ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 18 ᠤ ᠡᠳᠦᠷ᠂ ᠪᠥᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠠᠶᠤᠯᠭᠦᠢ ᠦᠢᠯᠡᠳᠪᠦᠷᠢᠯᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠷᠳᠣᠰ ᠤᠨ ᠥᠨᠳᠥᠷ ᠳᠠᠷᠤᠯᠲᠠᠲᠤ ᠬᠡᠶ ᠪᠡᠶᠡᠲᠦ ᠰᠦᠷᠴᠢᠨ ᠭᠠᠷᠤᠭᠰᠠᠨ ᠠᠳᠡᠯ ᠤᠨ ᠲᠤᠬᠠᠶ ᠰᠦᠨ ᠱᠤᠤ ᠴᠧᠩ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠭᠤᠴᠢᠨ ᠨᠢᠭᠡᠳᠦᠭᠡᠷ ᠤᠳᠠᠭ᠎ᠠ ᠶᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠤᠨ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠠᠩ ᠰᠢᠶᠤᠤ ᠹᠧᠩ ᠬᠤᠷᠠᠯ ᠢ ᠡᠷᠭᠢᠯᠡᠪᠡ᠃
    ᠬᠤᠷᠠᠯ ᠠᠴᠠ᠂ ᠠᠶᠤᠯᠭᠦᠶ ᠦᠢᠯᠡᠳᠪᠦᠷᠢᠯᠡᠯ ᠤᠨ ᠡᠷᠴᠢᠮ ᠢ ᠴᠠᠭ ᠢᠮᠠᠭᠲᠠ ᠴᠢᠩᠭᠠᠯᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠦᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠬᠦᠨᠳᠦ ᠨᠣᠴᠢᠲᠠᠶ ᠪᠠᠶᠢᠳᠠᠯ ᠢ ᠤᠯᠠᠮ ᠴᠢᠨᠠᠭᠰᠢᠳᠠ ᠲᠣᠳᠣᠷᠬᠠᠶ ᠲᠠᠨᠢᠵᠤ ᠠᠳᠡᠯ ᠠᠴᠠ ᠰᠤᠷᠭᠠᠮᠵᠢ ᠠᠪᠴᠤ᠂ ᠨᠠᠩ ᠥᠨᠳᠥᠷ ᠵᠣᠭᠰᠣᠴᠠ ᠠᠴᠠ ᠠᠮᠤᠷ ᠲᠦᠪᠰᠢᠨ ᠢ ᠠᠳᠬᠤᠵᠤ᠂ ᠬᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠪᠡ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠲᠠᠭᠤ ᠠᠷᠭ᠎ᠠ ᠬᠡᠮᠵᠢᠶ᠎ᠡ ᠠᠪᠴᠤ ᠲᠣᠭᠲᠠᠴᠠ ᠶᠢ ᠪᠦᠷᠢᠨᠰᠢᠬᠦᠯᠵᠤ᠂ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠡᠬᠦ ᠡᠨᠡᠬᠦ ᠵᠠᠩᠭᠢᠯᠠᠭ᠎ᠠ ᠶᠢ ᠠᠳᠬᠤᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠦᠯᠬᠦᠮ᠂ ᠲᠤᠰᠬᠠᠢ ᠮᠡᠷᠭᠡᠵᠢᠯ ᠤᠨ ᠪᠦᠯᠬᠦᠮ ᠤᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠱᠠᠳᠤ ᠶᠢᠨ ᠠᠮᠤᠷ ᠲᠦᠪᠰᠢᠨ ᠤ ᠲᠤᠰᠢᠶᠠᠯ ᠬᠠᠷᠢᠭᠤᠴᠠᠯᠭ᠎ᠠ ᠶᠢ ᠳᠦᠷᠢᠮᠵᠢᠭᠦᠯᠬᠦ᠂ ᠠᠶᠤᠯᠭᠦᠢ ᠦᠢᠯᠡᠳᠪᠦᠷᠢᠯᠡᠯ ᠤᠨ ᠤᠷᠢᠳᠠᠴᠢ ᠵᠥᠪᠯᠡᠬᠦ ᠰᠡᠳᠦᠪ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠳᠠᠩᠰᠠ᠂ ᠤᠳᠤᠷᠢᠳᠬᠤ ᠺᠠᠳ᠋ᠷ ᠳᠠᠭᠠᠭᠠᠴᠢᠯᠠᠨ ᠬᠠᠷᠢᠯᠴᠠᠬᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠪᠠᠲᠤᠯᠠᠭ᠎ᠠ ᠪᠣᠯᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠪᠣᠯᠤᠨ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠠᠰᠤᠷᠠᠯᠳᠠ ᠦᠭᠡᠢ ᠪᠣᠳᠠᠲᠠᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠡᠮ᠂ ᠠᠶᠤᠯᠲᠠᠶ ᠬᠢᠮᠢ ᠶᠢᠨ ᠪᠣᠳᠠᠰ ᠢ ᠪᠥᠬᠦ ᠲᠠᠯ᠎ᠠ ᠪᠠᠷ ᠰᠡᠷᠭᠡᠶᠢᠯᠡᠵᠦ᠂ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠤᠷ᠎ᠠ ᠮᠡᠷᠭᠡᠰᠢᠯ ᠪᠠ ᠣᠨᠴᠣᠭᠤᠢ ᠠᠵᠢᠯ ᠤᠨ ᠬᠠᠮᠢᠶ᠎ᠠ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠪᠠ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠴᠢᠩᠭᠠᠳᠬᠠᠵᠤ᠂ ᠠᠶᠤᠯ ᠶᠡᠬᠡᠲᠡᠶ ᠠᠵᠢᠯ ᠲᠥᠷᠥᠯ ᠤᠨ ︽ᠮᠠᠰᠢᠨᠴᠢᠯᠠᠯᠲᠠ ᠪᠠᠷ ᠬᠥᠮᠦᠨ ᠢ ᠰᠣᠯᠢᠬᠤ᠂ ᠠᠦ᠋ᠲ᠋ᠣᠴᠢᠯᠠᠯᠲᠠ ᠪᠠᠷ ᠬᠥᠮᠦᠨ ᠢ ᠪᠠᠭᠠᠰᠬᠠᠬᠤ᠂ ᠣᠶᠣᠨᠴᠢᠯᠠᠯᠳᠠ ᠪᠠᠷ ᠪᠦᠬᠦᠨ ᠢ ᠣᠷᠣᠯᠠᠭᠤᠯᠬᠤ︾ ᠶᠢ ᠠᠬᠢᠭᠤᠯᠬᠤ ᠬᠡᠷᠡᠭᠲᠡᠶ︔ ᠠᠭᠤᠷᠬᠠᠢ ᠶᠢᠨ ᠲᠠᠯ᠎ᠠ ᠪᠠᠷ ︽ᠵᠠᠬᠢᠷᠣᠯ ᠪᠦᠬᠦᠨ ᠢ  ᠣᠷᠣᠯᠠᠬᠤ︾ ᠦᠵᠡᠭᠳᠡᠯ ᠢ ᠡᠷᠡᠰ ᠵᠠᠯᠠᠷᠠᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠮᠬᠢ ᠵᠠᠮᠪᠠᠷᠠᠭ᠎ᠠ ᠦᠭᠡᠢ ᠵᠠᠭᠤᠴᠢ ᠶᠢ ᠶᠡᠬᠡᠪᠡᠷ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠥᠴᠦᠬᠡᠨ ᠴᠦ ᠨᠠᠶᠢᠷ ᠲᠠᠯᠪᠢᠬᠤ ᠦᠭᠡᠢ ᠪᠠᠶᠢᠬᠤ ᠭᠡᠷᠡᠭᠳᠡᠢ︔ ᠰᠢᠲᠠᠮᠠᠬᠠᠶ ᠬᠡᠶ ᠶᠢᠨ ᠲᠠᠯ᠎ᠠ ᠪᠠᠷ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ᠂ ᠬᠡᠪᠰᠢᠭᠰᠡᠨ ᠬᠠᠮᠲᠤᠷᠠᠭᠰᠠᠨ ᠬᠢᠨᠠᠯᠲᠠ ᠪᠠᠶᠢᠴᠠᠭᠠᠯᠲᠠ ᠶᠢ ᠭᠦᠨᠵᠡᠭᠡᠶ ᠠᠬᠢᠭᠤᠯᠵᠤ᠂ ᠰᠢᠲᠠᠮᠠᠬᠠᠶ ᠬᠡᠶ ᠶᠢᠨ ᠠᠦ᠋ᠲ᠋ᠣ᠋ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠲᠦᠭᠡᠮᠡᠯᠵᠢᠭᠦᠯᠬᠦ ᠶᠢ  ᠠᠬᠢᠭᠤᠯᠬᠤ ᠬᠡᠷᠡᠭᠳᠡᠢ︔ ᠭᠠᠯ ᠤᠨᠲᠠᠷᠠᠭᠠᠬᠤ ᠲᠠᠯ᠎ᠠ ᠪᠠᠷ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠵᠡᠷᠭᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ︽ᠪᠠᠭ᠎ᠠ ᠭᠠᠯ ᠳᠤ ᠬᠥᠮᠦᠨ ᠦᠬᠦᠬᠦ︾ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠲᠠᠯ᠎ᠠ ᠪᠠᠷ ᠠᠯᠠᠱᠠ ᠠᠭᠤᠯᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠳᠦᠢᠮᠡᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠳᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠳᠡᠢ᠃ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠠᠷᠪᠠᠨ ᠳᠠᠪᠣᠨ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ᠂ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠤᠷᠤᠰᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠵᠢᠭᠤᠯᠴᠢᠯᠠᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠯᠢᠦ ᠳ᠋ᠧ᠂ ᠳ᠋ᠠᠶ ᠵᠢᠶᠦ᠋ᠨ᠂ ᠯᠢᠦ ᠴᠥᠩ ᠰᠢᠶᠤᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠶ ᠳᠣᠬᠢᠷᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号