ᠪᠣᠬᠢᠷᠲᠤᠯ ᠥᠬᠡᠶ ᠬᠥᠭᠵᠢᠯᠲᠡ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2023/9/21
ᠡᠯ᠎ᠡ ᠬᠤᠰᠢᠭᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠲᠣᠪᠴᠢᠶ᠎ᠠ︶᠎ ᠳᠤ᠄     ︽︿ᠠᠷᠪᠠᠨ ᠳᠥᠷᠪᠡᠳᠦᠭᠡᠷ ᠲᠠᠪᠤᠨ ᠵᠢᠯ ﹀᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ᠥᠰᠥᠭ ﹇2021﹈ 758 ᠳ᠋ᠤᠭᠠᠷ ᠲᠣᠭᠠᠲᠤ︶ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠪᠡᠶᠡᠯᠡᠭᠦᠯᠬᠦ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠥᠭᠡᠳ ᠵᠣᠬᠢᠬᠤ ᠦᠷ᠎ᠡ ᠪᠦᠲᠦᠮᠵᠢ ᠤᠯᠪᠠ᠃ ᠣᠳᠣᠬᠠᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠴᠠᠭ ᠪᠣᠯᠵᠦ᠂ ᠮᠠᠨ ᠤ ᠠᠶᠢᠮᠠᠭ ᠤᠨ ᠪᠣᠬᠢᠷᠲᠤᠯ ᠥᠬᠡᠶ ᠬᠥᠭᠵᠢᠯᠲᠡ ᠶᠢᠨ ᠤᠰᠤ ᠬᠡᠷᠡᠭᠯᠡᠬᠦ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ ᠳᠤᠤᠷᠠᠬᠢ ᠮᠡᠲᠦ ᠱᠠᠭᠠᠷᠳᠠᠯᠭ᠎ᠠ ᠳᠤᠷᠠᠳᠪᠠ᠂ ᠬᠢᠨᠠᠮᠠᠭᠠᠶ ᠨᠠᠶᠢᠳᠠᠪᠣᠷᠢᠵᠢᠭᠤᠯᠣᠭᠠᠷᠠᠢ᠃    ᠨᠢᠭᠡ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ    ᠨᠢᠭᠡ ᠳᠤ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠳᠤ ᠭᠤᠤᠯᠯᠠᠬᠤ ᠢᠨᠵᠧᠨᠧᠷᠢᠩ ᠪᠣᠯᠤᠨ ᠲᠡᠭᠦᠰᠬᠡᠯ ᠦᠵᠦᠭᠦᠷ ᠲᠠᠬᠢ ᠰᠤᠪᠠᠭ ᠤᠨ ᠰᠢᠰᠲ᠋ᠧᠮ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠦᠵᠦᠭᠦᠷ ᠤᠨ ᠤᠰᠤᠨ ᠤ ᠦᠨ᠎ᠡ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠠᠶᠢᠪᠠᠯ᠂ ᠥᠪᠡᠷ ᠤᠨ ᠥᠷᠲᠡᠭ ᠢ ᠬᠢᠨᠠᠨ ᠰᠢᠯᠭᠠᠬᠤ ᠶᠢ ᠥᠷᠨᠢᠭᠦᠯᠵᠦ᠂ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠪᠠ ᠪᠦᠬᠦ ᠥᠪᠡᠷ ᠤᠨ ᠥᠷᠲᠡᠭ ᠤᠨ ᠬᠢᠷᠢ ᠬᠡᠮᠵᠢᠶ᠎ᠡ ᠶᠢ ᠡᠵᠡᠮᠰᠢᠨ ᠂ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠲᠤ ᠬᠦᠷᠦᠭᠰᠡᠨ ᠤᠰᠤᠨ ᠤ ᠦᠨ᠎ᠡ ᠪᠠ ᠪᠦᠬᠦ ᠥᠪᠡᠷ ᠤᠨ ᠥᠷᠲᠡᠭ ᠤᠨ ᠤᠰᠤᠨ ᠤ ᠦᠨ᠎ᠡ ᠶᠢ ᠲᠥᠰᠦᠭᠡᠯᠡᠨ ᠪᠣᠳᠣᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤᠨ ᠤ ᠦᠨ᠎ᠡ ᠶᠢ ᠵᠦᠢ ᠵᠣᠬᠢᠰᠲᠠᠶ ᠲᠣᠭᠲᠠᠭᠠᠬᠤ ᠪᠤᠶᠤ ᠲᠣᠬᠢᠷᠠᠭᠤᠯᠬᠤ ᠬᠡᠷᠡᠭᠲᠡᠶ︔ ᠡᠴᠦᠰ ᠤᠨ ᠰᠤᠪᠠᠭ ᠤᠨ ᠰᠢᠰᠲ᠋ᠧᠮ ᠨᠢ ᠵᠥᠪᠳᠡᠯᠴᠡᠨ ᠦᠨ᠎ᠡ ᠲᠣᠭᠲᠠᠭᠠᠬᠤ ᠪᠠᠷ ᠭᠤᠤᠯ ᠪᠣᠯᠭᠠᠨ᠎ᠠ᠃ ᠬᠤᠶᠠᠷ ᠲᠤ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠠᠯᠬᠤᠮ ᠠᠯᠬᠤᠮ ᠢᠶᠠᠷ ᠠᠵᠢᠯᠯᠠᠭᠤᠯᠬᠤ ᠪᠠ ᠰᠡᠯᠪᠢᠨ ᠬᠠᠮᠠᠭᠠᠯᠠᠬᠤ ᠥᠪᠡᠷ ᠤᠨ ᠥᠷᠲᠡᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠪᠦᠷᠢᠮᠦᠰᠦᠨ ᠥᠪᠡᠷ ᠤᠨ ᠥᠷᠲᠡᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠭᠲᠠᠭᠰᠠᠨ ᠲᠤᠭ᠎ᠠ ︵ᠲᠥᠯᠥᠪᠯᠡᠭᠡ︶᠎ ᠠᠴᠠ ᠬᠡᠲᠦᠷᠡᠲᠡᠯ᠎ᠡ ᠤᠰᠤ ᠬᠡᠷᠡᠭᠯᠡᠪᠡᠯ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠷᠪᠠ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠦᠭᠰᠡᠨ ᠮᠥᠷᠲᠡᠭᠡᠨ ᠨᠢᠭᠡᠨᠲᠡ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠨᠥᠬᠦᠴᠡᠯ ᠢ ᠪᠦᠷᠢᠳᠦᠭᠦᠯᠦᠭᠰᠡᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠳᠤ᠂ ᠦᠨ᠎ᠡ ᠬᠠᠩᠰᠢ ᠶᠢ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠵᠠᠯᠭᠠᠮᠵᠢ ᠠᠵᠢᠯ ᠢ ᠥᠷᠨᠢᠭᠦᠯᠦᠨ᠎ᠡ᠃ ᠣᠳᠣᠬᠠᠨ ᠳᠤ ᠬᠠᠩᠭᠠᠬᠤ ᠬᠡᠷᠡᠭᠰᠡᠬᠦ ᠬᠤᠶᠠᠷ ᠲᠠᠯ᠎ᠠ ᠪᠠᠷ ᠢᠶᠠᠨ ᠵᠥᠪᠳᠡᠯᠴᠡᠨ ᠦᠨ᠎ᠡ ᠲᠣᠭᠲᠠᠭᠠᠬᠤ ᠨᠥᠬᠦᠴᠡᠯ ᠢ ᠨᠢᠭᠡᠨᠲᠡ ᠪᠦᠷᠢᠳᠦᠭᠦᠯᠦᠭᠰᠡᠨ ᠪᠥᠭᠡᠳ ᠵᠥᠪᠳᠡᠯᠴᠡᠨ ᠦᠨ᠎ᠡ ᠳᠣᠭᠳᠠᠭᠠᠵᠦ ᠬᠠᠮᠢᠶᠠᠷᠬᠤ ᠪᠠᠷ ᠪᠠᠶᠢᠭ᠎ᠠ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠩᠭᠠᠬᠤ ᠤᠰᠤᠨ ᠤ ᠦᠨ᠎ᠡ ᠬᠠᠩᠰᠢ ᠳᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠠᠰᠢᠭᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ ᠦᠨ᠎ᠡ ᠬᠠᠩᠰᠢ ᠶᠢ ᠴᠢᠯᠥᠭᠡᠲᠡᠶ ᠲᠠᠯᠪᠢᠨ᠂ ᠵᠥᠪᠳᠡᠯᠴᠡᠨ ᠦᠨ᠎ᠡ ᠲᠣᠭᠲᠠᠭᠠᠬᠤ ᠶᠢ ᠲᠣᠳᠣᠷᠬᠠᠶ ᠬᠡᠷᠡᠭᠵᠢᠭᠦᠯᠬᠦ ᠬᠡᠷᠡᠭᠲᠡᠶ᠃ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠩᠭᠠᠬᠤ ᠤᠰᠤᠨ ᠤ ᠦᠨ᠎ᠡ ᠬᠠᠩᠰᠢ ᠳᠤ ᠵᠥᠪᠳᠡᠯᠴᠡᠨ ᠦᠨ᠎ᠡ ᠲᠣᠭᠲᠠᠭᠠᠬᠤ ᠶᠢ ᠬᠡᠷᠡᠭᠵᠢᠭᠦᠯᠦᠭᠰᠡᠨ ᠪᠣᠯ ᠤᠰᠤᠨ ᠠᠰᠢᠭᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠢᠯᠣᠭᠤᠳᠤᠨ᠎ᠠ᠃    ᠬᠤᠶᠠᠷ᠂ ᠬᠤᠲᠠ ᠪᠠᠯᠭᠠᠰᠤ ᠶᠢᠨ ᠤᠰᠤ ᠬᠠᠩᠭᠠᠬᠤ ᠦᠨ᠎ᠡ ᠬᠠᠩᠰᠢ ᠶᠢᠨ ᠪᠣᠶ ᠪᠣᠯᠬᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ    ︽ᠵᠥᠪᠰᠢᠶᠡᠷᠡᠭᠰᠡᠨ ᠥᠪᠡᠷ ᠤᠨ ᠥᠷᠲᠡᠭ + ᠵᠦᠶ ᠵᠣᠬᠢᠰᠲᠠᠶ ᠠᠰᠢᠭ ᠣᠯᠵᠠᠪᠤᠷᠢ︾᠎ ᠪᠠᠷ ᠭᠤᠤᠯ ᠪᠣᠯᠭᠠᠭᠰᠠᠨ ᠂ ᠤᠰᠤ ᠬᠠᠩᠭᠠᠬᠤ ᠠᠵᠢᠯ ᠲᠥᠷᠥᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠦᠨ᠎ᠡ ᠬᠠᠩᠰᠢ ᠶᠢᠨ ᠪᠦᠷᠢᠯᠳᠦᠯ ᠪᠠ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠥᠪᠡᠷ ᠤᠨ ᠥᠷᠲᠡᠭ ᠢ ᠨᠥᠬᠦᠪᠥᠷᠢᠯᠡᠬᠦ ᠬᠢᠷᠢ ᠬᠡᠮᠵᠢᠶ᠎ᠡ ᠶᠢᠨ ᠶᠣᠰᠣᠭᠠᠷ ᠲᠣᠭᠲᠠᠭᠠᠵᠤ ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠥᠪᠡᠷ ᠤᠨ ᠥᠷᠲᠡᠭ ᠢ ᠨᠥᠬᠦᠪᠥᠷᠢᠯᠡᠬᠦ ᠶᠢᠨ ᠬᠠᠮᠲᠤ ᠵᠦᠶ ᠵᠣᠬᠢᠰᠲᠠᠶ ᠠᠰᠢᠭ ᠣᠯᠵᠠᠪᠤᠷᠢ ᠶᠢᠨ ᠬᠢᠷᠢ ᠬᠡᠮᠵᠢᠶ᠎ᠡ ᠬᠦᠷᠲᠡᠯ᠎ᠡ ᠲᠣᠬᠢᠷᠠᠭᠤᠯᠤᠨ᠎ᠠ᠃ ᠬᠤᠲᠠ ᠪᠠᠯᠭᠠᠰᠤ ᠶᠢᠨ ᠤᠰᠤ ᠬᠠᠩᠭᠠᠬᠤ ᠳᠡᠭᠡᠳᠦ ᠳᠣᠤᠷᠠᠳᠤ ᠬᠡᠯᠬᠢᠶ᠎ᠡ ᠶᠢᠨ ᠦᠨ᠎ᠡ ᠬᠠᠩᠰᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠶ᠃ ᠬᠤᠲᠠ ᠪᠠᠯᠭᠠᠰᠤ ᠶᠢᠨ ᠤᠰᠤ ᠬᠠᠩᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠶᠢ ᠴᠢᠩᠭᠠᠷᠠᠭᠤᠯᠵᠤ᠂ ᠥᠪᠡᠷ ᠤᠨ ᠥᠷᠲᠡᠭ ᠢ ᠢᠯᠡ ᠪᠣᠯᠭᠠᠬᠤ ᠳᠦᠷᠢᠮ ᠢ ᠲᠡᠭᠦᠯᠳᠡᠷᠵᠢᠭᠦᠯᠦᠨ᠂ ᠬᠢᠵᠠᠭᠠᠷᠯᠠᠵᠤ ᠤᠷᠮᠠᠰᠢᠭᠤᠯᠬᠤ ᠲᠣᠭᠲᠠᠴᠠ ᠶᠢ ᠣᠷᠣᠭᠤᠯᠵᠤ ᠢᠷᠡᠨ᠂ ᠤᠰᠤ ᠬᠠᠩᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃     ᠭᠤᠷᠪᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠭᠡᠰᠡᠭ ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ     ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠤᠰᠤᠨ ᠤ ᠡᠬᠢ ᠪᠠᠶᠠᠯᠢᠭ ᠤᠨ ᠬᠤᠪᠢᠷᠠᠯᠲᠠ ᠪᠣᠯᠤᠨ ᠮᠡᠷᠭᠡᠵᠢᠯ ᠤᠨ ᠳᠠᠪᠰᠢᠯᠲᠠ ᠵᠡᠷᠭᠡ ᠬᠦᠴᠦᠨ ᠵᠦᠢᠯ ᠢ ᠦᠨᠳᠦᠰᠦᠯᠡᠨ᠂ ᠲᠣᠰ ᠭᠠᠵᠠᠷ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ᠂ ᠤᠰᠤ ᠬᠡᠷᠡᠭᠯᠡᠬᠦ ᠲᠣᠮᠣ ᠡᠷᠦᠬᠡ ᠳᠤ ᠴᠢᠭᠯᠡᠭᠦᠯᠦᠨ ᠲᠥᠯᠥᠪᠯᠡᠭᠰᠡᠨ ᠤᠰᠤ ᠬᠡᠷᠡᠭᠯᠡᠬᠦ ᠬᠡᠮᠵᠢᠶ᠎ᠡ ᠶᠢ ᠳᠠᠭᠢᠵᠤ ᠪᠠᠭᠤᠯᠭᠠᠬᠤ ᠶᠢ ᠰᠠᠨᠠᠭᠤᠯᠵᠤ ᠪᠠᠶᠢᠨ᠎ᠠ᠃ ᠲᠡᠷᠢᠭᠦᠨ ᠤ ᠠᠵᠤ ᠠᠬᠤᠶᠢᠯᠠᠯ ᠢᠶᠠᠷ ᠪᠠᠷᠢᠮᠵᠢᠶᠠᠯᠠᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠳᠡᠰ ᠬᠤᠪᠢᠶᠠᠭᠰᠠᠨ ᠤᠰᠤᠨ ᠤ ᠬᠡᠮᠵᠢᠶ᠎ᠡ ᠪᠠ ᠦᠨ᠎ᠡ ᠨᠡᠮᠡᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ 2023 ᠣᠨ ᠤ ᠵᠢᠯ ᠤᠨ ᠡᠴᠦᠰ ᠠᠴᠠ ᠡᠮᠦᠨ᠎ᠡ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠨᠤᠭᠤᠳ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠᠨ ᠴᠢᠩᠭ᠎ᠠ ᠲᠣᠬᠢᠷᠠᠭᠤᠯᠵᠤ᠂ ᠦᠨ᠎ᠡ ᠨᠡᠮᠡᠬᠦ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠳᠤᠲᠠᠭᠳᠠᠵᠤ ᠪᠠᠶᠢᠭ᠎ᠠ ᠬᠡᠮᠵᠢᠶ᠎ᠡ ᠶᠢ ᠭᠦᠢᠴᠡᠳ ᠲᠤᠰᠬᠠᠬᠤ ᠬᠡᠷᠡᠭᠲᠡᠶ᠃ ︽ᠬᠤᠶᠠᠷ ᠥᠨᠳᠥᠷ ᠨᠢᠭᠡ ᠦᠯᠡᠭᠦᠳᠡᠯ︾ ᠵᠡᠷᠭᠡ ᠠᠵᠢᠯ ᠲᠥᠷᠥᠯ ᠳᠤ ᠨᠡᠩ ᠥᠨᠳᠥᠷ ᠦᠨ᠎ᠡ ᠨᠡᠮᠡᠬᠦ ᠪᠠᠷᠢᠮᠵᠢᠶ᠎ᠠ ᠶᠢ ᠬᠡᠷᠡᠭᠵᠢᠭᠦᠯᠵᠦ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠦᠷᠬᠡᠨ ᠰᠢᠭᠰᠢᠭᠳᠡᠭᠦᠯᠵᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃     ᠳᠥᠷᠪᠡ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠪᠠ ᠳᠣᠬᠢᠷᠠᠭᠤᠯᠣᠨ᠎ᠠ    ︽ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠰᠦᠢᠳᠬᠡᠯ ᠥᠰᠥᠭ ﹇2023﹈ 85 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠶᠢ ᠲᠦᠷᠭᠡᠳᠬᠡᠨ᠎ᠡ᠃ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠪᠣᠬᠢᠷ ᠤᠰᠤ ᠰᠢᠢᠳᠪᠦᠷᠢᠯᠡᠬᠦ  ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠢᠴᠢ ᠪᠣᠬᠢᠷ ᠰᠢᠪᠠᠷ ᠢ ᠰᠢᠢᠳᠪᠦᠷᠢᠯᠡᠬᠦ ᠥᠪᠡᠷ ᠤᠨ ᠥᠷᠲᠡᠭ ᠢ ᠨᠥᠬᠦᠪᠥᠷᠢᠯᠡᠬᠦ ᠶᠢᠨ ᠬᠠᠮᠲᠤ ᠵᠣᠬᠢᠬᠤ ᠬᠡᠮᠵᠢᠶᠡᠨ ᠤ ᠠᠰᠢᠭ ᠣᠯᠵᠠᠪᠤᠷᠢ ᠲᠠᠢ ᠪᠠᠶᠢᠯᠭᠠᠵᠤ᠂ ᠪᠣᠬᠢᠷ ᠤᠰᠤ ᠰᠢᠢᠳᠪᠦᠷᠢᠯᠡᠬᠦ ᠠᠵᠢᠯ ᠲᠥᠷᠥᠯ ᠤᠨ ᠰᠠᠶᠢᠨ ᠣᠷᠴᠢᠯ ᠲᠠᠢ ᠪᠠᠶᠢᠬᠤ ᠶᠢ ᠠᠬᠢᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠡᠳ᠋ ᠤᠨ ᠬᠦᠴᠦᠨ᠂ ᠨᠡᠶᠢᠭᠡᠮ ᠤᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠶ᠋ᠯ ᠢ ᠶᠡᠷᠦᠩᠬᠡᠶᠢᠯᠡᠨ ᠪᠣᠳᠣᠯᠬᠢᠯᠠᠵᠤ᠂ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠳᠤᠤᠷ᠎ᠠ ᠠᠴᠠ ᠪᠣᠯᠵᠤ ᠥᠪᠡᠷ ᠤᠨ ᠥᠷᠲᠡᠭ ᠢ ᠨᠥᠬᠦᠪᠥᠷᠢᠯᠡᠵᠦ ᠳᠡᠶᠢᠯᠬᠦ ᠦᠭᠡᠶ ᠪᠣᠯ᠂ ᠡᠯ᠎ᠡ ᠭᠠᠵᠠᠷ ᠤᠨ ᠬᠢᠨ ᠪᠣᠬᠢᠷ ᠤᠰᠤ ᠰᠢᠢᠳᠪᠦᠷᠢᠯᠡᠬᠦ ᠰᠦᠢᠳᠬᠡᠯ ᠳᠤ ᠲᠣᠬᠢᠷᠠᠭᠤᠯᠤᠯᠲᠠ ᠬᠢᠬᠦ ᠲᠥᠰᠦᠯ ᠢᠶᠠᠨ ᠱᠠᠯᠠᠪᠳᠠᠨ ᠲᠣᠭᠲᠠᠭᠠᠨ ᠨᠡᠶᠢᠲᠡᠯᠡᠵᠦ᠂ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠪᠠᠨ ᠳᠡᠰ ᠳᠠᠷᠠᠭᠠᠯᠠᠯ ᠤᠨ ᠶᠣᠰᠣᠭᠠᠷ ᠲᠣᠬᠢᠷᠠᠭᠤᠯᠬᠤ ᠬᠡᠷᠡᠭᠲᠡᠶ᠃    ᠲᠠᠪᠤ᠂ ᠠᠵᠤ ᠠᠬᠤᠶᠢᠯᠠᠯ ᠤᠨ ᠪᠣᠬᠢᠷ ᠤᠰᠤ ᠭᠠᠳᠠᠭᠰᠢᠯᠠᠭᠤᠯᠬᠤ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠣᠨ᠎ᠠ    ᠠᠵᠤ ᠠᠬᠤᠶᠢᠯᠠᠯ ᠤᠨ ᠭᠠᠳᠠᠭᠰᠢᠯᠠᠭᠤᠯᠤᠭᠰᠠᠨ ᠪᠣᠬᠢᠷ ᠡᠳ᠋ ᠤᠨ ᠳᠣᠲᠣᠷᠠᠬᠢ ᠭᠤᠣᠯ ᠪᠣᠯᠬᠤ ᠲᠥᠷᠥᠯ ᠵᠦᠢᠯ᠂ ᠥᠳᠬᠡᠴᠡ ᠶᠢᠨ ᠬᠡᠮᠵᠢᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠶᠢ ᠦᠨᠳᠦᠰᠦᠯᠡᠨ᠂ ᠪᠣᠬᠢᠷ ᠤᠰᠤ ᠰᠢᠢᠳᠪᠦᠷᠢᠯᠡᠬᠦ ᠵᠥᠷᠢᠶᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠥᠷᠥᠯ ᠪᠠ ᠳᠡᠰ ᠬᠤᠪᠢᠶᠠᠨ ᠲᠣᠭᠲᠠᠭᠠᠵᠤ᠂ ᠠᠵᠤ ᠠᠬᠤᠶᠢᠯᠠᠯ ᠤᠨ ᠪᠣᠬᠢᠷ ᠤᠰᠤ ᠶᠢ ᠤᠷᠢᠳᠴᠢᠯᠠᠨ ᠰᠢᠢᠳᠪᠦᠷᠢᠯᠡᠬᠦ ᠪᠠ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠎ᠠ᠃ ᠵᠥᠷᠢᠶᠡᠴᠢᠯᠡᠭᠰᠡᠨ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠭᠤᠣᠯ ᠪᠣᠯᠬᠤ ᠪᠣᠬᠢᠷ ᠪᠣᠳᠠᠰ ᠤᠨ ᠲᠥᠷᠥᠯ ᠵᠦᠢᠯ ᠢ ᠲᠤᠬᠠᠢ ᠶᠢᠨ ᠭᠠᠵᠠᠷ ᠎ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠬᠢᠷ ᠪᠣᠳᠠᠰ ᠤᠨ ᠥᠳᠬᠡᠴᠡ ᠶᠢᠨ ᠲᠡᠰ ᠬᠤᠪᠢᠶᠠᠬᠤ ᠪᠠ ᠦᠨ᠎ᠡ ᠶᠢᠨ ᠵᠥᠷᠢᠶᠡᠲᠦ ᠪᠠᠷᠢᠮᠵᠢᠶ᠎ᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠪᠣᠬᠢᠷ ᠪᠣᠳᠠᠰ ᠤᠨ ᠵᠥᠷᠢᠶᠡᠴᠢᠯᠡᠭᠰᠡᠨ ᠤᠯᠠᠨ ᠵᠦᠢᠯ ᠤᠨ ᠰᠦᠢᠳᠬᠡᠯ ᠬᠤᠷᠢᠶᠠᠬᠤ ᠲᠥᠷᠥ ᠶᠢᠨ ᠪᠤᠳᠤᠯᠭ᠎ᠠ ᠶᠢ ᠰᠦᠪᠡᠭᠴᠢᠯᠡᠵᠦ ᠪᠣᠯᠤᠨ᠎ᠠ᠃ ᠠᠵᠤ ᠠᠬᠤᠶᠢᠯᠠᠯ ᠤᠨ ᠪᠣᠬᠢᠷ ᠤᠰᠤ ᠭᠠᠳᠠᠭᠰᠢᠯᠠᠭᠤᠯᠬᠤ ᠬᠡᠮᠵᠢᠶ᠎ᠡ᠂ ᠪᠣᠬᠢᠷ ᠤᠰᠤ ᠳᠠᠬᠢ ᠭᠤᠤᠯ ᠪᠣᠯᠬᠤ ᠪᠣᠬᠢᠷ ᠡᠳ᠋ ᠤᠨ ᠲᠥᠷᠥᠯ ᠵᠦᠢᠯ᠂ ᠥᠳᠬᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠵᠦ ᠨᠡᠶᠢᠲᠡᠯᠡᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠣᠳᠣᠬᠠᠨ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠨᠢᠭᠡᠨᠲᠡ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠤᠰᠤᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠴᠤ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠦᠷᠬᠡᠨ ᠬᠡᠷᠡᠭᠵᠢᠭᠦᠯᠬᠦ ᠬᠡᠷᠡᠭᠲᠡᠶ᠃    ᠪᠣᠬᠢᠷᠲᠤᠯ ᠥᠬᠡᠶ ᠤᠰᠤ ᠬᠡᠷᠡᠭᠯᠡᠬᠦ ᠦᠨ᠎ᠡ ᠬᠠᠩᠰᠢ ᠶᠢᠨ ᠲᠣᠭᠲᠠᠴᠠ ᠶᠢ ᠠᠬᠢᠭᠤᠯᠬᠤ ᠳᠤ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠴᠢᠬᠤᠯᠠᠲᠠᠶ᠃ ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠦᠨ᠎ᠡ ᠬᠠᠩᠰᠢ᠂ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠵᠠᠰᠠᠭ᠂ ᠮᠥᠩᠭᠦᠨ ᠬᠦᠢᠯᠬᠡᠬᠡ᠂ ᠪᠠᠯᠠ ᠣᠷᠣᠭᠤᠯᠤᠯᠲᠠ᠂ ᠠᠵᠤ ᠦᠢᠯᠡᠰ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠣᠬᠢᠷᠲᠤᠯ ᠥᠬᠡᠶ ᠪᠠᠷ ᠤᠰᠤ ᠬᠡᠷᠡᠭᠯᠡᠬᠦ ᠶᠢ ᠬᠠᠮᠲᠤᠪᠠᠷ ᠠᠬᠢᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号