9 ᠰᠠᠷ᠎ᠠ ᠶᠢᠨ 15 — 17 ᠤ ᠡᠳᠦᠷ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠭᠢᠯᠡᠭᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ | ᠪᠢᠴᠢᠭ ᠤᠨ ᠰᠤᠳᠤᠯᠭᠠᠨ ᠬᠡᠷᠡᠭᠯᠡᠭᠡᠨ ᠤ ᠲᠥᠪ ᠠᠴᠠ ᠭᠤᠣᠯᠯᠠᠨ ᠡᠷᠭᠢᠯᠡᠵᠦ᠂ ᠠᠯᠠᠱᠠ ᠠᠶᠢᠮᠠᠭ ᠤᠨ | ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠠᠨᠠᠷ ᠤᠨ ᠦᠷ᠎ᠡ e︾ ᠦᠨᠳᠦᠰᠦᠲᠡᠨ ᠤ ᠪᠦᠯᠬᠦᠮᠳᠡᠯ ᠤᠨ ᠲᠣᠣᠷ ᠢ | ᠨᠢᠭᠲᠠ ᠰᠦᠯᠵᠢᠨᠡᠮ — ᠬᠢᠯᠢ ᠬᠢᠵᠠᠭᠠᠷ ᠣᠷᠣᠨ ᠳᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠦᠢᠯᠡᠴᠢᠯᠡᠭᠡ | ᠬᠦᠷᠭᠡᠬᠦ ᠠᠵᠢᠯᠯᠠᠭ᠎ᠠ ᠠᠯᠠᠱᠠ ᠪᠠᠷᠠᠭᠤᠨ ᠬᠤᠰᠢᠭᠤᠨ ᠳᠤ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ | ᠵᠥᠪᠯᠡᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠰᠢᠰᠲ᠋ᠧᠮ ᠲᠠᠢ | ᠭᠦᠨᠵᠡᠭᠡᠢ ᠥᠷᠨᠢᠭᠦᠯᠬᠦ ᠨᠢᠭᠡ ᠴᠢᠬᠤᠯᠠ ᠠᠭᠤᠯᠭ᠎ᠠ ᠪᠤᠯᠬᠤ ᠮᠥᠷᠲᠡᠭᠡᠨ ᠦᠨᠳᠦᠰᠦᠲᠡᠨ ᠤ ᠠᠵᠢᠯ ᠤᠨ ᠰᠠᠯᠠᠭ᠎ᠠ | ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠭᠠᠵᠠᠷ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠤᠯᠴᠠᠬᠤ ᠪᠦᠲᠦᠮᠵᠢᠲᠡᠶ ᠠᠷᠭ᠎ᠠ | ᠬᠡᠮᠵᠢᠶ᠎ᠡ ᠪᠣᠯᠣᠨ᠎ᠠ᠃ ᠠᠵᠢᠯᠯᠠᠭ᠎ᠠ ᠨᠢ 3 ᠡᠳᠦᠷ ᠶᠠᠪᠤᠭᠳᠠᠵᠤ᠂ ︽ᠠᠨᠠᠷ ᠤᠨ ᠦᠷ᠎ᠡ e︾ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠭᠤᠣᠯ ᠭᠦᠭ ᠠᠶᠠᠰ ᠢ ᠴᠢᠪᠬᠠᠳᠠᠬᠤ ᠶᠢᠨ ᠲᠣᠭᠤᠷᠢᠨ ᠳᠤ᠂ ᠲᠤᠰᠬᠠᠢ ᠰᠡᠳᠦᠪᠲᠦ | ᠲᠠᠶᠢᠯᠤᠮᠵᠢ ᠡᠷᠭᠢᠯᠡᠭᠦ᠂ ᠬᠡᠷᠡᠭᠯᠡᠭᠡᠨ ᠤ ᠮᠡᠷᠭᠡᠵᠢᠯ ᠤᠨ ᠬᠠᠪᠰᠤᠷᠤᠨ ᠵᠢᠯᠣᠭᠤᠳᠤᠯᠭ᠎ᠠ ᠬᠠᠩᠭᠠᠬᠤ᠂ ᠠᠨᠠᠭᠠᠬᠤ | ᠤᠬᠠᠭᠠᠨ ᠤ ᠲᠤᠰᠬᠠᠢ ᠮᠡᠷᠭᠡᠵᠢᠯᠲᠡᠨ ᠤ ᠡᠮᠴᠢᠯᠡᠭᠡ ᠬᠢᠬᠦ ᠵᠡᠷᠭᠡ ᠠᠭᠤᠯᠭ᠎ᠠ ᠶᠢ ᠬᠠᠮᠤᠷᠴᠤ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠮᠡᠳᠡᠭᠡ ᠵᠠᠩᠭᠢ ᠶᠢᠨ ᠬᠤᠰᠢᠭᠤᠷᠠᠯ ᠮᠡᠷᠭᠡᠵᠢᠯ᠂ | ᠣᠶᠤᠨᠴᠢ ᠮᠠᠯ ᠠᠵᠤ ᠠᠬᠤᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠠᠴᠠ | ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠤᠯᠭ᠎ᠠ ᠬᠢᠬᠦ᠂ ᠮᠡᠳᠡᠭᠡ | ᠵᠠᠩᠭᠢᠵᠢᠯᠲᠠ ᠶᠢᠨ ᠮᠡᠷᠭᠡᠵᠢᠯ ᠤᠨ ᠲᠤᠰᠬᠠᠢ ᠰᠡᠳᠦᠪᠲᠦ ᠲᠠᠶᠢᠯᠤᠮᠵᠢ ᠡᠷᠭᠢᠯᠡᠭᠦ᠂ ᠲᠤᠰᠬᠠᠢ ᠰᠡᠳᠦᠪ ᠢᠶᠠᠷ ᠬᠠᠪᠰᠤᠷᠤᠨ | ᠵᠢᠯᠤᠭᠤᠳᠬᠤ᠂ ᠬᠡᠷᠡᠭᠯᠡᠭᠡᠨ ᠤ ᠮᠡᠷᠭᠡᠵᠢᠯ ᠤᠨ ᠬᠠᠪᠰᠤᠷᠤᠨ ᠵᠢᠯᠣᠭᠤᠳᠤᠯᠭ᠎ᠠ ᠬᠢᠬᠦ᠂ ᠬᠥᠳᠡᠭᠡ ᠲᠣᠰᠬᠤᠨ ᠳᠤ | ᠡᠮᠴᠢᠯᠡᠭᠡ ᠬᠦᠷᠭᠡᠬᠦ᠂ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ | ᠦᠵᠡᠭᠦᠯᠭᠦ ᠶᠢ ᠤᠶᠠᠯᠳᠤᠭᠤᠯᠬᠤ ᠠᠷᠭ᠎ᠠ ᠭᠡᠯᠪᠡᠷᠢ ᠪᠠᠷ ᠶᠠᠪᠤᠭᠳᠠᠪᠠ᠃ ᠠᠵᠢᠯᠯᠠᠭ᠎ᠠ ᠨᠢ ᠨᠡᠶᠢᠭᠡᠮ ᠨᠡᠶᠢᠲᠡ ᠳᠤ | ᠰᠣᠶᠣᠯ ᠤᠨ ᠦᠪᠡᠳᠡᠭᠰᠢ ᠳᠠᠶᠢᠯᠠᠯᠭ᠎ᠠ᠂ ᠰᠢᠨᠵᠢᠯᠡᠭᠡ ᠮᠡᠷᠭᠡᠵᠢᠯ ᠤᠨ ᠮᠡᠳᠡᠯᠭᠡ᠂ ᠡᠷᠡᠭᠦᠯ ᠰᠠᠷᠠᠭᠤᠯ ᠠᠮᠢᠳᠤᠷᠠᠯ ᠤᠨ | ᠤᠬᠠᠭᠠᠨ ᠢ ᠬᠦᠷᠲᠡᠭᠡᠬᠦ ᠶᠢᠨ ᠬᠠᠮᠲᠤ᠂ ᠦᠨᠳᠦᠰᠦᠲᠡᠨ ᠤ ᠪᠦᠯᠬᠦᠮᠳᠡᠯ ᠢ ᠪᠦᠲᠦᠮᠵᠢᠲᠡᠶ ᠠᠬᠢᠭᠤᠯᠵᠤ᠂ | ᠦᠨᠳᠦᠰᠦᠲᠡᠨ ᠨᠦᠭᠦᠳ ᠤᠨ ᠬᠤᠭᠤᠷᠣᠨᠳᠣᠭᠢ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ | ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ᠃ |