ᠬᠤᠸᠠᠩ ᠶᠠ ᠯᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠦᠨᠵᠡᠭᠡᠶᠢᠷᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
    ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ᠂ ᠬᠤᠸᠠᠩ ᠶᠠ ᠯᠢ ᠡᠮᠨᠡᠯᠭᠡ ᠶᠢᠨ ᠬᠤᠷᠢᠶᠠᠨ ᠤ ᠠᠵᠢᠯᠯᠠᠭᠠᠨ᠂ ᠠᠵᠢᠯᠲᠠᠨ ᠤ ᠪᠦᠲᠦᠴᠡ᠂ ᠲᠤᠰᠬᠠᠶ ᠮᠡᠷᠭᠡᠵᠢᠯᠲᠡᠨ ᠤ ᠡᠮᠴᠢᠯᠡᠭᠡ᠂ ᠡᠮᠴᠢᠯᠡᠭᠡᠨ ᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠣᠯᠠᠨ ᠪᠠᠶᠢᠬᠤ ᠣᠨᠴᠠᠯᠢᠭ ᠲᠤ ᠴᠢᠭᠯᠡᠭᠦᠯᠦᠨ᠂ ᠭᠤᠤᠯᠳᠠᠯᠭ᠎ᠠ ᠲᠠᠢ ᠰᠠᠯᠠᠭ᠎ᠠ ᠲᠠᠰᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠲᠡᠷᠢᠭᠦᠨ ᠤ ᠮᠡᠷᠭᠡᠵᠢᠯ ᠤᠨ ᠬᠡᠷᠡᠭᠯᠡᠭᠡ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠰᠢᠯᠵᠢᠭᠦᠯᠦᠨ ᠵᠥᠭᠡᠭᠡᠪᠦᠷᠢᠯᠡᠬᠦ ᠰᠠᠭᠠᠳ ᠥᠬᠡᠶ ᠵᠠᠮ ᠢ ᠰᠢᠯᠤᠭᠤᠳᠬᠠᠵᠤ᠂ ᠣᠯᠠᠨ ᠲᠦᠮᠡᠨ ᠪᠠᠴᠢᠮ ᠪᠠᠶᠢᠳᠠᠯ ᠳᠤ ᠲᠤᠯᠭᠠᠷᠠᠪᠠᠯ ︽ᠡᠮᠴᠢᠯᠡᠭᠡ︾ ᠨᠠᠶᠢᠳᠠᠪᠤᠷᠢᠲᠠᠶ ᠪᠠᠶᠢᠬᠤ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠵᠤ᠂ ᠬᠡᠷᠡᠭᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠪᠡ᠃
   ᠬᠤᠸᠠᠩ ᠶᠠ ᠯᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠷᠡ ᠲᠠᠢ ᠰᠢᠩ ᠲᠠᠢ ᠹᠧᠩ᠂ ᠳᠣᠮᠳᠠ ᠳᠡᠭᠡᠳᠦ ᠵᠡᠷᠭᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠬᠤᠶᠠᠷ ᠠᠵᠤ ᠠᠬᠤᠶᠢᠯᠠᠯ ᠳᠤ ᠬᠦᠷᠴᠦ᠂ ᠠᠶᠤᠯᠭᠦᠢ ᠦᠢᠯᠡᠳᠪᠦᠷᠢᠯᠡᠯ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠵᠤ᠂ ᠠᠵᠤ ᠠᠬᠤᠶᠢᠯᠠᠯ ᠤᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠳᠠᠷᠤᠭᠠᠰᠤ ᠦᠭᠡᠢ ᠪᠠᠷ ᠠᠵᠢᠯ ᠳᠠᠭᠠᠨ ᠭᠠᠷᠴᠤ᠂ ᠵᠣᠷᠢᠭᠲᠠᠢ ᠪᠠᠷ ᠬᠥᠭᠵᠢᠬᠦ ᠶᠢ ᠵᠣᠷᠢᠭᠵᠢᠭᠤᠯᠪᠠ᠃ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦᠨ ᠢ ᠰᠤᠳᠤᠯᠤᠨ ᠨᠡᠭᠡᠭᠡᠬᠦ ᠪᠠ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠯᠠᠷᠢᠭᠤᠯᠣᠨ ᠬᠡᠷᠡᠭᠯᠡᠬᠦ ᠶᠢ ᠲᠦᠷᠭᠡᠳᠬᠡᠵᠦ᠂ ᠤᠶᠤᠨᠲᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号