ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠰᠠᠶᠢᠲᠤᠷ ᠪᠦᠲᠦᠭᠡᠨ ᠪᠠᠶᠢᠭᠤᠯᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠭᠦᠨᠵᠡᠭᠡᠢ ᠠᠭᠤᠰᠤᠯᠴᠠᠬᠤ ᠶᠢᠨ | ᠲᠥᠯᠥᠭᠡ᠂ 9 ᠰᠠᠷ᠎ᠠ ᠶᠢᠨ 8 ᠠᠴᠠ 17 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠭᠦᠮ ᠳᠠᠭᠠᠭᠤᠯᠤᠨ | ᠭᠧᠷᠮᠠᠨ᠂ ᠬᠤᠯᠠᠨᠳ᠋᠂ ᠳ᠋ᠠᠨᠮᠠᠷᠺ ᠲᠤ ᠠᠶᠢᠯᠴᠢᠯᠠᠯᠲᠠ ᠬᠢᠵᠦ᠂ ᠳᠡᠭᠡᠳᠦ ᠳᠠᠪᠬᠤᠷᠭ᠎ᠠ ᠶᠢᠨ ᠠᠭᠤᠯᠵᠠᠯᠲᠠ ᠶᠢ 4 ᠲᠠᠯᠠᠪᠠᠢ | ᠥᠷᠨᠢᠭᠦᠯᠵᠦ᠂ ᠲᠦᠷᠦᠯ ᠵᠦᠢᠯ ᠤᠨ ᠵᠥᠪᠳᠡᠯᠴᠡᠭᠡᠷ᠂ ᠲᠣᠭᠤᠷᠢᠨ ᠦᠵᠡᠵᠦ ᠶᠠᠷᠢᠯᠴᠠᠬᠤ ᠬᠤᠷᠠᠯ ᠢ 12 ᠲᠠᠯᠠᠪᠠᠢ | ᠶᠠᠪᠤᠭᠳᠠᠭᠤᠯᠵᠤ᠂ 10 ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠠᠶᠢᠯᠴᠢᠯᠠᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠬᠤᠯᠠᠨᠳ᠋ ᠲᠤ ᠰᠠᠭᠤᠭ᠎ᠠ ᠮᠠᠨ ᠤ ᠤᠯᠤᠰ ᠤᠨ | ᠡᠯᠴᠢᠨ ᠰᠠᠶᠢᠳ ᠲᠠᠨ ᠵᠢᠶᠠᠨ ᠬᠢᠭᠡᠳ ᠳ᠋ᠠᠨᠮᠠᠷᠺ ᠲᠤ ᠰᠠᠭᠤᠭ᠎ᠠ ᠡᠯᠴᠢᠨ ᠰᠠᠶᠢᠳ ᠹᠧᠩ ᠲᠢᠶᠧ ᠲᠠᠢ ᠠᠵᠢᠯ ᠤᠨ | ᠬᠡᠯᠡᠯᠴᠡᠭᠡ ᠬᠢᠵᠡᠢ᠃ ᠲᠡᠷᠡ᠂ ᠥᠪᠥᠷ ᠮᠣᠩᠭᠤᠯ ᠪᠣᠯᠣᠨ ᠬᠤᠯᠠᠨᠳ᠋᠂ ᠳ᠋ᠠᠨᠮᠠᠷᠺ ᠬᠤᠭᠤᠷᠣᠨᠳᠤ ᠪᠠᠨ ᠪᠠᠲᠤ ᠪᠠᠬᠢ | ᠬᠠᠮᠲᠤᠷᠠᠯᠴᠠᠭᠠᠨ ᠤ ᠰᠠᠭᠤᠷᠢ ᠲᠠᠢ ᠶᠤᠮ᠂ ᠲᠠᠷᠠᠭᠠᠴᠢ ᠶᠢᠨ ᠠᠯᠬᠤᠮ ᠳᠤ ᠪᠢᠳᠡ ᠬᠤᠶᠠᠷ ᠤᠯᠤᠰ ᠯᠤᠭ᠎ᠠ ᠬᠠᠷᠢᠯᠴᠠᠬᠤ | ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠢᠯᠠᠩᠭᠤᠶ᠎ᠠ | ᠨᠥᠭᠦᠷᠰᠡᠭ ᠬᠤᠳᠠ ᠶᠢ ᠬᠥᠭᠵᠢᠭᠦᠯᠵᠦ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠡᠩ ᠰᠠᠶᠢᠲᠤᠷ | ᠦᠢᠯᠡᠴᠢᠯᠡᠨ᠎ᠡ ᠭᠡᠵᠦ ᠬᠡᠯᠡᠪᠡ᠃ ᠲᠠᠨ ᠵᠢᠶᠠᠨ᠂ ᠹᠧᠩ ᠲᠢᠶᠧ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠴᠢᠨᠠᠭᠰᠢᠳᠠ ᠪᠠᠳᠠᠷᠠᠭᠤᠯᠵᠤ᠂ ᠥᠪᠥᠷ ᠮᠣᠩᠭᠤᠯ ᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠪᠦᠭᠦ ᠬᠦᠴᠦ ᠪᠠᠷ ᠢᠶᠠᠨ ᠳᠡᠮᠵᠢᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠸᠠᠩ ᠯᠢ ᠰᠢᠶᠠ ᠳ᠋ᠠᠨᠮᠠᠷᠺ ᠤᠨ ᠢᠳᠡᠭᠡᠨ᠂ ᠬᠥᠳᠡᠭᠡ ᠠᠵᠤ ᠠᠬᠤᠢ ᠪᠣᠯᠣᠨ ᠵᠢᠭᠠᠰᠤᠨ ᠠᠵᠤ ᠠᠬᠤᠢ ᠶᠢᠨ | ᠶᠠᠮᠤᠨ ᠤ ᠰᠠᠶᠢᠳ ᠶᠡᠭᠧᠪᠦ᠋· ᠶᠠᠨᠰᠧᠨ ᠪᠣᠯᠣᠨ ᠬᠤᠯᠠᠨᠳ᠋ ᠤᠨ ᠬᠥᠳᠡᠭᠡ ᠠᠵᠤ ᠠᠬᠤᠢ ᠪᠠᠶᠢᠭᠠᠯᠢ ᠵᠢᠴᠢ ᠢᠳᠡᠭᠡᠨ ᠤ | ᠶᠠᠰᠤ ᠴᠢᠨᠠᠷ ᠤᠨ ᠶᠠᠮᠤᠨ ᠤ ᠳᠡᠳ᠋ ᠰᠠᠶᠢᠳ ᠯᠠᠨᠳᠧᠷ ᠲᠠᠢ ᠠᠭᠤᠯᠵᠠᠵᠤ᠂ ᠮᠠᠯ ᠠᠵᠤ ᠠᠬᠤᠢ ᠲᠠᠷᠢᠶᠠᠯᠠᠩ᠂ ᠢᠳᠡᠭᠡᠨ ᠢ | ᠡᠳ᠋ᠰᠢᠭᠦᠯᠦᠨ ᠪᠤᠯᠪᠠᠰᠤᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠶᠢᠨ | ᠲᠤᠬᠠᠢ ᠶᠠᠷᠢᠯᠴᠠᠪᠠ᠃ ᠲᠡᠷᠡ᠂ ᠬᠤᠶᠠᠷ ᠲᠠᠯ᠎ᠠ ᠪᠠᠷ ᠢᠶᠠᠨ ᠡᠯ᠎ᠡ ᠬᠦᠷᠢᠶ᠎ᠡ ᠢᠯᠠᠩᠭᠤᠶ᠎ᠠ ᠰᠦ ᠶᠢᠨ ᠦᠢᠯᠡᠰ ᠤᠨ ᠲᠠᠯ᠎ᠠ | ᠪᠠᠷ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠨᠡᠩ ᠤᠯᠠᠨ ᠠᠵᠤ ᠠᠬᠤᠶᠢᠯᠠᠯ᠂ ᠪᠠᠶᠢᠭᠤᠯᠤᠮᠵᠢ᠂ ᠶᠡᠭᠡ | ᠳᠡᠭᠡᠳᠦ ᠰᠤᠷᠭᠠᠭᠤᠯᠢ ᠶᠢᠨ ᠬᠢᠨ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠦᠷ᠎ᠡ | ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠶᠡᠭᠧᠪᠦ᠋·ᠶᠠᠨᠰᠧᠨ ᠪᠣᠯᠣᠨ ᠯᠠᠨᠳᠧᠷ ᠢᠳᠡᠪᠬᠢᠲᠡᠢ | ᠬᠠᠷᠢᠭᠤᠯᠲᠠ ᠥᠭᠴᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ | ᠢᠯᠡᠳᠬᠡᠪᠡ᠃ | ᠠᠶᠢᠯᠴᠢᠯᠠᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠲᠤᠰ ᠲᠤᠰ ᠧᠦ ᠯᠢᠦᠢ ᠪᠦᠦ ᠪᠦᠯᠦᠭᠯᠡᠯ᠂ ᠰᠢᠮᠧᠨ᠋ᠽ | ᠺᠤᠮᠫᠠᠨᠢ᠂ GEA ᠺᠤᠮᠫᠠᠨᠢ᠂ ᠮᠧᠩ ᠲᠠᠢ APT ᠭᠧᠷᠮᠠᠨ ᠤ ᠶᠡᠷᠦᠩᠬᠡᠢ ᠬᠡᠯᠲᠡᠰ᠂ ᠬᠤᠸᠠᠩ ᠵᠢᠶᠠ ᠳ᠋ᠢ ᠰᠧ ᠮᠠᠨ | ᠺᠤᠮᠫᠠᠨᠢ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠬᠥᠭᠵᠢᠯᠲᠡ ᠶᠢᠨ ᠪᠦᠯᠦᠭᠯᠡᠯ᠂ ᠬᠤᠯᠠᠨᠳ᠋ ᠤᠨ ᠬᠤᠷᠰᠢᠭᠰᠠᠨ | ᠪᠠᠩᠬᠢ᠂ ᠺᠧᠬᠠᠨᠰᠧᠨ ᠺᠤᠮᠫᠠᠨᠢ᠂ ᠠᠯᠠᠹᠦ᠋ᠽ ᠺᠤᠮᠫᠠᠨᠢ ᠵᠡᠷᠭᠡ ᠠᠵᠤ ᠠᠬᠤᠶᠢᠯᠠᠯ ᠳᠤ ᠰᠢᠨᠵᠢᠯᠡᠨ ᠪᠠᠶᠢᠴᠠᠭᠠᠵᠤ᠂ ᠮᠧᠩ | ᠲᠠᠢ APT ᠭᠧᠷᠮᠠᠨ ᠤ ᠶᠡᠷᠦᠩᠬᠡᠢ ᠬᠡᠯᠲᠡᠰ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠡᠸᠦ᠋ᠷᠦᠫᠡ ᠲᠢᠪ ᠤᠨ ᠰᠢᠨ᠎ᠡ ᠶᠢ ᠡᠭᠦᠳᠬᠦ ᠲᠥᠪ ᠤᠨ ᠫᠠᠶᠢᠰᠠ ᠡᠯᠭᠦᠬᠦ ᠶᠣᠰᠣᠯᠠᠯ ᠳᠤ | ᠤᠷᠤᠯᠴᠠᠵᠤ᠂ ᠣᠷᠳᠣᠰ ᠬᠤᠲᠠ᠂ ᠢᠯᠢ ᠪᠦᠯᠦᠭᠯᠡᠯ᠂ ᠮᠧᠩ ᠨᠢᠦ ᠪᠦᠯᠦᠭᠯᠡᠯ ᠤᠨ ᠭᠤᠷᠪᠠᠨ ᠤᠯᠤᠰ ᠤᠨ ᠬᠠᠮᠢᠶ᠎ᠠ | ᠪᠦᠬᠦᠢ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠢ | ᠭᠡᠷᠡᠴᠢᠯᠡᠭᠰᠡᠨ ᠪᠥᠭᠡᠳ ᠰᠦ ᠶᠢᠨ ᠦᠢᠯᠡᠰ ᠤᠨ ᠬᠥᠭᠵᠢᠯᠲᠡ᠂ ᠬᠥᠩᠭᠡᠨᠴᠠᠭᠠᠨ ᠤ ᠰᠡᠭᠦᠯᠴᠢ ᠶᠢᠨ | ᠬᠤᠭᠤᠴᠠᠭᠠᠨ ᠳᠠᠬᠢ ᠨᠠᠷᠢᠯᠢᠭ ᠡᠳ᠋ᠰᠢᠭᠦᠯᠬᠦ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ | ᠲᠣᠭᠠᠴᠢᠯᠠᠭᠰᠠᠨ ᠮᠡᠷᠭᠡᠵᠢᠯ ᠵᠡᠷᠭᠡ ᠲᠠᠯ᠎ᠠ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠠᠶᠢᠯᠴᠢᠯᠠᠯᠲᠠ ᠬᠢᠪᠡ᠃ |