ᠡᠯ᠎ᠡ ᠬᠤᠪᠢᠶᠠᠷᠢ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠳᠤ᠄ | ︽ᠪᠥᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ ᠣᠷᠴᠢᠨ ᠲᠣᠭᠤᠷᠢᠨ | ᠠᠯᠪᠠᠨ︹2023︺140 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠠᠴᠠ | ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠬᠢᠨᠠᠮᠠᠭᠠᠢ ᠰᠠᠶᠢᠲᠤᠷ ᠬᠢᠭᠡᠷᠡᠢ᠃ | ᠨᠢᠭᠡ᠂ ᠡᠭᠦᠷᠭᠡ ᠬᠠᠷᠠᠯᠲᠠ | ᠨᠢᠭᠡ ᠳᠤ᠂ ᠰᠢᠨ᠎ᠡ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ | ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠢᠨ᠎ᠡ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ | ᠵᠠᠬᠢᠷᠭᠠᠨ ᠤ ᠰᠢᠳᠬᠡᠯ ᠤᠨ ᠬᠠᠤᠯᠢ︾ ᠶᠢ ᠭᠦᠨᠵᠡᠭᠡᠢ ᠰᠤᠷᠤᠯᠴᠠᠵᠤ᠂ ᠮᠠᠨ ᠤ ᠠᠶᠢᠮᠠᠭ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠢᠷᠤᠮᠵᠢᠯ ᠲᠠᠢ ᠬᠠᠤᠯᠢ ᠬᠡᠷᠡᠭᠵᠢᠭᠦᠯᠬᠦ ᠶᠢ ᠤᠯᠠᠮ ᠨᠢᠭᠡ | ᠠᠯᠬᠤᠮ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶᠢ | ᠦᠨᠡᠨᠬᠦ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠬᠤᠶᠠᠷ ᠲᠤ᠂ 2022 ᠣᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠤᠨ ᠲᠤᠷᠰᠢᠯᠭ᠎ᠠ | ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ 2023 ᠣᠨ ᠤ ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ | ᠪᠣᠯᠪᠠᠰᠤᠷᠠᠯ ᠤᠨ ᠠᠵᠢᠯ ᠤᠨ ᠳᠤᠮᠳᠠᠬᠢ ᠴᠢᠬᠤᠯᠠ ᠪᠣᠯᠪᠠᠰᠤᠷᠠᠯ ᠤᠨ ᠲᠥᠷᠥᠯ ᠵᠦᠢᠯ ᠪᠣᠯᠭᠠᠵᠤ᠂ 2023 ᠣᠨ ᠤ | ᠬᠡᠷᠡᠭ ᠤᠨ ᠡᠪᠬᠡᠮᠡᠯ ᠢ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ ᠶᠢ ᠪᠡᠶᠡᠯᠡᠭᠦᠯᠵᠦ᠂ ᠮᠠᠨ ᠤ ᠠᠶᠢᠮᠠᠭ ᠤᠨ | ᠬᠡᠷᠡᠭ ᠤᠨ ᠡᠪᠬᠡᠮᠡᠯ ᠤᠨ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠳᠤ ᠨᠡᠶᠢᠴᠡᠬᠦ᠂ ᠬᠠᠤᠯᠢ ᠠᠴᠠ | ᠵᠥᠷᠢᠴᠡᠭᠰᠡᠨ ᠭᠤᠣᠯ ᠴᠣᠭᠴᠠ ᠲᠣᠳᠣᠷᠬᠠᠢ᠂ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ ᠤᠨ ᠭᠡᠷᠡᠴᠢ ᠪᠠᠷᠢᠮᠲᠠ | ᠲᠣᠳᠣᠷᠬᠠᠢ ᠪᠥᠭᠡᠳ ᠪᠦᠷᠢᠨ ᠪᠦᠲᠦᠨ᠂ ᠬᠠᠤᠯᠢ ᠴᠠᠭᠠᠵᠠ ᠶᠢᠨ ᠬᠡᠷᠡᠭᠯᠡᠯᠲᠡ ᠵᠣᠬᠢᠰᠲᠠᠢ᠂ ᠬᠠᠤᠯᠢ ᠬᠡᠷᠡᠭᠵᠢᠭᠦᠯᠬᠦ | ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠬᠦ᠂ ᠬᠡᠷᠡᠭ ᠤᠨ ᠡᠪᠬᠡᠮᠡᠯ ᠢ ᠵᠢᠷᠤᠮᠵᠢᠯ ᠲᠠᠢ ᠬᠢᠬᠦ ᠶᠢ ᠪᠠᠲᠤᠯᠠᠵᠤ᠂ ᠪᠥᠬᠦ | ᠠᠶᠢᠮᠠᠭ ᠤᠨ ᠬᠡᠷᠡᠭ ᠤᠨ ᠡᠪᠬᠡᠮᠡᠯ ᠢ ᠵᠣᠬᠢᠶᠠᠬᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠪᠠ ᠲᠣᠰ ᠬᠠᠷᠢᠶ᠎ᠠ ᠣᠷᠣᠨ ᠤ ᠬᠠᠤᠯᠢ ᠬᠡᠷᠡᠭᠵᠢᠭᠦᠯᠦᠯᠲᠡ ᠶᠢ | ᠪᠠᠶᠢᠴᠠᠭᠠᠬᠤ ᠪᠠ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠳᠤ ᠣᠷᠣᠯᠴᠠᠬᠤ ᠪᠠᠷ ᠳᠡᠮᠵᠢᠨ᠂ ᠨᠢᠭᠡ | ᠪᠦᠯᠦᠭ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯ | ᠬᠦᠴᠦᠨ ᠢ ᠬᠥᠮᠥᠵᠢᠭᠦᠯᠵᠦ᠂ ᠲᠤᠬᠠᠶᠢᠯᠠᠭᠰᠠᠨ ᠠᠵᠢᠯ ᠤᠨ ᠭᠤᠣᠯ ᠬᠦᠴᠦᠨ ᠤ ᠬᠥᠲᠥᠯᠥᠨ ᠳᠠᠭᠠᠭᠤᠯᠬᠤ | ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠠᠶᠢᠮᠠᠭ ᠤᠨ 2023 ᠣᠨ ᠤ ᠠᠮᠢ ᠠᠬᠤᠢ ᠶᠢᠨ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠪᠣᠯᠪᠠᠰᠤᠷᠠᠯ ᠤᠨ ᠠᠵᠢᠯᠯᠠᠭ᠎ᠠ ᠳᠠᠬᠢ ᠬᠡᠷᠡᠭ ᠤᠨ ᠶᠠᠰᠤ | ᠴᠢᠨᠠᠷ ᠤᠨ ᠭᠠᠭᠴᠠ ᠵᠦᠢᠯ ᠳᠤ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ᠃ | ᠬᠤᠶᠠᠷ᠂ ᠠᠵᠢᠯᠯᠠᠭ᠎ᠠ ᠶᠢᠨ ᠬᠡᠪᠴᠢᠶ᠎ᠡ | ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠨᠢ 2023 ᠣᠨ ᠤ ᠪᠥᠬᠦ ᠵᠢᠯ ᠳᠤ | ᠲᠤᠤᠱᠯᠠᠭᠳᠠᠵᠤ᠂ ᠠᠵᠢᠯᠯᠠᠭ᠎ᠠ ᠶᠢᠨ ᠡᠲᠡᠭᠡᠳ ᠨᠢ ᠠᠯᠠᠱᠠ ᠠᠶᠢᠮᠠᠭ ᠤᠨ ᠬᠠᠷᠢᠶ᠎ᠠ ᠣᠷᠣᠨ ᠳᠠᠬᠢ ᠪᠣᠶ ᠪᠦᠬᠦᠢ ᠠᠮᠢ | ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠲᠠᠢ ᠬᠠᠤᠯᠢ ᠬᠡᠷᠡᠭᠵᠢᠭᠦᠯᠦᠭᠴᠢ ᠶᠢ ᠬᠠᠮᠤᠷᠴᠤ᠂ ᠬᠡᠷᠡᠭ ᠤᠨ ᠡᠪᠬᠡᠮᠡᠯ ᠨᠢ 2023 ᠣᠨ ᠤ | ᠪᠣᠶ ᠪᠦᠬᠦᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠬᠠᠮᠤᠷᠪᠠ᠃ | ᠭᠤᠷᠪᠠ᠂ ᠠᠵᠢᠯᠯᠠᠭ᠎ᠠ ᠶᠢᠨ ᠠᠭᠤᠯᠭ᠎ᠠ | ︵ᠨᠢᠭᠡ︶ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ | ᠠᠵᠢᠯᠯᠠᠭ᠎ᠠ ᠶᠢ ᠥᠷᠨᠢᠭᠦᠯᠦᠨ᠎ᠡ | ᠵᠢᠷᠭᠤᠳᠤᠭᠠᠷ ᠰᠠᠷ᠎ᠠ ᠠᠴᠠ ᠡᠬᠢᠯᠡᠨ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ | ᠲᠠᠰᠤᠭ ᠤᠨ ᠬᠢᠨ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ | ᠠᠵᠢᠯᠯᠠᠭ᠎ᠠ ᠶᠢ ᠰᠠᠷ᠎ᠠ ᠪᠦᠷᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠨᠠᠷᠢᠨ ᠳᠦᠷᠢᠮ ︵ | ᠵᠠᠰᠠᠪᠤᠷᠢ ᠣᠷᠣᠭᠤᠯᠤᠭᠰᠠᠨ ᠬᠡᠪᠯᠡᠯ︶︾ ᠲᠠᠢ ᠴᠢᠩᠭ᠎ᠠ ᠬᠠᠷᠢᠴᠠᠭᠤᠯᠤᠨ᠂ 2023 ᠣᠨ ᠳᠤ ᠨᠢᠭᠡᠨᠲᠡ | ᠪᠠᠭᠤᠯᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠳᠤ ᠥᠪᠡᠷ ᠤᠨ ᠪᠠᠶᠢᠴᠠᠭᠠᠯᠲᠠ | ᠥᠷᠨᠢᠭᠦᠯᠵᠦ᠂ ᠬᠡᠷᠡᠭ ᠤᠨ ᠡᠪᠬᠡᠮᠡᠯ ᠳᠤ ᠣᠷᠣᠰᠢᠵᠤ ᠪᠠᠶᠢᠭ᠎ᠠ ᠠᠰᠠᠭᠤᠳᠠᠯ ᠢ ᠬᠠᠮᠤᠭ ᠤᠨ ᠲᠡᠷᠢᠭᠦᠨ ᠳᠤ | ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠲᠣᠰ ᠰᠠᠷ᠎ᠠ ᠶᠢᠨ 25 ᠤ ᠡᠳᠦᠷ ᠠᠴᠠ | ᠡᠮᠦᠨ᠎ᠡ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠭᠤᠯᠤᠨ᠎ᠠ᠃ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ | ᠲᠤᠬᠠᠶᠢᠯᠠᠭᠰᠠᠨ ᠠᠵᠢᠯ ᠤᠨ ᠭᠤᠣᠯ ᠬᠦᠴᠦᠨ ᠢ ᠵᠣᠬᠢᠶᠠᠨ ᠪᠠᠶᠢᠭᠤᠯᠵᠤ ᠮᠡᠳᠡᠭᠦᠯᠦᠨ ᠬᠦᠷᠭᠡᠭᠰᠡᠨ ᠬᠡᠷᠡᠭ ᠤᠨ | ᠡᠪᠬᠡᠮᠡᠯ ᠳᠤ ᠳᠠᠬᠢᠨ ᠦᠨᠡᠯᠡᠯᠲᠡ ᠬᠢᠵᠦ᠂ ᠳᠠᠬᠢᠨ ᠦᠨᠡᠯᠡᠭᠰᠡᠨ ᠤ ᠳᠠᠷᠠᠭ᠎ᠠ ᠲᠣᠰ ᠰᠠᠷ᠎ᠠ ᠶᠢᠨ 30 ᠤ ᠡᠳᠦᠷ ᠠᠴᠠ | ᠡᠮᠦᠨ᠎ᠡ ᠳᠠᠬᠢᠨ ᠦᠨᠡᠯᠡᠭᠰᠡᠨ ᠦᠷ᠎ᠡ ᠳ᠋ᠦᠩ ᠢᠶᠠᠨ ᠬᠤᠯᠪᠣᠭᠳᠠᠯ ᠪᠦᠬᠦᠢ ᠬᠤᠰᠢᠭᠤ ᠣᠷᠣᠨ᠂ ᠰᠠᠯᠠᠭ᠎ᠠ ᠲᠠᠰᠤᠭ ᠲᠤ | ᠬᠠᠷᠢᠭᠤ ᠲᠤᠰᠬᠠᠵᠤ ᠳᠠᠬᠢᠨ ᠨᠢᠭᠡ ᠤᠳᠠᠭ᠎ᠠ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ | ᠳᠠᠭᠤᠰᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠦᠨᠳᠦᠰᠦᠯᠡᠨ ᠥᠪᠡᠷᠲᠡᠭᠡᠨ | ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ | ᠬᠠᠮᠤᠷᠬᠤ︾ ᠦᠨᠡᠯᠡᠨ ᠪᠠᠶᠢᠴᠠᠭᠠᠬᠤ ᠳᠤ ᠨᠢᠭᠡᠳᠦᠯᠲᠡᠢ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ | ᠡᠴᠦᠰ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ | ᠠᠩᠭᠢ ᠶᠢᠨ ᠡᠯ᠎ᠡ ᠰᠠᠯᠠᠭ᠎ᠠ ᠲᠠᠰᠤᠭ ᠲᠤ ᠡᠴᠦᠰ ᠤᠨ ᠴᠡᠭᠴᠡᠯᠡᠨ ᠵᠠᠰᠠᠯᠲᠠ ᠬᠢᠵᠦ᠂ ᠴᠡᠭᠴᠡᠯᠡᠨ ᠰᠠᠶᠢᠵᠢᠷᠠᠭᠤᠯᠵᠤ | ᠳᠠᠭᠤᠰᠤᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠬᠠᠮᠢᠶ᠎ᠠ ᠪᠦᠬᠦᠢ ᠭᠡᠷᠡᠴᠢᠯᠡᠬᠦ | ᠮᠠᠲ᠋ᠧᠷᠢᠶᠠᠯ ᠢ ᠳᠠᠷᠠᠭ᠎ᠠ ᠰᠠᠷ᠎ᠠ ᠶᠢᠨ 25 ᠤ ᠡᠳᠦᠷ ᠠᠴᠠ ᠡᠮᠦᠨ᠎ᠡ ᠳᠠᠷᠠᠭ᠎ᠠ ᠰᠠᠷ᠎ᠠ ᠶᠢᠨ ᠦᠨᠡᠯᠡᠨ ᠪᠠᠶᠢᠴᠠᠭᠠᠭᠰᠠᠨ | ᠬᠡᠷᠡᠭ ᠤᠨ ᠡᠪᠬᠡᠮᠡᠯ ᠲᠠᠢ ᠬᠠᠮᠲᠤ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠬᠠᠷᠢᠯᠴᠠᠬᠤ ᠬᠥᠮᠥᠨ ᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ︵ᠬᠤᠶᠠᠷ︶ ᠦᠨᠡᠯᠡᠨ ᠪᠠᠶᠢᠴᠠᠭᠠᠬᠤ ᠭᠤᠣᠯᠯᠠᠭᠴᠢ ᠶᠢ ᠬᠥᠮᠥᠵᠢᠭᠦᠯᠬᠦ ᠠᠵᠢᠯᠯᠠᠭ᠎ᠠ ᠶᠢ ᠦᠷᠨᠢᠬᠦᠯᠦᠨ᠎ᠡ | ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠬᠢᠨ 40 ᠨᠠᠰᠤᠨ ᠠᠴᠠ ᠳᠣᠷᠣᠭᠰᠢᠬᠢ᠂ ᠬᠡᠷᠡᠭ ᠢ | ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠰᠢᠳᠬᠡᠯ ᠥᠭᠬᠦ ᠲᠤᠬᠠᠶᠢᠯᠠᠭᠰᠠᠨ ᠠᠵᠢᠯ ᠢ ᠰᠠᠶᠢᠨ ᠮᠡᠳᠡᠳᠡᠭ | ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠭᠤᠣᠯᠳᠠᠯᠭ᠎ᠠ ᠲᠠᠢ ᠬᠥᠮᠥᠵᠢᠭᠦᠯᠬᠦ | ᠡᠲᠡᠭᠡᠳ ᠢᠶᠠᠨ ᠪᠣᠯᠭᠠᠵᠤ᠂ ︽ᠠᠬᠠᠮᠠᠳ ᠢᠶᠠᠷ ᠰᠢᠨ᠎ᠡ ᠶᠢ ᠳᠠᠶᠢᠴᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ︽ᠠᠬᠠᠮᠠᠳ ᠬᠠᠤᠯᠢ ᠭᠡᠷᠡᠭᠵᠢᠬᠦᠯᠦᠭᠴᠢ︾ ᠶᠢ ᠨᠠᠷᠢᠨ ᠨᠢᠮᠪᠠᠢ | ᠰᠣᠩᠭᠤᠨ ᠵᠢᠯᠣᠭᠤᠳᠤᠭᠴᠢ ᠪᠠᠭᠰᠢ ᠪᠣᠯᠭᠠᠬᠤ ᠬᠡᠷᠡᠭᠲᠡᠢ᠃ | ︽ᠨᠢᠭᠡ ᠳᠤ ᠨᠢᠭᠡ︾ ᠵᠢᠭᠠᠨ ᠵᠢᠯᠤᠭᠤᠳᠴᠤ ᠬᠥᠮᠥᠵᠢᠭᠦᠯᠬᠦ ᠡᠲᠡᠭᠡᠳ ᠲᠤ᠂ ᠪᠣᠯᠪᠠᠰᠤᠷᠠᠭᠤᠯᠤᠯ ᠤᠨ ᠡᠬᠢ | ᠪᠠᠶᠠᠯᠢᠭ ᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠲᠣᠮᠢᠯᠠᠵᠤ | ᠭᠠᠳᠠᠭᠰᠢ ᠰᠣᠷᠣᠯᠴᠠᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ | ᠲᠤᠬᠠᠶᠢᠯᠠᠭᠰᠠᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠨ᠂ ᠬᠠᠷᠠᠭ᠎ᠠ ᠪᠠᠨ | ᠥᠷᠭᠡᠳᠬᠡᠵᠦ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠤᠬᠠᠮᠰᠠᠷ ᠢᠶᠠᠨ | ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠵᠦ᠂ ᠰᠢᠳᠬᠡᠨ ᠲᠣᠷᠭᠠᠬᠤ | ᠠᠵᠢᠯ ᠤᠨ ᠰᠤᠳᠤᠯᠤᠨ ᠶᠠᠷᠢᠯᠴᠠᠬᠤ ᠪᠦᠯᠬᠦᠮ ᠢ ᠪᠠᠶᠢᠭᠤᠯᠵᠤ᠂ ᠪᠦᠯᠬᠦᠮ ᠤᠨ ᠳᠣᠲᠣᠷ᠎ᠠ ᠪᠠᠨ ᠠᠰᠠᠭᠤᠯᠲᠠ | ᠳᠤᠷᠠᠳᠬᠤ᠂ ᠬᠠᠷᠢᠭᠤᠯᠲᠠ ᠥᠭᠬᠦ᠂ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠬᠠᠷᠢᠯᠴᠠᠨ ᠬᠠᠪᠰᠤᠷᠴᠤ | ᠬᠠᠮᠲᠤᠪᠠᠷ ᠳᠠᠪᠰᠢᠨ᠎ᠠ᠃ ᠦᠢᠯᠡᠳᠦᠯᠭᠡ ᠪᠠᠷ ᠳᠠᠪᠲᠠᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠳᠠᠭᠠᠨ | ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠵᠤ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠨ᠎ᠠ᠃ ᠡᠯ᠎ᠡ | ᠬᠤᠪᠢᠶᠠᠷᠢ ᠲᠣᠪᠴᠢᠶ᠎ᠠ ᠨᠢ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠢ | ᠠᠳᠠᠭ ᠲᠠᠭᠠᠨ 1 ᠬᠥᠮᠥᠵᠢᠭᠦᠯᠵᠦ᠂ ᠰᠠᠯᠪᠤᠷᠢ ᠠᠩᠭᠢ ᠨᠢ ᠠᠳᠠᠭ ᠲᠠᠭᠠᠨ 3 ᠠᠴᠠ ᠳᠡᠭᠡᠭᠰᠢ ᠬᠡᠷᠡᠭ ᠤᠨ ᠦᠨᠡᠯᠡᠨ | ᠪᠠᠶᠢᠴᠠᠭᠠᠭᠴᠢ ᠶᠢ ᠬᠥᠮᠥᠵᠢᠭᠦᠯᠵᠦ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯ ᠬᠦᠴᠦᠨ ᠢ ᠪᠥᠬᠦ | ᠣᠷᠣᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠲᠠᠨ ᠤ ᠬᠥᠮᠥᠷᠭᠡ ᠳᠤ ᠰᠣᠩᠭᠤᠨ ᠣᠷᠣᠭᠤᠯᠤᠨ᠎ᠠ᠃ | ︵ᠭᠤᠷᠪᠠ︶ ᠠᠰᠠᠭᠤᠳᠠᠯ ᠲᠠᠢ ᠬᠡᠷᠡᠭ ᠤᠨ ᠡᠪᠬᠡᠮᠡᠯ ᠢ ᠦᠨᠡᠯᠡᠨ ᠵᠢᠱᠢᠬᠦ ᠠᠵᠢᠯᠯᠠᠭ᠎ᠠ ᠶᠢ ᠥᠷᠨᠢᠭᠦᠯᠦᠨ᠎ᠡ | ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠠᠶᠢᠮᠠᠭ ᠤᠨ ᠱᠠᠲᠤᠨ ᠳᠤ ᠳᠠᠬᠢᠨ ᠦᠨᠡᠯᠡᠬᠦ ᠠᠵᠢᠯ ᠤᠨ | ᠳᠤᠮᠳᠠ᠂ ︽ᠲᠠᠶᠢᠯᠪᠤᠷᠢᠯᠠᠬᠤ + ᠠᠰᠠᠭᠤᠬᠤ + ᠦᠨᠡᠯᠡᠬᠦ︾ ᠠᠷᠭ᠎ᠠ ᠮᠠᠶ᠋ᠢᠭ ᠢ ᠠᠪᠴᠤ ᠠᠰᠠᠭᠤᠳᠠᠯ ᠤᠨ | ᠬᠡᠷᠡᠭ ᠤᠨ ᠡᠪᠬᠡᠮᠡᠯ ᠢ ᠦᠨᠡᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠬᠡᠷᠡᠭ ᠢ ᠳᠠᠭᠠᠭᠠᠨ ᠰᠢᠳᠬᠡᠭᠰᠡᠨ ᠠᠵᠢᠯᠲᠠᠨ | ᠳᠡᠭᠡᠷ᠎ᠡ ᠰᠠᠷ᠎ᠠ ᠶᠢᠨ ᠠᠰᠠᠭᠤᠳᠠᠯ ᠤᠨ ᠳᠠᠩᠰᠠ ᠡᠪᠬᠡᠮᠡᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠭᠦᠨ ᠤ ᠬᠠᠮᠲᠤ ᠬᠡᠷᠡᠭ ᠢ ᠰᠢᠢᠳᠪᠦᠷᠢᠯᠡᠬᠦ ᠶᠠᠪᠤᠴᠠ ᠪᠠ | ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠵᠢᠱᠢᠶ᠎ᠡ᠂ ᠬᠦᠴᠢᠷ ᠲᠦᠪᠡᠭᠲᠡᠢ᠂ | ᠪᠤᠳᠤᠯᠢᠶᠠᠨᠲᠠᠢ ᠠᠰᠠᠭᠤᠳᠠᠯ ᠢ ᠶᠠᠷᠢᠯᠴᠠᠵᠤ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠢᠶᠠᠷ ᠪᠦᠷᠢᠯᠳᠦᠭᠰᠡᠨ ᠳᠠᠬᠢᠨ ᠬᠢᠨᠠᠬᠤ ᠳᠤᠭᠤᠶᠢᠯᠠᠩ ᠤᠨ ᠬᠢᠨ ᠠᠰᠠᠭᠤᠳᠠᠯ ᠢ ᠶᠠᠷᠢᠯᠴᠠᠨ ᠮᠠᠳᠠᠭ ᠲᠠᠢ | ᠠᠰᠠᠭᠤᠳᠠᠯ ᠢ ᠬᠠᠷᠢᠭᠤᠯᠵᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠠᠷᠭ᠎ᠠ ᠦᠭᠡᠢ ᠬᠡᠰᠡᠭ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠤᠯᠪᠣᠭ᠎ᠠ᠂ | 2023 ᠣᠨ ᠤ ᠪᠥᠬᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠢᠳᠬᠡᠯ ᠤᠨ ᠬᠤᠯᠪᠣᠭ᠎ᠠ | ᠳᠣᠲᠣᠷᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠬᠠᠤᠯᠢᠴᠢ ᠠᠴᠠ ᠠᠰᠠᠭᠤᠨ ᠯᠠᠪᠯᠠᠵᠤ᠂ ᠨᠡᠶᠢᠲᠡᠯᠢᠭ ᠵᠢᠱᠢᠶ᠎ᠡ᠂ | ᠮᠠᠳᠠᠭ ᠲᠠᠢ᠂ ᠪᠤᠳᠤᠯᠢᠶᠠᠨᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ | ︵ᠳᠥᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ | ᠡᠳᠦᠷ ᠤᠨ ᠠᠵᠢᠯᠯᠠᠭ᠎ᠠ ᠦᠷᠨᠢᠬᠦᠯᠦᠨ᠎ᠡ | ᠰᠠᠷ᠎ᠠ ᠪᠦᠷᠢ ᠶᠢᠨ ᠨᠢᠭᠡᠳᠦᠭᠡᠷ ᠭᠠᠷᠠᠭ ᠤᠨ ᠭᠠᠷᠠᠭ ᠤᠨ ᠬᠤᠶᠠᠷ ᠢ ᠣᠷᠴᠢᠨ ᠲᠣᠭᠤᠷᠢᠨ ᠢ ᠬᠠᠮᠠᠭᠠᠯᠠᠬᠤ ᠬᠠᠤᠯᠢ | ᠴᠠᠭᠠᠵᠠ ᠶᠢᠨ ᠰᠤᠷᠤᠯᠴᠠᠬᠤ ᠡᠳᠦᠷ ᠢᠶᠠᠷ ᠲᠣᠭᠲᠠᠭᠠᠵᠤ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠨᠤᠭᠤᠳ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠡᠳᠦᠷ ᠲᠤ ᠬᠠᠤᠯᠢ | ᠬᠡᠷᠡᠭᠵᠢᠭᠦᠯᠬᠦ ᠠᠵᠢᠯᠲᠠᠨ ᠢ ᠨᠢᠭᠡᠳᠦᠯᠲᠡᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠵᠤ᠂ ᠣᠶᠢᠷ᠎ᠠ ᠶᠢᠨ | ᠬᠤᠭᠤᠴᠠᠭᠠᠨ ᠳᠤ ᠳᠠᠷᠤᠮᠠᠯᠯᠠᠨ ᠲᠠᠷᠬᠠᠭᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ︾ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ | ᠰᠢᠳᠬᠡᠯ ᠤᠨ ᠬᠠᠤᠯᠢ︾ ︽ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ | ᠵᠢᠯᠣᠭᠤᠳᠣᠯᠭ᠎ᠠ︾ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠨᠠᠷᠢᠨ ᠳᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ | ᠵᠡᠷᠭᠡ ᠳᠤ ᠴᠢᠭᠯᠡᠭᠦᠯᠦᠨ ᠭᠦᠨᠵᠡᠭᠡᠢ ᠰᠤᠷᠤᠯᠴᠠᠬᠤ ᠬᠡᠷᠡᠭᠲᠡᠢ᠃ ᠡᠯ᠎ᠡ ᠬᠤᠪᠢᠶᠠᠷᠢ ᠲᠣᠪᠴᠢᠶ᠎ᠠ ᠪᠣᠯᠣᠨ ᠰᠠᠯᠪᠤᠷᠢ | ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠲᠤᠰᠬᠠᠢ ᠬᠥᠮᠥᠨ ᠲᠣᠬᠢᠷᠠᠭᠤᠯᠤᠨ ᠳᠡᠭᠡᠷ᠎ᠡ ᠳᠤᠷᠠᠳᠤᠭᠰᠠᠨ ᠬᠠᠤᠯᠢ | ᠴᠠᠭᠠᠵᠠ ᠶᠢᠨ ᠨᠠᠷᠢᠨ ᠳᠦᠷᠢᠮ ᠢ ᠤᠷᠢᠳᠴᠢᠯᠠᠨ ᠰᠤᠷᠤᠯᠴᠠᠭᠤᠯᠵᠤ᠂ ᠤᠷᠢᠳᠴᠢᠯᠠᠨ ᠬᠢᠴᠢᠶᠡᠯ ᠪᠡᠯᠡᠳᠬᠡᠵᠦ᠂ | ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠡᠳᠦᠷ ᠲᠤ ᠬᠠᠤᠯᠢ | ᠬᠡᠷᠡᠭᠵᠢᠭᠦᠯᠬᠦ ᠠᠵᠢᠯᠲᠠᠨ ᠳᠤ ᠬᠢᠴᠢᠶᠡᠯ ᠵᠢᠭᠠᠵᠤ᠂ ᠬᠢᠴᠢᠶᠡᠯ ᠪᠡᠯᠡᠳᠬᠡᠬᠦ᠂ ᠬᠢᠴᠢᠶᠡᠯ ᠵᠢᠭᠠᠬᠤ ᠶᠠᠪᠤᠴᠠ ᠪᠠᠷ | ᠳᠠᠮᠵᠢᠭᠤᠯᠤᠨ ᠬᠢᠴᠢᠶᠡᠯ ᠵᠢᠭᠠᠬᠤ ᠠᠵᠢᠯᠲᠠᠨ ᠤ ᠲᠣᠰ ᠪᠡᠶ᠎ᠡ ᠶᠢᠨ ᠣᠨᠣᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠬᠠᠮᠲᠤ ᠬᠢᠴᠢᠶᠡᠯ ᠵᠢᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠶ ᠪᠦᠬᠦᠢ ᠬᠠᠤᠯᠢ | ᠬᠡᠷᠡᠭᠵᠢᠭᠦᠯᠬᠦ ᠠᠵᠢᠯᠲᠠᠨ ᠢ ᠬᠢᠴᠢᠶᠡᠯ ᠰᠣᠨᠣᠰᠬᠤ ᠶᠠᠪᠤᠴᠠ ᠳᠤ ᠲᠥᠪᠯᠡᠷᠡᠭᠦᠯᠵᠦ᠂ ᠨᠠᠷᠢᠨ ᠬᠢᠨᠠᠮᠠᠭᠠᠢ ᠰᠤᠷᠤᠯᠴᠠᠵᠤ᠂ | ᠣᠨᠣᠯ ᠤᠨ ᠰᠠᠭᠤᠷᠢ ᠶᠢ ᠪᠠᠲᠤᠳᠬᠠᠨ᠎ᠠ᠃ | ︵ᠲᠠᠪᠤ︶ ᠲᠤᠰᠬᠠᠢ ᠵᠦᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠬᠦᠯᠦᠨ᠎ᠡ | ᠬᠠᠤᠯᠢ ᠬᠡᠷᠡᠭᠵᠢᠭᠦᠯᠬᠦ ᠪᠣᠯᠪᠠᠰᠤᠷᠠᠯ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠵᠢᠯ ᠢ ᠥᠷᠨᠢᠭᠦᠯᠵᠦ᠂ ᠰᠢᠨ᠎ᠡ ︽ | ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾᠂ ᠬᠠᠤᠯᠢ ᠬᠡᠷᠡᠭᠵᠢᠭᠦᠯᠬᠦ | ᠬᠡᠷᠡᠭ ᠢ ᠰᠢᠢᠳᠪᠦᠷᠢᠯᠡᠬᠦ ᠪᠠ ᠬᠡᠷᠡᠭ ᠤᠨ ᠡᠪᠬᠡᠮᠡᠯ ᠵᠣᠬᠢᠶᠠᠬᠤ ᠶᠢ ᠭᠤᠣᠯᠳᠠᠯᠭ᠎ᠠ ᠲᠠᠢ ᠪᠣᠯᠪᠠᠰᠤᠷᠠᠭᠤᠯᠤᠯ ᠤᠨ | ᠠᠭᠤᠯᠭ᠎ᠠ ᠪᠣᠯᠭᠠᠵᠤ᠂ ᠲᠤᠰᠬᠠᠢ ᠮᠡᠷᠭᠡᠵᠢᠯᠲᠡᠨ ᠢ ᠤᠷᠢᠵᠤ ᠬᠠᠮᠢᠶ᠎ᠠ ᠪᠦᠬᠦᠢ ᠠᠭᠤᠯᠭ᠎ᠠ ᠳᠤ ᠬᠢᠴᠢᠶᠡᠯ ᠵᠢᠭᠠᠵᠤ᠂ | ᠲᠤᠰᠬᠠᠢ ᠮᠡᠷᠭᠡᠵᠢᠯᠲᠡᠨ ᠤ ᠬᠢᠴᠢᠶᠡᠯ ᠵᠢᠭᠠᠬᠤ ᠰᠢᠨ᠎ᠡ ᠮᠡᠳᠡᠯᠭᠡ᠂ ᠰᠢᠨ᠎ᠡ ᠣᠨᠣᠯᠵᠢᠬᠤᠨ ᠪᠠ ᠰᠢᠨ᠎ᠡ ᠱᠠᠭᠠᠷᠳᠠᠯᠭ᠎ᠠ ᠶᠢ | ᠲᠠᠰᠤᠷᠠᠯᠲᠠ ᠦᠭᠡᠢ ᠰᠤᠷᠤᠯᠴᠠᠵᠤ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ ᠪᠠᠷ ᠰᠤᠷᠤᠯᠴᠠᠯᠭ᠎ᠠ ᠶᠢ ᠠᠬᠢᠭᠤᠯᠬᠤ᠂ | ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ ᠪᠡᠶᠡᠯᠡᠭᠦᠯᠦᠨ᠂ ᠰᠤᠷᠤᠯᠴᠠᠯᠭ᠎ᠠ ᠶᠢᠨ ᠴᠢᠭᠯᠡᠯᠲᠦ ᠴᠢᠨᠠᠷ ᠪᠠ | ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠪᠣᠯᠪᠠᠰᠤᠷᠠᠭᠤᠯᠤᠯ ᠤᠨ ᠠᠭᠤᠯᠭ᠎ᠠ ᠶᠢ ᠡᠳᠦᠷ ᠲᠤᠲᠤᠮ ᠤᠨ | ᠬᠡᠷᠡᠭ ᠰᠢᠢᠳᠪᠦᠷᠢᠯᠡᠬᠦ ᠶᠠᠪᠤᠴᠠ ᠳᠤ ᠦᠨᠡᠨ ᠬᠦ ᠬᠡᠷᠡᠭᠯᠡᠬᠦ ᠬᠡᠷᠡᠭᠲᠡᠢ᠃ | ︵ᠵᠢᠷᠭᠤᠭ᠎ᠠ︶ ᠬᠡᠷᠡᠭ ᠤᠨ ᠡᠪᠬᠡᠮᠡᠯ ᠵᠣᠬᠢᠶᠠᠬᠤ ᠤᠷᠤᠯᠳᠤᠭᠠᠨ ᠢ ᠦᠷᠨᠢᠬᠦᠯᠦᠨ᠎ᠡ | ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠮᠥᠷᠦ᠋ᠢᠴᠡᠭᠡᠨ ᠲᠠᠢ ᠤᠶᠠᠯᠳᠤᠭᠤᠯᠤᠨ᠂ ᠬᠡᠷᠡᠭ ᠤᠨ | ᠡᠪᠬᠡᠮᠡᠯ ᠵᠣᠬᠢᠶᠠᠬᠤ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠭᠤᠷᠢᠶᠠᠮᠠᠯ ᠭᠡᠷᠡᠭ᠂ ᠪᠠᠶᠢᠴᠠᠭᠠᠵᠤ | ᠭᠡᠷᠡᠴᠢ ᠠᠪᠬᠤ ᠠᠴᠠ ᠬᠡᠷᠡᠭ ᠢ ᠳᠠᠭᠤᠰᠬᠠᠬᠤ ᠪᠦᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ | ᠬᠡᠷᠡᠭᠵᠢᠭᠦᠯᠬᠦ ᠵᠢᠷᠤᠮᠵᠢᠯᠳᠤ ᠴᠢᠨᠠᠷ᠂ ᠪᠠᠶᠢᠴᠠᠭᠠᠵᠤ ᠭᠡᠷᠡᠴᠢ ᠠᠪᠬᠤ ᠴᠢᠳᠠᠪᠤᠷᠢ᠂ ᠪᠢᠴᠢᠭ ᠬᠠᠷ᠎ᠠ ᠵᠣᠬᠢᠶᠠᠬᠤ ᠬᠢᠷᠢ | ᠬᠡᠮᠵᠢᠶ᠎ᠡ᠂ ᠬᠡᠷᠡᠭ ᠤᠨ ᠡᠪᠬᠡᠮᠡᠯ ᠤᠨ ᠴᠠᠭ ᠤᠨ ᠬᠢᠵᠠᠭᠠᠷ ᠢ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠰᠢᠨᠵᠢᠯᠡᠨ | ᠪᠠᠶᠢᠴᠠᠭᠠᠵᠤ᠂ ᠬᠠᠤᠯᠢ ᠬᠡᠷᠡᠭᠵᠢᠭᠦᠯᠬᠦ ᠪᠠ ᠬᠡᠷᠡᠭ ᠤᠨ ᠡᠪᠬᠡᠮᠡᠯ ᠢ ᠵᠣᠬᠢᠶᠠᠬᠤ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠴᠠᠭ ᠲᠤᠬᠠᠢ ᠳᠤᠨᠢ | ᠵᠠᠯᠠᠷᠠᠭᠤᠯᠵᠤ᠂ ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ | ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠡᠷᠡᠭ ᠤᠨ ᠡᠪᠬᠡᠮᠡᠯ ᠢ ᠭᠦᠢᠴᠡᠳᠬᠡᠬᠦ | ᠪᠠ ᠬᠡᠷᠡᠭ ᠤᠨ ᠡᠪᠬᠡᠮᠡᠯ ᠢ ᠵᠣᠬᠢᠶᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠳᠥᠷᠪᠡ᠂ ᠪᠤᠰᠤᠳ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ | ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠤᠯᠢ ᠳᠦᠷᠢᠮ ᠪᠣᠯᠣᠨ ᠬᠠᠤᠯᠢ ᠬᠡᠷᠡᠭᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠮᠠᠩᠯᠠᠶᠢᠯᠠᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ | ᠣᠷᠣᠯᠴᠠᠵᠤ᠂ ᠥᠪᠡᠷ ᠢ ᠪᠠᠨ ᠦᠨᠡᠯᠡᠵᠦ ᠥᠪᠡᠷ ᠢ ᠪᠠᠨ ᠵᠠᠯᠠᠷᠠᠭᠤᠯᠬᠤ ᠠᠵᠢᠯ ᠤᠨ ᠠᠬᠢᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠴᠤ᠂ ᠬᠠᠷᠢᠶᠠᠲᠤ ᠣᠷᠣᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ | ᠶᠣᠰᠣᠴᠢ ᠴᠢᠨᠠᠷ᠂ ᠳᠦᠷᠢᠮ ᠳᠤ ᠨᠡᠶᠢᠴᠡᠬᠦ ᠴᠢᠨᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠶᠢ | ᠰᠤᠳᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠨ᠂ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰ ᠳᠠᠷᠠᠭᠠᠯᠠᠯ ᠢ ᠰᠢᠯᠤᠭᠤᠳᠬᠠᠵᠤ᠂ ᠦᠨᠡᠯᠡᠨ ᠪᠠᠶᠢᠴᠠᠭᠠᠬᠤ᠂ ᠮᠥᠷᠳᠡᠨ | ᠪᠠᠶᠢᠴᠠᠭᠠᠬᠤ ᠲᠤᠰᠬᠠᠢ ᠮᠡᠷᠭᠡᠵᠢᠯ ᠤᠨ ᠠᠵᠢᠯᠲᠠᠨ ᠢ ᠰᠢᠨᠵᠢᠯᠡᠬᠦ ᠤᠬᠠᠭᠠᠨᠴᠢ ᠪᠠᠷ ᠬᠦᠴᠦ ᠪᠠᠨ ᠬᠠᠮᠲᠤᠳᠬᠠᠨ | ᠲᠣᠬᠢᠷᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | ︵ᠬᠤᠶᠠᠷ︶ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠠᠬᠢᠭᠤᠯᠣᠨ᠎ᠠ᠃ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ | ᠠᠩᠭᠢ ᠶᠢᠨ ᠡᠯ᠎ᠡ ᠰᠠᠯᠠᠭ᠎ᠠ ᠲᠠᠰᠤᠭ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠣᠯᠪᠠᠰᠣᠷᠠᠯ ᠤᠨ ᠠᠵᠢᠯᠯᠠᠭ᠎ᠠ ᠯᠤᠭ᠎ᠠ ᠨᠢᠭᠲᠠ ᠤᠶᠠᠯᠳᠤᠭᠤᠯᠵᠤ᠂ ᠲᠣᠰ | ᠭᠠᠵᠠᠷ ᠣᠷᠣᠨ ᠳᠤ ᠣᠷᠣᠰᠢᠵᠤ ᠪᠠᠶᠢᠭ᠎ᠠ ᠬᠡᠷᠡᠭ ᠤᠨ ᠶᠠᠰᠤ ᠴᠢᠨᠠᠷ ᠤᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ | ᠬᠢᠨᠠᠮᠠᠭᠠᠢ ᠰᠤᠳᠤᠯᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠬᠡᠷᠡᠭᠲᠡᠢ᠃ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠶᠡᠭᠡ ᠪᠣᠯᠪᠠᠰᠤᠷᠠᠯ ᠤᠨ | ᠠᠵᠢᠯᠯᠠᠭ᠎ᠠ ᠶᠢ ᠰᠠᠶᠢᠲᠤᠷ ᠥᠷᠨᠢᠭᠦᠯᠬᠦ ᠴᠢᠬᠤᠯᠠ ᠭᠠᠷᠳᠠᠴᠠ ᠪᠣᠯᠭᠠᠵᠤ᠂ ᠬᠡᠷᠡᠭ ᠤᠨ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ︵ᠭᠤᠷᠪᠠ︶ ᠦᠷ᠎ᠡ ᠪᠦᠲᠦᠭᠡᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠨ᠎ᠡ᠃ ᠡᠯ᠎ᠡ ᠬᠤᠪᠢᠶᠠᠷᠢ | ᠲᠣᠪᠴᠢᠶ᠎ᠠ ᠨᠤᠭᠤᠳ ᠬᠠᠮᠢᠶ᠎ᠠ ᠪᠦᠬᠦᠢ ᠡᠭᠦᠷᠭᠡ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ | ᠵᠦᠢᠯ ᠤᠨ ᠠᠵᠢᠯ ᠳᠠᠭᠠᠨ ᠲᠥᠯᠥᠪᠯᠡᠭᠡ ᠲᠠᠢ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ | ᠦᠨᠡᠨᠬᠦ ᠪᠡᠶᠡᠯᠡᠭᠦᠯᠵᠦ᠂ ᠠᠵᠢᠯᠯᠠᠭ᠎ᠠ ᠶᠢ ᠥᠷᠨᠢᠭᠦᠯᠬᠦ ᠶᠠᠪᠤᠴᠠ ᠳᠤ ᠪᠣᠶ ᠪᠣᠯᠤᠭᠰᠠᠨ ᠰᠠᠶᠢᠨ ᠲᠤᠷᠰᠢᠯᠭ᠎ᠠ᠂ ᠰᠠᠶᠢᠨ | ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠣᠨ ᠤ | ᠠᠵᠢᠯᠯᠠᠭ᠎ᠠ ᠶᠢᠨ ᠳ᠋ᠦᠩᠨᠡᠯᠲᠡ ᠶᠢ 10 ᠰᠠᠷ᠎ᠠ ᠶᠢᠨ 25 ᠤ ᠡᠳᠦᠷ ᠠᠴᠠ ᠡᠮᠦᠨ᠎ᠡ ᠮᠡᠳᠡᠭᠦᠯᠦᠨ ᠬᠦᠷᠭᠡᠨ᠎ᠡ᠂ ᠡᠭᠦᠨ ᠤ | ᠬᠠᠮᠲᠤ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠣᠨ ᠤ ᠠᠵᠢᠯᠯᠠᠭ᠎ᠠ ᠶᠢ | ᠳᠡᠭᠡᠭᠰᠢᠯᠡᠭᠦᠯᠬᠦ ᠳᠤᠮᠳᠠ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠵᠤ᠂ ᠪᠣᠯᠪᠠᠰᠤᠷᠠᠯ ᠤᠨ ᠮᠡᠳᠡᠭᠡ | ᠵᠠᠩᠭᠢ ᠶᠢ ᠳᠡᠭᠡᠭᠰᠢ ᠮᠡᠳᠡᠭᠦᠯᠵᠦ᠂ ᠮᠠᠨ ᠤ ᠲᠣᠪᠴᠢᠶ᠎ᠠ ᠰᠢᠯᠢᠳᠡᠭ ᠢ ᠨᠢ ᠰᠣᠩᠭᠤᠵᠤ ᠪᠥᠬᠦ ᠠᠶᠢᠮᠠᠭ ᠲᠤ | ᠳᠡᠯᠭᠡᠷᠡᠭᠦᠯᠦᠨ᠎ᠡ᠃ | |