ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
    9 ᠰᠠᠷ᠎ᠠ ᠶᠢᠨ 17 ᠤ ᠡᠳᠦᠷ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠪᠦᠬᠦ ᠠᠶᠢᠮᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠶᠢᠮᠠᠭ ᠤᠨ ᠵᠠᠬᠢᠷᠭᠠᠨ ᠤ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠥᠯ︾ ᠵᠢᠴᠢ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠰᠤᠳᠤᠯᠤᠨ ᠬᠢᠨᠠᠨ ᠵᠦᠪᠯᠡᠪᠡ᠃ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ᠂ ᠵᠠᠬᠢᠷᠭ᠎ᠠ ᠶᠢᠨ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠱᠦᠵᠢ᠂ ᠵᠠᠬᠢᠷᠭ᠎ᠠ ᠶᠢᠨ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠳ᠋ᠦᠸᠧ ᠹᠦ᠋ ᠬᠤᠷᠠᠯ ᠢ ᠡᠷᠭᠢᠯᠡᠭᠰᠡᠨ ᠪᠥᠭᠡᠳ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠦᠷᠨᠢᠬᠦᠯᠬᠦ  ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠣᠯᠣᠨ ᠦᠶᠯᠡ ᠠᠵᠢᠯᠯᠠᠭ᠎ᠠ ᠶᠢᠨ ᠤᠬᠠᠮᠰᠠᠷ ᠢᠶᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠭᠤᠣᠯ ᠰᠡᠳᠦᠪᠲᠦ ᠬᠥᠮᠦᠵᠢᠯ ᠢ ᠤᠬᠠᠭᠠᠯᠠᠨ ᠲᠥᠯᠥᠪᠯᠡᠬᠦ ᠪᠠ ᠰᠠᠶᠢᠲᠤᠷ ᠠᠬᠢᠭᠤᠯᠬᠤ ᠳᠤ ᠣᠷᠣᠯᠴᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠥᠷᠨᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃     ᠬᠤᠷᠠᠯ ᠠᠴᠠ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠪᠣᠳᠠᠲᠠᠢ ᠬᠠᠷᠠᠯᠲᠠ᠂ ᠭᠤᠣᠯᠳᠠᠯᠭ᠎ᠠ  ᠲᠠᠢ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ ᠰᠤᠷᠤᠯᠴᠠᠬᠤ ᠪᠠ ᠲᠡᠩᠴᠡᠭᠦᠯᠬᠦ ᠶᠢ ᠤᠶᠠᠯᠳᠤᠭᠤᠯᠵᠤ᠂ ᠪᠠᠶᠢᠴᠠᠭᠠᠬᠤ ᠪᠠ ᠰᠠᠶᠢᠵᠢᠷᠠᠭᠤᠯᠬᠤ ᠶᠢ ᠲᠤᠤᠱᠯᠠᠭᠤᠯᠤᠨ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠳᠥᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠪᠠᠲᠤᠲᠠᠢ ᠴᠢᠩᠭ᠎ᠠ ᠠᠳᠬᠤᠵᠤ᠂ ᠲᠣᠭᠲᠠᠭᠰᠠᠨ ᠬᠥᠳᠡᠯᠦᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠭᠤᠭᠴᠤᠭ᠎ᠠ ᠡᠯ᠎ᠡ ᠱᠠᠲᠤ ᠳᠠᠪᠬᠤᠷᠭ᠎ᠠ ᠳᠤ ᠣᠷᠣᠰᠢᠵᠤ ᠪᠠᠶᠢᠭ᠎ᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠯᠪᠠᠨ ᠭᠡᠷ ᠤᠨ ᠰᠤᠷᠲᠠᠯ ᠪᠠ ᠳᠦᠷᠰᠦ ᠪᠠᠶᠢᠳᠠᠯ ᠳᠤ ᠢᠯᠡᠳᠲᠡ ᠬᠤᠪᠢᠷᠠᠯᠲᠠ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠬᠤᠯᠠᠴᠢᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠬᠥᠭᠵᠢᠭᠡᠭᠰᠡᠨ ᠠᠵᠢᠯ ᠤᠨ ᠬᠠᠯᠠᠭᠤᠨ ᠰᠡᠳᠬᠢᠯᠭᠡ ᠪᠣᠯᠣᠨ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠦᠨᠡᠨᠬᠦ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号