ᠸᠠᠩ ᠯᠢ ᠰᠢᠶᠠ ᠲᠡᠭᠦᠨ ᠤ ᠪᠠᠶᠢᠭ᠎ᠠ ᠨᠠᠮ ᠤᠨ ᠡᠭᠦᠷ ᠤᠨ ᠢᠶᠠᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/9/19
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠵᠥᠪᠯᠡᠯ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ 5 ᠨᠥᠬᠦᠷ ᠬᠤᠶᠢᠨ᠎ᠠ ᠬᠤᠶᠢᠨ᠎ᠠ ᠠᠴᠠ ᠪᠠᠨ ᠬᠠᠷᠭᠤᠭᠤᠯᠤᠭᠰᠠᠨ ᠪᠠᠶᠢᠴᠠᠭᠠᠯᠲᠠ ᠶᠢᠨ ᠦᠭᠡ ᠬᠡᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃    ᠸᠠᠩ ᠯᠢ ᠰᠢᠶᠠ᠂ ᠦᠵᠡᠯ ᠰᠠᠨᠠᠭ᠎ᠠ ᠶᠢ ᠰᠤᠷᠤᠯᠴᠠᠬᠤ ᠪᠣᠯ ᠥᠨᠢᠳᠡ ᠶᠢᠨ ᠰᠡᠳᠦᠪ ᠮᠥᠨ᠂ ᠰᠢᠰᠲ᠋ᠧᠮ ᠲᠠᠢ ᠨᠡᠪᠲᠡᠷᠡᠲᠡᠯ᠎ᠡ ᠰᠤᠷᠤᠯᠴᠠᠵᠤ᠂ ᠪᠦᠭᠦ ᠲᠠᠯ᠎ᠠ ᠳᠤ ᠵᠣᠭᠰᠣᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠦᠵᠡᠯ ᠰᠠᠨᠠᠭᠠᠨ ᠤ ᠨᠡᠭᠡᠯᠡᠭᠡᠢ ᠶᠢ ᠴᠢᠩᠭᠠᠯᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠬᠡᠷᠡᠭᠲᠡᠢ᠃ ᠨᠠᠮᠴᠢ ᠴᠢᠨᠠᠷ ᠢ ᠴᠢᠩᠭᠠᠳᠬᠠᠬᠤ ᠳᠤ ᠡᠷᠬᠡᠪᠰᠢ ᠪᠣᠳᠠᠲᠠᠢ ᠳᠤ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠢᠶᠠᠷ ᠬᠡᠪ ᠳᠠᠭᠤᠷᠢᠶᠠᠯ ᠪᠤᠯᠭᠠᠵᠤ᠂ ᠨᠠᠮ ᠤᠨ ᠭᠡᠰᠢᠭᠦᠨ ᠡᠷᠬᠡᠪᠰᠢ ᠨᠠᠮ ᠢᠶᠠᠨ ᠬᠠᠶᠢᠷᠠᠯᠠᠬᠤ ᠨᠠᠮ ᠳᠠᠭᠠᠨ ᠵᠢᠳᠬᠦᠬᠦ ᠨᠠᠮ ᠤᠨ ᠲᠥᠯᠥᠭᠡ ᠰᠠᠨᠠᠭᠠᠰᠢᠷᠠᠬᠤ ᠶᠢ ᠢᠮᠠᠭᠲᠠ ᠪᠠᠷᠢᠮᠲᠠᠯᠠᠵᠤ᠂ ᠭᠤᠮᠣᠳᠠᠯ ᠭᠡᠮᠰᠢᠯ ᠭᠡᠵᠦ ᠦᠭᠡᠢ᠂ ᠭᠤᠶᠠᠴᠢ ᠦᠭᠡᠢ ᠬᠠᠷᠠᠮᠰᠠᠯ ᠦᠭᠡᠢ ᠪᠠᠶᠢᠬᠤ ᠬᠡᠷᠡᠭᠲᠡᠢ᠃ ᠦᠢᠯᠡᠳᠦᠯᠭᠡ ᠶᠢ ᠴᠢᠬᠤᠯᠠᠴᠢᠯᠠᠬᠤ ᠶᠢᠨ ᠭᠤᠣᠯᠳᠠᠯᠭ᠎ᠠ ᠨᠢ ᠪᠣᠳᠠᠲᠠᠢ ᠠᠵᠢᠯᠯᠠᠬᠤ ᠳᠤ ᠪᠤᠢ᠂ ᠤᠶᠤᠨ ᠴᠢᠳᠠᠯ ᠢᠶᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠦᠢᠯᠡᠳᠦᠯᠭᠡ ᠳᠤ ᠡᠷᠭᠦᠨ ᠵᠢᠳᠬᠦᠵᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢᠨ ᠲᠣᠭᠤᠷᠢᠨ ᠳᠤ᠂ ᠲᠥᠯᠥᠪᠵᠢᠭᠦᠯᠬᠦ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠳ᠋ᠦᠩᠨᠡᠵᠦ ᠰᠢᠷᠭᠠᠭᠠᠨ ᠪᠤᠯᠪᠠᠰᠤᠷᠠᠭᠤᠯᠵᠤ ᠰᠢᠯᠢᠳᠡᠭᠵᠢᠭᠦᠯᠦᠨ ᠳᠡᠭᠡᠭᠰᠢᠯᠡᠭᠦᠯᠭᠦ ᠳᠡᠭᠡᠷ᠎ᠡ ᠬᠦᠴᠦ ᠣᠷᠣᠭᠤᠯᠵᠤ᠂ ᠮᠦᠷᠳᠡᠨ ᠲᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠵᠦ᠂ ᠨᠠᠷᠢᠨ ᠬᠢᠨᠠᠮᠠᠭᠠᠢ ᠲᠠᠯᠪᠢᠯ ᠦᠭᠡᠢ ᠮᠦᠷᠳᠡᠨ ᠭᠦᠢᠴᠡᠳᠬᠡᠯᠭᠡᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠢᠨ᠎ᠡ ᠭᠠᠪᠢᠶ᠎ᠠ ᠪᠠᠶᠢᠭᠤᠯᠬᠤ ᠳᠤ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠳᠠᠭᠢᠨ ᠳᠠᠪᠲᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠨᠠᠭᠠᠴᠢᠯᠠᠭᠠᠲᠤ ᠪᠤᠰᠤ ᠪᠠᠶᠢᠭᠰᠠᠨ ᠠᠴᠠ ᠪᠠᠨ ᠰᠠᠨᠠᠭᠠᠴᠢᠯᠠᠭᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠯᠴᠠᠬᠤ ᠶᠢᠨ ᠳᠠᠭᠠᠤ ᠳᠡᠭᠡᠭᠰᠢᠯᠡᠭᠦᠯᠵᠦ᠂ ᠵᠣᠬᠢᠶᠠᠯ ᠤᠨ ᠰᠤᠷᠲᠠᠯ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠠᠮᠲᠤ ᠨᠡᠶᠢᠲᠡ ᠶᠢᠨ ᠤᠬᠠᠮᠰᠠᠷ᠂ ᠬᠤᠪᠢ ᠨᠡᠮᠡᠷᠢ ᠦᠵᠡᠭᠦᠯᠭᠦ ᠵᠣᠷᠢᠭ ᠰᠠᠨᠠᠭ᠎ᠠ ᠶᠢ ᠴᠢᠩᠭᠠᠳᠬᠠᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号