᠯᠤᠨ ᠶᠠᠷᠢᠯᠴᠠᠬᠤ ᠪᠠᠷ ᠲᠠᠮᠵᠢᠨ᠂ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ | ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠡᠵᠡᠮᠳᠡᠯ ᠢᠶᠠᠨ ᠤᠯᠠᠮ ᠴᠢᠨᠠᠭᠰᠢᠳᠠ | ᠭᠦᠨᠵᠡᠭᠡᠶᠢᠷᠡᠭᠦᠯᠵᠦ᠂ ᠡᠨᠡᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠨᠡᠩ | ᠭᠦᠨᠵᠡᠭᠡᠢ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ | ᠤᠯᠤᠰ ᠲᠦᠷᠦ ᠶᠢᠨ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠨᠡᠩ ᠪᠠᠲᠤᠳᠬᠠᠪᠠ᠃ | | | | | | | | | | | | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠮᠠᠨ ᠤ ᠡᠯ᠎ᠡ ᠵᠦᠢᠯ | ᠤᠨ ᠠᠵᠢᠯ ᠢ ᠰᠠᠶᠢᠲᠤᠷ ᠬᠢᠬᠦ ᠳᠤ ᠴᠢᠭᠯᠡᠯ ᠤᠨ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ | ᠠᠯᠠᠱᠠ ᠶᠢᠨ ᠳᠠᠪᠠᠭᠤᠯᠢᠭ ᠪᠣᠯᠣᠨ ᠵᠥᠷᠢᠶ᠎ᠡ ᠶᠢ ᠭᠦᠨᠵᠡᠭᠡᠢ ᠲᠠᠨᠢᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ | ᠬᠦᠴᠦᠯᠡᠬᠦ ᠴᠡᠭ ᠢᠶᠠᠨ ᠲᠣᠬᠢᠷᠠᠭᠤᠯᠵᠤ᠂ ᠰᠢᠨ᠎ᠡ ᠠᠷᠭ᠎ᠠ ᠬᠡᠮᠵᠢᠶ᠎ᠡ ᠪᠠᠷ ᠳᠠᠪᠠᠭᠤᠯᠢᠭ ᠢᠶᠠᠨ ᠨᠡᠩ ᠰᠠᠶᠢᠨ | ᠪᠠᠳᠠᠷᠠᠭᠤᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠬᠤ᠂ | ᠬᠤᠪᠢᠷᠠᠯᠲᠠ ᠶᠢ ᠠᠷᠭᠠᠴᠠᠬᠤ᠂ ᠬᠤᠪᠢᠷᠠᠯᠲᠠ ᠶᠢ ᠡᠷᠢᠯᠬᠢᠯᠡᠬᠦ ᠳᠤᠮᠳᠠ ᠨᠡᠩ ᠲᠦᠷᠭᠡᠨ ᠨᠡᠩ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠣᠳᠣᠬᠠᠨ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠣᠯᠣᠨ | ᠥᠷᠢᠰᠦᠯᠳᠦᠭᠡᠨ ᠢ ᠣᠨᠣᠪᠴᠢᠲᠠᠢ ᠡᠵᠡᠮᠳᠡᠵᠦ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠥᠨᠳᠥᠷ ᠲᠤ ᠵᠣᠭᠰᠣᠨ | ᠠᠯᠤᠰ ᠢ ᠪᠠᠷᠠᠯᠠᠵᠤ᠂ ᠰᠢᠨᠵᠢᠯᠡᠬᠦ ᠤᠬᠠᠭᠠᠨᠴᠢ ᠪᠠᠷ ︽ᠴᠠᠭ︾ ᠪᠣᠯᠣᠨ ︽ᠬᠠᠨᠳᠤᠰᠢ︾ ᠶᠢ ᠰᠤᠳᠤᠯᠤᠨ ᠮᠠᠭᠠᠳᠯᠠᠵᠤ᠂ | ︽ᠲᠦᠭᠰᠢᠭᠦᠷᠢ︾ ᠪᠣᠯᠣᠨ ︽ᠲᠣᠬᠢᠶᠠᠯ︾ ᠢ ᠣᠨᠣᠪᠴᠢᠲᠠᠢ ᠡᠵᠡᠮᠳᠡᠵᠦ᠂ ᠶᠡᠭᠡ ᠲᠠᠯ᠎ᠠ ᠶᠢᠨ ᠳᠣᠣᠷ᠎ᠠ᠂ ᠶᠡᠭᠡ | ᠬᠠᠨᠳᠤᠰᠢ ᠶᠢᠨ ᠳᠤᠮᠳᠠ ᠪᠦᠬᠦ ᠠᠶᠢᠮᠠᠭ ᠤᠨ ᠬᠥᠭᠵᠢᠯᠲᠡ ᠶᠢ ᠲᠥᠯᠥᠪᠵᠢᠭᠦᠯᠬᠦ ᠬᠡᠷᠡᠭᠲᠡᠢ᠃ ᠵᠥᠪ ᠣᠨᠣᠪᠴᠢᠲᠠᠢ | ᠠᠵᠢᠯ ᠤᠨ ᠠᠮᠵᠢᠯᠲᠠ ᠶᠢᠨ ᠦᠵᠡᠯᠲᠡ ᠪᠣᠯᠣᠨ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠪᠠᠨ ᠲᠦᠷᠦ ᠶᠢᠨ ᠪᠣᠳᠣᠯᠭ᠎ᠠ ᠶᠢᠨ | ᠠᠵᠠ ᠲᠣᠬᠢᠶᠠᠯ ᠢ ᠠᠮᠵᠢᠬᠤ᠂ ᠨᠡᠮᠡᠭᠳᠡᠯ ᠢ ᠲᠣᠭᠲᠠᠪᠤᠷᠢᠵᠢᠭᠤᠯᠵᠤ ᠠᠵᠤ ᠠᠬᠤᠢ ᠶᠢ ᠲᠣᠭᠲᠠᠪᠤᠷᠢᠵᠢᠭᠤᠯᠬᠤ᠂ ᠠᠮᠢ | ᠠᠬᠤᠢ ᠶᠢ ᠴᠢᠩᠭᠠᠳᠬᠠᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠤᠷ ᠲᠦᠪᠰᠢᠨ ᠢ ᠠᠳᠬᠤᠵᠤ ᠲᠣᠭᠲᠠᠭᠤᠨ ᠢ | ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠪᠤᠶᠠᠨ ᠵᠢᠷᠭᠠᠯ ᠢ ᠨᠡᠮᠡᠭᠳᠡᠭᠦᠯᠬᠦ ᠳᠡᠭᠡᠷ᠎ᠡ ᠬᠦᠴᠦᠯᠡᠨ | ᠪᠣᠭᠤᠮᠲᠠ ᠰᠢᠪᠲᠤᠯᠵᠤ᠂ ᠳᠤᠲᠠᠭᠤᠳᠠᠯ ᠢ ᠨᠥᠬᠦᠪᠦᠷᠢᠯᠡᠬᠦ ᠳᠤᠮᠳᠠ ᠬᠥᠭᠵᠢᠯᠲᠡ ᠶᠢᠨ ᠳᠠᠪᠠᠭᠤᠯᠢᠭ ᠢ ᠡᠭᠦᠳᠬᠦ | ᠬᠡᠷᠡᠭᠲᠡᠢ ᠭᠡᠪᠠ᠃ | ᠵᠢᠶᠠᠩ ᠬᠤᠸᠠ᠂ ᠡᠨᠡ ᠤᠳᠠᠭ᠎ᠠ ᠶᠢᠨ ᠠᠵᠠ ᠲᠣᠬᠢᠶᠠᠯ ᠢ ᠭᠦᠢᠴᠡᠳ ᠠᠰᠢᠭᠯᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠰᠢᠰᠲ᠋ᠧᠮ ᠲᠠᠢ ᠰᠣᠷᠣᠯᠴᠠᠵᠦ᠂ ᠢᠯᠠᠩᠭᠤᠶ᠎ᠠ ᠡᠨᠡᠬᠦ ᠴᠢᠬᠤᠯᠠ ᠦᠵᠡᠯ ᠰᠠᠨᠠᠭ᠎ᠠ ᠳᠠᠬᠢ ︽ᠥᠪᠥᠷ | ᠮᠣᠩᠭᠤᠯ ᠤᠨ ᠬᠡᠰᠡᠭ︾ ᠪᠣᠯᠣᠨ ︽ᠦᠨᠳᠦᠰᠦᠲᠡᠨ ᠤ ᠭᠡᠰᠡᠭ︾ ᠢ ᠭᠦᠨᠵᠡᠭᠡᠢ ᠰᠠᠶᠢᠲᠤᠷ ᠣᠶᠢᠯᠠᠭᠠᠵᠦ᠂ | ᠲᠡᠭᠦᠨ ᠳᠤ ᠲᠤᠤᠱᠯᠠᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠠᠷᠭ᠎ᠠ ᠵᠠᠮ ᠪᠣᠯᠣᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠡᠭᠦᠨ ᠤ ᠳᠤᠮᠳᠠ ᠠᠴᠠ ᠠᠯᠠᠱᠠ ᠶᠢᠨ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠠᠶᠢᠨ ᠲᠠᠶᠢᠯᠪᠤᠷᠢ ᠶᠢ | ᠡᠷᠢᠨ ᠣᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠠᠯᠠᠱᠠ ᠶᠢᠨ ᠭᠡᠰᠡᠭ︾ ᠢ ᠬᠠᠮᠲᠤᠪᠠᠷ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠵᠤ ᠰᠣᠯᠢᠯᠴᠠᠬᠤ ᠳᠤ ᠣᠷᠣᠯᠴᠠᠪᠠ᠃ | | | | |