ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/9/20
ᠡᠯ᠎ᠡ ᠬᠤᠪᠢᠶᠠᠷᠢ ᠲᠣᠪᠴᠢᠶ᠎ᠠ᠂ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠳᠤ᠄    ︽ᠪᠥᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ ᠣᠷᠴᠢᠨ ᠲᠣᠭᠤᠷᠢᠨ ᠠᠯᠪᠠᠨ︹2023︺140 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠠᠴᠠ ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠬᠢᠨᠠᠮᠠᠭᠠᠢ ᠰᠠᠶᠢᠲᠤᠷ ᠬᠢᠭᠡᠷᠡᠢ᠃    ᠨᠢᠭᠡ᠂ ᠡᠭᠦᠷᠭᠡ ᠬᠠᠷᠠᠯᠲᠠ    ᠨᠢᠭᠡ ᠳᠤ᠂ ᠰᠢᠨ᠎ᠡ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠢᠨ᠎ᠡ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢ ᠭᠦᠨᠵᠡᠭᠡᠢ ᠰᠤᠷᠤᠯᠴᠠᠵᠤ᠂ ᠮᠠᠨ ᠤ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠢᠷᠤᠮᠵᠢᠯ ᠲᠠᠢ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃    ᠬᠤᠶᠠᠷ ᠲᠤ᠂ 2022 ᠣᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ 2023 ᠣᠨ ᠤ ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠵᠢᠯ ᠤᠨ ᠳᠤᠮᠳᠠᠬᠢ ᠴᠢᠬᠤᠯᠠ ᠪᠣᠯᠪᠠᠰᠤᠷᠠᠯ ᠤᠨ ᠲᠥᠷᠥᠯ ᠵᠦᠢᠯ ᠪᠣᠯᠭᠠᠵᠤ᠂ 2023 ᠣᠨ ᠤ ᠬᠡᠷᠡᠭ ᠤᠨ ᠡᠪᠬᠡᠮᠡᠯ ᠢ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ ᠶᠢ ᠪᠡᠶᠡᠯᠡᠭᠦᠯᠵᠦ᠂ ᠮᠠᠨ ᠤ ᠠᠶᠢᠮᠠᠭ ᠤᠨ ᠬᠡᠷᠡᠭ ᠤᠨ ᠡᠪᠬᠡᠮᠡᠯ ᠤᠨ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠳᠤ ᠨᠡᠶᠢᠴᠡᠬᠦ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠲᠣᠳᠣᠷᠬᠠᠢ᠂ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ ᠤᠨ ᠭᠡᠷᠡᠴᠢ ᠪᠠᠷᠢᠮᠲᠠ ᠲᠣᠳᠣᠷᠬᠠᠢ ᠪᠥᠭᠡᠳ ᠪᠦᠷᠢᠨ ᠪᠦᠲᠦᠨ᠂ ᠬᠠᠤᠯᠢ ᠴᠠᠭᠠᠵᠠ ᠶᠢᠨ ᠬᠡᠷᠡᠭᠯᠡᠯᠲᠡ ᠵᠣᠬᠢᠰᠲᠠᠢ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠬᠦ᠂ ᠬᠡᠷᠡᠭ ᠤᠨ ᠡᠪᠬᠡᠮᠡᠯ ᠢ ᠵᠢᠷᠤᠮᠵᠢᠯ ᠲᠠᠢ ᠬᠢᠬᠦ ᠶᠢ ᠪᠠᠲᠤᠯᠠᠵᠤ᠂ ᠪᠥᠬᠦ ᠠᠶᠢᠮᠠᠭ ᠤᠨ ᠬᠡᠷᠡᠭ ᠤᠨ ᠡᠪᠬᠡᠮᠡᠯ ᠢ ᠵᠣᠬᠢᠶᠠᠬᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃    ᠭᠤᠷᠪᠠ ᠳᠤ᠂ ᠥᠪᠡᠷᠲᠡᠭᠡᠨ ᠵᠠᠰᠠᠬᠤ ᠣᠷᠣᠨ ᠪᠠ ᠲᠣᠰ ᠬᠠᠷᠢᠶ᠎ᠠ ᠣᠷᠣᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠳᠤ ᠣᠷᠣᠯᠴᠠᠬᠤ ᠪᠠᠷ ᠳᠡᠮᠵᠢᠨ᠂ ᠨᠢᠭᠡ ᠪᠦᠯᠦᠭ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯ ᠬᠦᠴᠦᠨ ᠢ ᠬᠥᠮᠥᠵᠢᠭᠦᠯᠵᠦ᠂ ᠲᠤᠬᠠᠶᠢᠯᠠᠭᠰᠠᠨ ᠠᠵᠢᠯ ᠤᠨ ᠭᠤᠣᠯ ᠬᠦᠴᠦᠨ ᠤ ᠬᠥᠲᠥᠯᠥᠨ ᠳᠠᠭᠠᠭᠤᠯᠬᠤ ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠠᠶᠢᠮᠠᠭ ᠤᠨ 2023 ᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠪᠣᠯᠪᠠᠰᠤᠷᠠᠯ ᠤᠨ ᠠᠵᠢᠯᠯᠠᠭ᠎ᠠ ᠳᠠᠬᠢ ᠬᠡᠷᠡᠭ ᠤᠨ ᠶᠠᠰᠤ ᠴᠢᠨᠠᠷ ᠤᠨ ᠭᠠᠭᠴᠠ ᠵᠦᠢᠯ ᠳᠤ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ᠃    ᠬᠤᠶᠠᠷ᠂ ᠠᠵᠢᠯᠯᠠᠭ᠎ᠠ ᠶᠢᠨ ᠬᠡᠪᠴᠢᠶ᠎ᠡ    ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠨᠢ 2023 ᠣᠨ ᠤ ᠪᠥᠬᠦ ᠵᠢᠯ ᠳᠤ ᠲᠤᠤᠱᠯᠠᠭᠳᠠᠵᠤ᠂ ᠠᠵᠢᠯᠯᠠᠭ᠎ᠠ ᠶᠢᠨ ᠡᠲᠡᠭᠡᠳ ᠨᠢ ᠠᠯᠠᠱᠠ ᠠᠶᠢᠮᠠᠭ ᠤᠨ ᠬᠠᠷᠢᠶ᠎ᠠ ᠣᠷᠣᠨ ᠳᠠᠬᠢ ᠪᠣᠶ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠬᠠᠤᠯᠢ ᠬᠡᠷᠡᠭᠵᠢᠭᠦᠯᠦᠭᠴᠢ ᠶᠢ ᠬᠠᠮᠤᠷᠴᠤ᠂ ᠬᠡᠷᠡᠭ ᠤᠨ ᠡᠪᠬᠡᠮᠡᠯ ᠨᠢ 2023 ᠣᠨ ᠤ ᠪᠣᠶ ᠪᠦᠬᠦᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠬᠠᠮᠤᠷᠪᠠ᠃    ᠭᠤᠷᠪᠠ᠂ ᠠᠵᠢᠯᠯᠠᠭ᠎ᠠ ᠶᠢᠨ ᠠᠭᠤᠯᠭ᠎ᠠ    ︵ᠨᠢᠭᠡ︶ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠎ᠡ    ᠵᠢᠷᠭᠤᠳᠤᠭᠠᠷ ᠰᠠᠷ᠎ᠠ ᠠᠴᠠ ᠡᠬᠢᠯᠡᠨ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ ᠠᠵᠢᠯᠯᠠᠭ᠎ᠠ ᠶᠢ ᠰᠠᠷ᠎ᠠ ᠪᠦᠷᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠨᠠᠷᠢᠨ ᠳᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠲᠠᠢ ᠴᠢᠩᠭ᠎ᠠ ᠬᠠᠷᠢᠴᠠᠭᠤᠯᠤᠨ᠂ 2023 ᠣᠨ ᠳᠤ ᠨᠢᠭᠡᠨᠲᠡ ᠪᠠᠭᠤᠯᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠳᠤ ᠥᠪᠡᠷ ᠤᠨ ᠪᠠᠶᠢᠴᠠᠭᠠᠯᠲᠠ ᠥᠷᠨᠢᠭᠦᠯᠵᠦ᠂ ᠬᠡᠷᠡᠭ ᠤᠨ ᠡᠪᠬᠡᠮᠡᠯ ᠳᠤ ᠣᠷᠣᠰᠢᠵᠤ ᠪᠠᠶᠢᠭ᠎ᠠ ᠠᠰᠠᠭᠤᠳᠠᠯ ᠢ ᠬᠠᠮᠤᠭ ᠤᠨ ᠲᠡᠷᠢᠭᠦᠨ ᠳᠤ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠲᠣᠰ ᠰᠠᠷ᠎ᠠ ᠶᠢᠨ 25 ᠤ ᠡᠳᠦᠷ ᠠᠴᠠ ᠡᠮᠦᠨ᠎ᠡ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠭᠤᠯᠤᠨ᠎ᠠ᠃ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠭᠤᠣᠯ ᠬᠦᠴᠦᠨ ᠢ ᠵᠣᠬᠢᠶᠠᠨ ᠪᠠᠶᠢᠭᠤᠯᠵᠤ ᠮᠡᠳᠡᠭᠦᠯᠦᠨ ᠬᠦᠷᠭᠡᠭᠰᠡᠨ ᠬᠡᠷᠡᠭ ᠤᠨ ᠡᠪᠬᠡᠮᠡᠯ ᠳᠤ ᠳᠠᠬᠢᠨ ᠦᠨᠡᠯᠡᠯᠲᠡ ᠬᠢᠵᠦ᠂ ᠳᠠᠬᠢᠨ ᠦᠨᠡᠯᠡᠭᠰᠡᠨ ᠤ ᠳᠠᠷᠠᠭ᠎ᠠ ᠲᠣᠰ ᠰᠠᠷ᠎ᠠ ᠶᠢᠨ 30 ᠤ ᠡᠳᠦᠷ ᠠᠴᠠ ᠡᠮᠦᠨ᠎ᠡ ᠳᠠᠬᠢᠨ ᠦᠨᠡᠯᠡᠭᠰᠡᠨ ᠦᠷ᠎ᠡ ᠳ᠋ᠦᠩ ᠢᠶᠠᠨ ᠬᠤᠯᠪᠣᠭᠳᠠᠯ ᠪᠦᠬᠦᠢ ᠬᠤᠰᠢᠭᠤ ᠣᠷᠣᠨ᠂ ᠰᠠᠯᠠᠭ᠎ᠠ ᠲᠠᠰᠤᠭ ᠲᠤ ᠬᠠᠷᠢᠭᠤ ᠲᠤᠰᠬᠠᠵᠤ ᠳᠠᠬᠢᠨ ᠨᠢᠭᠡ ᠤᠳᠠᠭ᠎ᠠ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ︽ᠪᠦᠬᠦᠨ ᠢ ᠬᠠᠮᠤᠷᠬᠤ︾ ᠦᠨᠡᠯᠡᠨ ᠪᠠᠶᠢᠴᠠᠭᠠᠬᠤ ᠳᠤ ᠨᠢᠭᠡᠳᠦᠯᠲᠡᠢ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠴᠦᠰ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠲᠤ ᠡᠴᠦᠰ ᠤᠨ ᠴᠡᠭᠴᠡᠯᠡᠨ ᠵᠠᠰᠠᠯᠲᠠ ᠬᠢᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠳᠠᠷᠠᠭ᠎ᠠ ᠰᠠᠷ᠎ᠠ ᠶᠢᠨ 25 ᠤ ᠡᠳᠦᠷ ᠠᠴᠠ ᠡᠮᠦᠨ᠎ᠡ ᠳᠠᠷᠠᠭ᠎ᠠ ᠰᠠᠷ᠎ᠠ ᠶᠢᠨ ᠦᠨᠡᠯᠡᠨ ᠪᠠᠶᠢᠴᠠᠭᠠᠭᠰᠠᠨ ᠬᠡᠷᠡᠭ ᠤᠨ ᠡᠪᠬᠡᠮᠡᠯ ᠲᠠᠢ ᠬᠠᠮᠲᠤ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠢᠯᠴᠠᠬᠤ ᠬᠥᠮᠥᠨ ᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃    ︵ᠬᠤᠶᠠᠷ︶ ᠦᠨᠡᠯᠡᠨ ᠪᠠᠶᠢᠴᠠᠭᠠᠬᠤ ᠭᠤᠣᠯᠯᠠᠭᠴᠢ ᠶᠢ ᠬᠥᠮᠥᠵᠢᠭᠦᠯᠬᠦ ᠠᠵᠢᠯᠯᠠᠭ᠎ᠠ ᠶᠢ ᠦᠷᠨᠢᠬᠦᠯᠦᠨ᠎ᠡ    ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠬᠢᠨ 40 ᠨᠠᠰᠤᠨ ᠠᠴᠠ ᠳᠣᠷᠣᠭᠰᠢᠬᠢ᠂ ᠬᠡᠷᠡᠭ ᠢ ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠰᠢᠳᠬᠡᠯ ᠥᠭᠬᠦ ᠲᠤᠬᠠᠶᠢᠯᠠᠭᠰᠠᠨ ᠠᠵᠢᠯ ᠢ ᠰᠠᠶᠢᠨ ᠮᠡᠳᠡᠳᠡᠭ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠭᠤᠣᠯᠳᠠᠯᠭ᠎ᠠ ᠲᠠᠢ ᠬᠥᠮᠥᠵᠢᠭᠦᠯᠬᠦ ᠡᠲᠡᠭᠡᠳ ᠢᠶᠠᠨ ᠪᠣᠯᠭᠠᠵᠤ᠂ ︽ᠠᠬᠠᠮᠠᠳ ᠢᠶᠠᠷ ᠰᠢᠨ᠎ᠡ ᠶᠢ ᠳᠠᠶᠢᠴᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ︽ᠠᠬᠠᠮᠠᠳ ᠬᠠᠤᠯᠢ ᠭᠡᠷᠡᠭᠵᠢᠬᠦᠯᠦᠭᠴᠢ︾ ᠶᠢ ᠨᠠᠷᠢᠨ ᠨᠢᠮᠪᠠᠢ ᠰᠣᠩᠭᠤᠨ ᠵᠢᠯᠣᠭᠤᠳᠤᠭᠴᠢ ᠪᠠᠭᠰᠢ ᠪᠣᠯᠭᠠᠬᠤ ᠬᠡᠷᠡᠭᠲᠡᠢ᠃    ︽ᠨᠢᠭᠡ ᠳᠤ ᠨᠢᠭᠡ︾ ᠵᠢᠭᠠᠨ ᠵᠢᠯᠤᠭᠤᠳᠴᠤ ᠬᠥᠮᠥᠵᠢᠭᠦᠯᠬᠦ ᠡᠲᠡᠭᠡᠳ ᠲᠤ᠂ ᠪᠣᠯᠪᠠᠰᠤᠷᠠᠭᠤᠯᠤᠯ ᠤᠨ ᠡᠬᠢ ᠪᠠᠶᠠᠯᠢᠭ ᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠲᠣᠮᠢᠯᠠᠵᠤ ᠭᠠᠳᠠᠭᠰᠢ ᠰᠣᠷᠣᠯᠴᠠᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠨ᠂ ᠬᠠᠷᠠᠭ᠎ᠠ ᠪᠠᠨ ᠥᠷᠭᠡᠳᠬᠡᠵᠦ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠵᠦ᠂ ᠰᠢᠳᠬᠡᠨ ᠲᠣᠷᠭᠠᠬᠤ ᠠᠵᠢᠯ ᠤᠨ ᠰᠤᠳᠤᠯᠤᠨ ᠶᠠᠷᠢᠯᠴᠠᠬᠤ ᠪᠦᠯᠬᠦᠮ ᠢ ᠪᠠᠶᠢᠭᠤᠯᠵᠤ᠂ ᠪᠦᠯᠬᠦᠮ ᠤᠨ ᠳᠣᠲᠣᠷ᠎ᠠ ᠪᠠᠨ ᠠᠰᠠᠭᠤᠯᠲᠠ ᠳᠤᠷᠠᠳᠬᠤ᠂ ᠬᠠᠷᠢᠭᠤᠯᠲᠠ ᠥᠭᠬᠦ᠂ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠬᠠᠷᠢᠯᠴᠠᠨ ᠬᠠᠪᠰᠤᠷᠴᠤ ᠬᠠᠮᠲᠤᠪᠠᠷ ᠳᠠᠪᠰᠢᠨ᠎ᠠ᠃ ᠦᠢᠯᠡᠳᠦᠯᠭᠡ ᠪᠠᠷ ᠳᠠᠪᠲᠠᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠳᠠᠭᠠᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠵᠤ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠨ᠎ᠠ᠃ ᠡᠯ᠎ᠡ ᠬᠤᠪᠢᠶᠠᠷᠢ ᠲᠣᠪᠴᠢᠶ᠎ᠠ ᠨᠢ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠢ ᠠᠳᠠᠭ ᠲᠠᠭᠠᠨ 1 ᠬᠥᠮᠥᠵᠢᠭᠦᠯᠵᠦ᠂ ᠰᠠᠯᠪᠤᠷᠢ ᠠᠩᠭᠢ ᠨᠢ ᠠᠳᠠᠭ ᠲᠠᠭᠠᠨ 3 ᠠᠴᠠ ᠳᠡᠭᠡᠭᠰᠢ ᠬᠡᠷᠡᠭ ᠤᠨ ᠦᠨᠡᠯᠡᠨ ᠪᠠᠶᠢᠴᠠᠭᠠᠭᠴᠢ ᠶᠢ ᠬᠥᠮᠥᠵᠢᠭᠦᠯᠵᠦ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯ ᠬᠦᠴᠦᠨ ᠢ ᠪᠥᠬᠦ ᠣᠷᠣᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠲᠠᠨ ᠤ ᠬᠥᠮᠥᠷᠭᠡ ᠳᠤ ᠰᠣᠩᠭᠤᠨ ᠣᠷᠣᠭᠤᠯᠤᠨ᠎ᠠ᠃    ︵ᠭᠤᠷᠪᠠ︶ ᠠᠰᠠᠭᠤᠳᠠᠯ ᠲᠠᠢ ᠬᠡᠷᠡᠭ ᠤᠨ ᠡᠪᠬᠡᠮᠡᠯ ᠢ ᠦᠨᠡᠯᠡᠨ ᠵᠢᠱᠢᠬᠦ ᠠᠵᠢᠯᠯᠠᠭ᠎ᠠ ᠶᠢ ᠥᠷᠨᠢᠭᠦᠯᠦᠨ᠎ᠡ    ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠠᠶᠢᠮᠠᠭ ᠤᠨ ᠱᠠᠲᠤᠨ ᠳᠤ ᠳᠠᠬᠢᠨ ᠦᠨᠡᠯᠡᠬᠦ ᠠᠵᠢᠯ ᠤᠨ ᠳᠤᠮᠳᠠ᠂ ︽ᠲᠠᠶᠢᠯᠪᠤᠷᠢᠯᠠᠬᠤ + ᠠᠰᠠᠭᠤᠬᠤ + ᠦᠨᠡᠯᠡᠬᠦ︾ ᠠᠷᠭ᠎ᠠ ᠮᠠᠶ᠋ᠢᠭ ᠢ ᠠᠪᠴᠤ ᠠᠰᠠᠭᠤᠳᠠᠯ ᠤᠨ ᠬᠡᠷᠡᠭ ᠤᠨ ᠡᠪᠬᠡᠮᠡᠯ ᠢ ᠦᠨᠡᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠬᠡᠷᠡᠭ ᠢ ᠳᠠᠭᠠᠭᠠᠨ ᠰᠢᠳᠬᠡᠭᠰᠡᠨ ᠠᠵᠢᠯᠲᠠᠨ ᠳᠡᠭᠡᠷ᠎ᠡ ᠰᠠᠷ᠎ᠠ ᠶᠢᠨ ᠠᠰᠠᠭᠤᠳᠠᠯ ᠤᠨ ᠳᠠᠩᠰᠠ ᠡᠪᠬᠡᠮᠡᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠭᠦᠨ ᠤ ᠬᠠᠮᠲᠤ ᠬᠡᠷᠡᠭ ᠢ ᠰᠢᠢᠳᠪᠦᠷᠢᠯᠡᠬᠦ ᠶᠠᠪᠤᠴᠠ ᠪᠠ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠵᠢᠱᠢᠶ᠎ᠡ᠂ ᠬᠦᠴᠢᠷ ᠲᠦᠪᠡᠭᠲᠡᠢ᠂ ᠪᠤᠳᠤᠯᠢᠶᠠᠨᠲᠠᠢ ᠠᠰᠠᠭᠤᠳᠠᠯ ᠢ ᠶᠠᠷᠢᠯᠴᠠᠵᠤ᠂ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢᠶᠠᠷ ᠪᠦᠷᠢᠯᠳᠦᠭᠰᠡᠨ ᠳᠠᠬᠢᠨ ᠬᠢᠨᠠᠬᠤ ᠳᠤᠭᠤᠶᠢᠯᠠᠩ ᠤᠨ ᠬᠢᠨ ᠠᠰᠠᠭᠤᠳᠠᠯ ᠢ ᠶᠠᠷᠢᠯᠴᠠᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠠᠷᠭ᠎ᠠ ᠦᠭᠡᠢ ᠬᠡᠰᠡᠭ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠤᠯᠪᠣᠭ᠎ᠠ᠂ 2023 ᠣᠨ ᠤ ᠪᠥᠬᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠢᠳᠬᠡᠯ ᠤᠨ ᠬᠤᠯᠪᠣᠭ᠎ᠠ ᠳᠣᠲᠣᠷᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠬᠠᠤᠯᠢᠴᠢ ᠠᠴᠠ ᠠᠰᠠᠭᠤᠨ ᠯᠠᠪᠯᠠᠵᠤ᠂ ᠨᠡᠶᠢᠲᠡᠯᠢᠭ ᠵᠢᠱᠢᠶ᠎ᠡ᠂ ᠮᠠᠳᠠᠭ ᠲᠠᠢ᠂ ᠪᠤᠳᠤᠯᠢᠶᠠᠨᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃    ︵ᠳᠥᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠡᠳᠦᠷ ᠤᠨ ᠠᠵᠢᠯᠯᠠᠭ᠎ᠠ ᠦᠷᠨᠢᠬᠦᠯᠦᠨ᠎ᠡ    ᠰᠠᠷ᠎ᠠ ᠪᠦᠷᠢ ᠶᠢᠨ ᠨᠢᠭᠡᠳᠦᠭᠡᠷ ᠭᠠᠷᠠᠭ ᠤᠨ ᠭᠠᠷᠠᠭ ᠤᠨ ᠬᠤᠶᠠᠷ ᠢ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠴᠠᠭᠠᠵᠠ ᠶᠢᠨ ᠰᠤᠷᠤᠯᠴᠠᠬᠤ ᠡᠳᠦᠷ ᠢᠶᠠᠷ ᠲᠣᠭᠲᠠᠭᠠᠵᠤ᠂ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠨᠤᠭᠤᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠡᠳᠦᠷ ᠲᠤ ᠬᠠᠤᠯᠢ ᠬᠡᠷᠡᠭᠵᠢᠭᠦᠯᠬᠦ ᠠᠵᠢᠯᠲᠠᠨ ᠢ ᠨᠢᠭᠡᠳᠦᠯᠲᠡᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠳᠠᠷᠤᠮᠠᠯᠯᠠᠨ ᠲᠠᠷᠬᠠᠭᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ︽ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠵᠢᠯᠣᠭᠤᠳᠣᠯᠭ᠎ᠠ︾ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠨᠠᠷᠢᠨ ᠳᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠵᠡᠷᠭᠡ ᠳᠤ ᠴᠢᠭᠯᠡᠭᠦᠯᠦᠨ ᠭᠦᠨᠵᠡᠭᠡᠢ ᠰᠤᠷᠤᠯᠴᠠᠬᠤ ᠬᠡᠷᠡᠭᠲᠡᠢ᠃ ᠡᠯ᠎ᠡ ᠬᠤᠪᠢᠶᠠᠷᠢ ᠲᠣᠪᠴᠢᠶ᠎ᠠ ᠪᠣᠯᠣᠨ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠲᠤᠰᠬᠠᠢ ᠬᠥᠮᠥᠨ ᠲᠣᠬᠢᠷᠠᠭᠤᠯᠤᠨ ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠶᠢᠨ ᠨᠠᠷᠢᠨ ᠳᠦᠷᠢᠮ ᠢ ᠤᠷᠢᠳᠴᠢᠯᠠᠨ ᠰᠤᠷᠤᠯᠴᠠᠭᠤᠯᠵᠤ᠂ ᠤᠷᠢᠳᠴᠢᠯᠠᠨ ᠬᠢᠴᠢᠶᠡᠯ ᠪᠡᠯᠡᠳᠬᠡᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠡᠳᠦᠷ ᠲᠤ ᠬᠠᠤᠯᠢ ᠬᠡᠷᠡᠭᠵᠢᠭᠦᠯᠬᠦ ᠠᠵᠢᠯᠲᠠᠨ ᠳᠤ ᠬᠢᠴᠢᠶᠡᠯ ᠵᠢᠭᠠᠵᠤ᠂ ᠬᠢᠴᠢᠶᠡᠯ ᠪᠡᠯᠡᠳᠬᠡᠬᠦ᠂ ᠬᠢᠴᠢᠶᠡᠯ ᠵᠢᠭᠠᠬᠤ ᠶᠠᠪᠤᠴᠠ ᠪᠠᠷ ᠳᠠᠮᠵᠢᠭᠤᠯᠤᠨ ᠬᠢᠴᠢᠶᠡᠯ ᠵᠢᠭᠠᠬᠤ ᠠᠵᠢᠯᠲᠠᠨ ᠤ ᠲᠣᠰ ᠪᠡᠶ᠎ᠡ ᠶᠢᠨ ᠣᠨᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠬᠢᠴᠢᠶᠡᠯ ᠵᠢᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠶ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ ᠢ ᠬᠢᠴᠢᠶᠡᠯ ᠰᠣᠨᠣᠰᠬᠤ ᠶᠠᠪᠤᠴᠠ ᠳᠤ ᠲᠥᠪᠯᠡᠷᠡᠭᠦᠯᠵᠦ᠂ ᠨᠠᠷᠢᠨ ᠬᠢᠨᠠᠮᠠᠭᠠᠢ ᠰᠤᠷᠤᠯᠴᠠᠵᠤ᠂ ᠣᠨᠣᠯ ᠤᠨ ᠰᠠᠭᠤᠷᠢ ᠶᠢ ᠪᠠᠲᠤᠳᠬᠠᠨ᠎ᠠ᠃    ︵ᠲᠠᠪᠤ︶ ᠲᠤᠰᠬᠠᠢ ᠵᠦᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠬᠦᠯᠦᠨ᠎ᠡ    ᠬᠠᠤᠯᠢ ᠬᠡᠷᠡᠭᠵᠢᠭᠦᠯᠬᠦ ᠪᠣᠯᠪᠠᠰᠤᠷᠠᠯ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠵᠢᠯ ᠢ ᠥᠷᠨᠢᠭᠦᠯᠵᠦ᠂ ᠰᠢᠨ᠎ᠡ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾᠂ ᠬᠠᠤᠯᠢ ᠬᠡᠷᠡᠭᠵᠢᠭᠦᠯᠬᠦ ᠬᠡᠷᠡᠭ ᠢ ᠰᠢᠢᠳᠪᠦᠷᠢᠯᠡᠬᠦ ᠪᠠ ᠬᠡᠷᠡᠭ ᠤᠨ ᠡᠪᠬᠡᠮᠡᠯ ᠵᠣᠬᠢᠶᠠᠬᠤ ᠶᠢ ᠭᠤᠣᠯᠳᠠᠯᠭ᠎ᠠ ᠲᠠᠢ ᠪᠣᠯᠪᠠᠰᠤᠷᠠᠭᠤᠯᠤᠯ ᠤᠨ ᠠᠭᠤᠯᠭ᠎ᠠ ᠪᠣᠯᠭᠠᠵᠤ᠂ ᠲᠤᠰᠬᠠᠢ ᠮᠡᠷᠭᠡᠵᠢᠯᠲᠡᠨ ᠢ ᠤᠷᠢᠵᠤ ᠬᠠᠮᠢᠶ᠎ᠠ ᠪᠦᠬᠦᠢ ᠠᠭᠤᠯᠭ᠎ᠠ ᠳᠤ ᠬᠢᠴᠢᠶᠡᠯ ᠵᠢᠭᠠᠵᠤ᠂ ᠲᠤᠰᠬᠠᠢ ᠮᠡᠷᠭᠡᠵᠢᠯᠲᠡᠨ ᠤ ᠬᠢᠴᠢᠶᠡᠯ ᠵᠢᠭᠠᠬᠤ ᠰᠢᠨ᠎ᠡ ᠮᠡᠳᠡᠯᠭᠡ᠂ ᠰᠢᠨ᠎ᠡ ᠣᠨᠣᠯᠵᠢᠬᠤᠨ ᠪᠠ ᠰᠢᠨ᠎ᠡ ᠱᠠᠭᠠᠷᠳᠠᠯᠭ᠎ᠠ ᠶᠢ ᠲᠠᠰᠤᠷᠠᠯᠲᠠ ᠦᠭᠡᠢ ᠰᠤᠷᠤᠯᠴᠠᠵᠤ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ ᠪᠠᠷ ᠰᠤᠷᠤᠯᠴᠠᠯᠭ᠎ᠠ ᠶᠢ ᠠᠬᠢᠭᠤᠯᠬᠤ᠂ ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ ᠪᠡᠶᠡᠯᠡᠭᠦᠯᠦᠨ᠂ ᠰᠤᠷᠤᠯᠴᠠᠯᠭ᠎ᠠ ᠶᠢᠨ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠪᠣᠯᠪᠠᠰᠤᠷᠠᠭᠤᠯᠤᠯ ᠤᠨ ᠠᠭᠤᠯᠭ᠎ᠠ ᠶᠢ ᠡᠳᠦᠷ ᠲᠤᠲᠤᠮ ᠤᠨ ᠬᠡᠷᠡᠭ ᠰᠢᠢᠳᠪᠦᠷᠢᠯᠡᠬᠦ ᠶᠠᠪᠤᠴᠠ ᠳᠤ ᠦᠨᠡᠨ ᠬᠦ ᠬᠡᠷᠡᠭᠯᠡᠬᠦ ᠬᠡᠷᠡᠭᠲᠡᠢ᠃    ︵ᠵᠢᠷᠭᠤᠭ᠎ᠠ︶ ᠬᠡᠷᠡᠭ ᠤᠨ ᠡᠪᠬᠡᠮᠡᠯ ᠵᠣᠬᠢᠶᠠᠬᠤ ᠤᠷᠤᠯᠳᠤᠭᠠᠨ ᠢ ᠦᠷᠨᠢᠬᠦᠯᠦᠨ᠎ᠡ    ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠮᠥᠷᠦ᠋ᠢᠴᠡᠭᠡᠨ ᠲᠠᠢ ᠤᠶᠠᠯᠳᠤᠭᠤᠯᠤᠨ᠂ ᠬᠡᠷᠡᠭ ᠤᠨ ᠡᠪᠬᠡᠮᠡᠯ ᠵᠣᠬᠢᠶᠠᠬᠤ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠭᠤᠷᠢᠶᠠᠮᠠᠯ ᠭᠡᠷᠡᠭ᠂ ᠪᠠᠶᠢᠴᠠᠭᠠᠵᠤ ᠭᠡᠷᠡᠴᠢ ᠠᠪᠬᠤ ᠠᠴᠠ ᠬᠡᠷᠡᠭ ᠢ ᠳᠠᠭᠤᠰᠬᠠᠬᠤ ᠪᠦᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠵᠢᠷᠤᠮᠵᠢᠯᠳᠤ ᠴᠢᠨᠠᠷ᠂ ᠪᠠᠶᠢᠴᠠᠭᠠᠵᠤ ᠭᠡᠷᠡᠴᠢ ᠠᠪᠬᠤ ᠴᠢᠳᠠᠪᠤᠷᠢ᠂ ᠪᠢᠴᠢᠭ ᠬᠠᠷ᠎ᠠ ᠵᠣᠬᠢᠶᠠᠬᠤ ᠬᠢᠷᠢ ᠬᠡᠮᠵᠢᠶ᠎ᠡ᠂ ᠬᠡᠷᠡᠭ ᠤᠨ ᠡᠪᠬᠡᠮᠡᠯ ᠤᠨ ᠴᠠᠭ ᠤᠨ ᠬᠢᠵᠠᠭᠠᠷ ᠢ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠪᠠ ᠬᠡᠷᠡᠭ ᠤᠨ ᠡᠪᠬᠡᠮᠡᠯ ᠢ ᠵᠣᠬᠢᠶᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠴᠠᠭ ᠲᠤᠬᠠᠢ ᠳᠤᠨᠢ ᠵᠠᠯᠠᠷᠠᠭᠤᠯᠵᠤ᠂ ᠮᠠᠨ ᠤ ᠠᠶᠢᠮᠠᠭ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠡᠷᠡᠭ ᠤᠨ ᠡᠪᠬᠡᠮᠡᠯ ᠢ ᠭᠦᠢᠴᠡᠳᠬᠡᠬᠦ ᠪᠠ ᠬᠡᠷᠡᠭ ᠤᠨ ᠡᠪᠬᠡᠮᠡᠯ ᠢ ᠵᠣᠬᠢᠶᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃     ᠳᠥᠷᠪᠡ᠂ ᠪᠤᠰᠤᠳ ᠱᠠᠭᠠᠷᠳᠠᠯᠭ᠎ᠠ     ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠳᠦᠷᠢᠮ ᠪᠣᠯᠣᠨ ᠬᠠᠤᠯᠢ ᠬᠡᠷᠡᠭᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠮᠠᠩᠯᠠᠶᠢᠯᠠᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠣᠷᠣᠯᠴᠠᠵᠤ᠂ ᠥᠪᠡᠷ ᠢ ᠪᠠᠨ ᠦᠨᠡᠯᠡᠵᠦ ᠥᠪᠡᠷ ᠢ ᠪᠠᠨ ᠵᠠᠯᠠᠷᠠᠭᠤᠯᠬᠤ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠷᠢᠶᠠᠲᠤ ᠣᠷᠣᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ ᠶᠣᠰᠣᠴᠢ ᠴᠢᠨᠠᠷ᠂ ᠳᠦᠷᠢᠮ ᠳᠤ ᠨᠡᠶᠢᠴᠡᠬᠦ ᠴᠢᠨᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠶᠢ ᠰᠤᠳᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰ ᠳᠠᠷᠠᠭᠠᠯᠠᠯ ᠢ ᠰᠢᠯᠤᠭᠤᠳᠬᠠᠵᠤ᠂ ᠦᠨᠡᠯᠡᠨ ᠪᠠᠶᠢᠴᠠᠭᠠᠬᠤ᠂ ᠮᠥᠷᠳᠡᠨ ᠪᠠᠶᠢᠴᠠᠭᠠᠬᠤ ᠲᠤᠰᠬᠠᠢ ᠮᠡᠷᠭᠡᠵᠢᠯ ᠤᠨ ᠠᠵᠢᠯᠲᠠᠨ ᠢ ᠰᠢᠨᠵᠢᠯᠡᠬᠦ ᠤᠬᠠᠭᠠᠨᠴᠢ ᠪᠠᠷ ᠬᠦᠴᠦ ᠪᠠᠨ ᠬᠠᠮᠲᠤᠳᠬᠠᠨ ᠲᠣᠬᠢᠷᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃    ︵ᠬᠤᠶᠠᠷ︶ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠠᠬᠢᠭᠤᠯᠣᠨ᠎ᠠ᠃ ᠡᠯ᠎ᠡ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠣᠯᠪᠠᠰᠣᠷᠠᠯ ᠤᠨ ᠠᠵᠢᠯᠯᠠᠭ᠎ᠠ ᠯᠤᠭ᠎ᠠ ᠨᠢᠭᠲᠠ ᠤᠶᠠᠯᠳᠤᠭᠤᠯᠵᠤ᠂ ᠲᠣᠰ ᠭᠠᠵᠠᠷ ᠣᠷᠣᠨ ᠳᠤ ᠣᠷᠣᠰᠢᠵᠤ ᠪᠠᠶᠢᠭ᠎ᠠ ᠬᠡᠷᠡᠭ ᠤᠨ ᠶᠠᠰᠤ ᠴᠢᠨᠠᠷ ᠤᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠢᠨᠠᠮᠠᠭᠠᠢ ᠰᠤᠳᠤᠯᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠶᠡᠭᠡ ᠪᠣᠯᠪᠠᠰᠤᠷᠠᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠴᠢᠬᠤᠯᠠ ᠭᠠᠷᠳᠠᠴᠠ ᠪᠣᠯᠭᠠᠵᠤ᠂ ᠬᠡᠷᠡᠭ ᠤᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃    ︵ᠭᠤᠷᠪᠠ︶ ᠦᠷ᠎ᠡ ᠪᠦᠲᠦᠭᠡᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠨ᠎ᠡ᠃ ᠡᠯ᠎ᠡ ᠬᠤᠪᠢᠶᠠᠷᠢ ᠲᠣᠪᠴᠢᠶ᠎ᠠ ᠨᠤᠭᠤᠳ ᠬᠠᠮᠢᠶ᠎ᠠ ᠪᠦᠬᠦᠢ ᠡᠭᠦᠷᠭᠡ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠳᠠᠭᠠᠨ ᠲᠥᠯᠥᠪᠯᠡᠭᠡ ᠲᠠᠢ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠠᠵᠢᠯᠯᠠᠭ᠎ᠠ ᠶᠢ ᠥᠷᠨᠢᠭᠦᠯᠬᠦ ᠶᠠᠪᠤᠴᠠ ᠳᠤ ᠪᠣᠶ ᠪᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠣᠨ ᠤ ᠠᠵᠢᠯᠯᠠᠭ᠎ᠠ ᠶᠢᠨ ᠳ᠋ᠦᠩᠨᠡᠯᠲᠡ ᠶᠢ 10 ᠰᠠᠷ᠎ᠠ ᠶᠢᠨ 25 ᠤ ᠡᠳᠦᠷ ᠠᠴᠠ ᠡᠮᠦᠨ᠎ᠡ ᠮᠡᠳᠡᠭᠦᠯᠦᠨ ᠬᠦᠷᠭᠡᠨ᠎ᠡ᠂ ᠡᠭᠦᠨ ᠤ ᠬᠠᠮᠲᠤ ᠬᠤᠪᠢᠶᠠᠷᠢ ᠲᠣᠪᠴᠢᠶ᠎ᠠ᠂ ᠰᠠᠯᠪᠤᠷᠢ ᠠᠩᠭᠢ ᠶᠢᠨ ᠡᠯ᠎ᠡ ᠰᠠᠯᠠᠭ᠎ᠠ ᠲᠠᠰᠤᠭ ᠤᠨ ᠬᠢᠨ ᠣᠨ ᠤ ᠠᠵᠢᠯᠯᠠᠭ᠎ᠠ ᠶᠢ ᠳᠡᠭᠡᠭᠰᠢᠯᠡᠭᠦᠯᠬᠦ ᠳᠤᠮᠳᠠ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠵᠤ᠂ ᠪᠣᠯᠪᠠᠰᠤᠷᠠᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠮᠠᠨ ᠤ ᠲᠣᠪᠴᠢᠶ᠎ᠠ ᠰᠢᠯᠢᠳᠡᠭ ᠢ ᠨᠢ ᠰᠣᠩᠭᠤᠵᠤ ᠪᠥᠬᠦ ᠠᠶᠢᠮᠠᠭ ᠲᠤ ᠳᠡᠯᠭᠡᠷᠡᠭᠦᠯᠦᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号