9 ᠰᠠᠷ᠎ᠠ ᠶᠢᠨ 15 ᠤ ᠡᠳᠦᠷ᠂ ᠮᠠᠨ ᠤ ᠠᠶᠢᠮᠠᠭ ᠳᠣᠯᠣᠳᠤᠭᠠᠷ ᠬᠤᠭᠤᠴᠠᠭᠠᠨ ᠤ ︽ᠠᠯᠠᠱᠠ ᠶᠢᠨ | ᠺᠠᠳ᠋ᠷᠴᠤᠳ ᠤᠨ ᠬᠢᠴᠢᠶᠡᠯ ᠤᠨ ᠲᠠᠩᠬᠢᠮ︾ ᠤᠨ ᠲᠤᠰᠬᠠᠢ ᠰᠡᠳᠦᠪᠲᠦ ᠲᠠᠶᠢᠯᠤᠮᠵᠢ ᠡᠷᠭᠢᠯᠡᠵᠦ᠂ ᠠᠶᠢᠮᠠᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠴᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠧᠢ ᠬᠠᠢ ᠬᠤᠷᠠᠯ ᠢ | ᠡᠷᠭᠢᠯᠡᠵᠦ᠂ ᠪᠥᠬᠦ ᠠᠶᠢᠮᠠᠭ ᠤᠨ ᠭᠠᠵᠠᠷ ᠤᠨ ᠲᠠᠰ ᠤᠨ ︽ᠳᠦᠷᠦᠭᠦᠦ ᠬᠠᠷᠢᠭᠤᠴᠠᠯᠭᠠᠳᠠᠨ︾ ᠤ ᠤᠯᠤᠰ | ᠲᠥᠷᠥ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠪᠠ ᠰᠢ ᠶᠢᠨ ᠫᠢᠩ ᠤᠨ ᠠᠵᠤ ᠠᠬᠤᠢ | ᠶᠢᠨ ᠦᠵᠡᠯ ᠰᠠᠨᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠰᠤᠷᠤᠭᠴᠢᠳ ᠰᠤᠷᠤᠯᠴᠠᠯᠭ᠎ᠠ ᠳᠤ | ᠣᠷᠣᠯᠴᠠᠪᠠ᠃ | | | | | | | | | | | | ᠯᠢ ᠵᠥᠩ ᠽᠧᠩ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠡᠭᠡᠷ᠎ᠡ ᠵᠣᠭᠰᠣᠵᠤ᠂ | ᠠᠯᠠᠱᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠠᠱᠠ ᠶᠢᠨ | ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠶ᠎ᠠ︾ ᠭᠡᠬᠦ | ᠰᠡᠳᠦᠪ ᠢᠶᠠᠷ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢᠨ ᠰᠠᠭᠤᠷᠢ ᠨᠢ ᠬᠢᠷᠢ ᠵᠡᠷᠭᠡ | ᠪᠠᠶᠢᠬᠤ᠂ ᠶᠠᠮᠠᠷ ᠶᠠᠩᠵᠤ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠬᠡᠷᠬᠢᠨ ᠠᠬᠢᠭᠤᠯᠬᠤ ᠵᠡᠷᠭᠡ ᠭᠤᠷᠪᠠᠨ | ᠲᠠᠯ᠎ᠠ ᠠᠴᠠ ᠭᠦᠨᠵᠡᠭᠡᠢ ᠪᠥᠭᠡᠳ ᠰᠢᠰᠲ᠋ᠧᠮ ᠲᠠᠢ ᠬᠠᠪᠰᠤᠷᠤᠨ ᠵᠢᠯᠤᠭᠤᠳᠴᠤ᠂ ᠠᠯᠠᠱᠠ ᠶᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠳᠠᠪᠠᠭᠤᠯᠢᠭ᠂ ᠪᠠᠭᠤᠷᠠᠢ ᠲᠠᠯ᠎ᠠ᠂ ᠠᠵᠠ ᠲᠣᠬᠢᠶᠠᠯ᠂ ᠰᠣᠷᠢᠯᠳᠠ ᠶᠢ ᠭᠦᠨᠵᠡᠭᠡᠢ ᠵᠠᠳᠠᠯᠵᠤ᠂ ︽ | 3 ᠶᠡᠭᠡ ᠬᠦᠷᠢᠶ᠎ᠡ ᠬᠡᠪᠴᠢᠶ᠎ᠡ + N ᠣᠨᠴᠠᠯᠢᠭ︾ ᠤᠨ ᠠᠵᠤ ᠦᠢᠯᠡᠰ ᠤᠨ ᠰᠢᠰᠲ᠋ᠧᠮ ᠢ ᠪᠦᠬᠦ ᠲᠠᠯ᠎ᠠ ᠪᠠᠷ | ᠲᠣᠳᠣᠷᠬᠠᠶᠢᠯᠠᠨ ᠥᠭᠦᠯᠡᠵᠦ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ᠂ ᠠᠮᠢ ᠠᠬᠤᠢ ᠡᠯᠡᠰᠦᠨ ᠤ ᠠᠵᠤ | ᠦᠢᠯᠡᠰ᠂ ᠣᠳᠣᠬᠢᠴᠢᠯᠠᠭᠰᠠᠨ ᠠᠵᠤ ᠦᠢᠯᠡᠳᠪᠦᠷᠢ᠂ ᠴᠡᠪᠡᠷ ᠡᠨᠧᠷᠭᠢ᠂ ᠰᠢᠨ᠎ᠡ ᠮᠠᠲ᠋ᠧᠷᠢᠶᠠᠯ᠂ ᠠᠭᠤᠷᠬᠠᠢ ᠮᠠᠯᠲᠠᠬᠤ᠂ | ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ᠂ ᠬᠠᠴᠢᠨ ᠴᠢᠯᠠᠭᠤᠨ ᠤ ᠰᠣᠶᠣᠯ ᠵᠡᠷᠭᠡ ᠠᠵᠤ ᠦᠢᠯᠡᠰ ᠤᠨ ᠬᠥᠭᠵᠢᠯᠲᠡ ᠶᠢᠨ | ᠭᠤᠣᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ | ᠠᠯᠠᠱᠠ ᠶᠢᠨ ᠣᠨᠴᠠᠯᠢᠭ ᠲᠠᠢ ᠳᠠᠪᠠᠭᠤᠯᠢᠭ ᠢ ᠨᠡᠩ ᠰᠠᠶᠢᠨ ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠳᠤ ᠠᠷᠭ᠎ᠠ ᠵᠠᠮ ᠢ | ᠲᠣᠳᠣᠷᠬᠠᠶᠢᠯᠠᠨ ᠥᠭᠴᠦ᠂ ᠠᠷᠭ᠎ᠠ ᠬᠡᠮᠵᠢᠶ᠎ᠡ ᠶᠢᠨ ᠭᠠᠷᠳᠠᠴᠠ ᠶᠢ ᠪᠣᠳᠠᠲᠠᠶᠢᠵᠢᠭᠤᠯᠵᠤ᠂ ᠠᠯᠠᠱᠠ ᠶᠢᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠪᠠᠶᠢᠭᠤᠯᠬᠤ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ | ᠴᠢᠳᠠᠯ ᠣᠯᠭᠤᠪᠠ᠃ | | | | | | | | | | ᠬᠤᠷᠠᠯ ᠠᠴᠠ᠂ ᠪᠦᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠤᠯᠠᠮ ᠴᠢᠨᠠᠭᠰᠢᠳᠠ ᠰᠢᠨᠡᠳᠬᠡᠵᠦ᠂ | ᠬᠠᠷᠠᠯᠲᠠ ᠶᠢᠨ ᠣᠷᠣᠨ ᠪᠠᠶᠢᠷᠢ ᠪᠠᠨ ᠣᠨᠣᠪᠴᠢᠲᠠᠶ ᠲᠣᠭᠲᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ | ᠨᠡᠮᠡᠭᠳᠡᠭᠦᠯᠵᠦ᠂ ᠠᠵᠠ ᠲᠣᠬᠢᠶᠠᠯ ᠢ ᠠᠮᠵᠢᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠶᠡᠭᠡ ᠪᠠᠷ ᠠᠵᠢᠯᠯᠠᠵᠤ | ᠲᠦᠷᠭᠡᠨ ᠬᠥᠭᠵᠢᠵᠦ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠢ | ᠲᠠᠯ᠎ᠠ ᠪᠠᠨ ᠴᠢᠩᠭᠠᠳᠬᠠᠵᠤ᠂ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠠᠯᠠᠱᠠ ᠶᠢᠨ | ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠳᠤ ᠬᠦᠴᠦ | ᠣᠷᠣᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠪᠠ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠪᠠ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ | ᠰᠠᠭᠤᠷᠢ ᠲᠠᠯᠪᠢᠵᠤ᠂ ᠳᠠᠪᠠᠭᠤᠯᠢᠭ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ | ᠲᠠᠶᠢᠯᠤᠮᠵᠢ ᠶᠢ ᠸᠢᠳᠢᠤ᠋ ᠬᠡᠯᠪᠡᠷᠢ ᠪᠠᠷ ᠡᠷᠭᠢᠯᠡᠵᠦ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠶ | ᠳᠣᠬᠢᠷᠠᠭᠤᠯᠪᠠ᠃ | | | | | | |