9 ᠰᠠᠷ᠎ᠠ ᠶᠢᠨ 18 ᠤ ᠡᠳᠦᠷ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ | ᠪᠦᠬᠦ ᠪᠦᠷᠢᠯᠳᠦᠬᠦᠨ ᠨᠢᠬᠡᠴᠡ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ | ᠰᠣᠳᠣᠯᠣᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ | ᠵᠥᠩ ᠽᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | | | | | | | | ᠬᠤᠷᠠᠯ ᠠᠴᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠣᠯ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠵᠠᠩᠭᠢᠯᠠᠭ᠎ᠠ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠠᠵᠢᠯ | ᠲᠥᠷᠥᠯ ᠤᠨ ᠬᠦᠷᠢᠶᠡᠨ ᠳᠠᠬᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃ | ᠬᠤᠷᠠᠯ ᠠᠴᠠ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠠᠶᠤᠯ | ᠲᠦᠭᠰᠢᠭᠦᠷᠢ ᠶᠢ ᠴᠢᠩᠭ᠎ᠠ ᠡᠵᠡᠮᠳᠡᠬᠦ᠂ ᠬᠠᠤᠯᠢ ᠠᠴᠠ ᠵᠦᠷᠢᠴᠡᠭᠰᠡᠳ ᠢ ᠴᠢᠩᠭ᠎ᠠ ᠰᠢᠳᠭᠡᠬᠦ ᠶᠢ ᠪᠠᠷᠢᠮᠲᠠᠯᠠᠵᠤ᠂ | ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠭᠤᠭᠴᠤᠭ᠎ᠠ᠂ | ᠭᠤᠣᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠦᠨ᠂ ︽ᠴᠠᠭᠠᠵᠠ ᠠᠴᠠ ᠵᠥᠷᠢᠴᠡᠭᠰᠡᠨ ᠢ ᠵᠠᠰᠠᠬᠤ᠂ | ᠡᠮ ᠤᠨ ᠳᠣᠳᠠᠭᠤᠳᠠᠯ ᠢ ᠬᠢᠵᠠᠭᠠᠷᠯᠠᠬᠤ᠂ ᠳᠡᠭᠡᠭᠰᠢᠯᠡᠭᠦᠯᠬᠦ ᠶᠢ ᠠᠬᠢᠭᠤᠯᠬᠤ︾ ᠭᠤᠷᠪᠠᠨ ᠵᠢᠯ ᠤᠨ ᠲᠤᠰᠬᠠᠢ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ | ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠠᠰᠠᠭᠤᠳᠠᠯ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠥᠪᠡᠷ ᠤᠨ ᠥᠷᠲᠡᠭ ᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠳ ᠤᠨ ᠬᠦᠴᠦ ᠲᠠᠮᠢᠷ ᠢ | ᠰᠢᠨᠲᠠᠷᠠᠭᠤᠯᠵᠤ᠂ ᠰᠢᠨᠳᠠᠰᠤ ᠶᠢ ᠨᠢ ᠬᠥᠳᠡᠯᠭᠡᠵᠦ᠂ ᠬᠠᠯᠳᠠᠬᠤ ᠵᠣᠷᠢᠭ ᠦᠭᠡᠢ ᠪᠣᠯᠭᠠᠨ᠎ᠠ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠤᠰᠬᠠᠢ | ᠮᠡᠷᠭᠡᠵᠢᠯ ᠤᠨ ᠡᠩᠨᠡᠭᠡ ᠶᠢ ᠪᠠᠶᠢᠭᠤᠯᠤᠨ ᠴᠢᠩᠭᠠᠳᠬᠠᠵᠤ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ | ᠤᠯᠠᠨ ᠲᠦᠮᠡᠨ ᠤ ᠱᠠᠩᠨᠠᠯ ᠲᠠᠢ ᠪᠠᠷ ᠢᠯᠡᠴᠢᠯᠡᠨ ᠮᠡᠳᠡᠭᠦᠯᠬᠦ ᠶᠢ ᠰᠦᠪᠡᠭᠴᠢᠯᠡᠨ ᠬᠡᠷᠡᠭᠵᠢᠭᠦᠯᠵᠦ᠂ ᠠᠷᠠᠳ ᠤᠯᠠᠨ ᠤ | ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠵᠠᠩ ᠰᠢᠶᠣᠣ ᠹᠧᠩ᠂ ᠳ᠋ᠠᠢ ᠵᠢᠶᠦ᠋ᠨ ᠬᠤᠷᠠᠯ ᠳᠤ | ᠣᠷᠣᠯᠴᠠᠪᠠ᠃ | | |