ᠬᠤᠸᠠᠩ ᠶᠠ ᠯᠢ ᠠᠯᠠᠱᠠ ᠵᠡᠭᠦᠨ ᠬᠤᠰᠢᠭᠤ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/21
    9 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠴᠣᠭᠳᠣᠬᠦ᠋ᠷᠢᠶ᠎ᠡ ᠰᠤᠮᠤ᠂ ᠣᠨᠳᠣᠷᠣᠯᠳᠣ ᠪᠠᠯᠭᠠᠰᠤ ᠪᠣᠯᠤᠨ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠭᠤᠤᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠵᠢᠭᠠᠨ ᠵᠢᠯᠣᠭᠤᠳᠪᠠ᠃
     ᠬᠤᠸᠠᠩ ᠶᠠ ᠯᠢ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠴᠣᠭᠳᠣᠬᠦ᠋ᠷᠢᠶ᠎ᠡ ᠰᠤᠮᠤ᠂ ᠣᠨᠳᠣᠷᠣᠯᠳᠣ ᠪᠠᠯᠭᠠᠰᠤᠨ ᠳᠤ ᠬᠦᠷᠴᠦ᠂ ᠭᠤᠤᠯ ᠰᠡᠳᠦᠪᠲᠦ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠪᠣᠯᠤᠨ ᠣᠯᠠᠨ ᠲᠦᠮᠡᠨ ᠳᠤ ᠦᠢᠯᠡᠴᠢᠯᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠰᠤᠮᠤ ᠪᠠᠯᠭᠠᠰᠤᠨ ᠤ ᠺᠠᠳ᠋ᠷ ᠪᠣᠯᠤᠨ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠢᠯ ᠰᠤᠷᠤᠯᠴᠠᠯᠭ᠎ᠠ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠢ ᠨᠠᠷᠢᠨ ᠠᠰᠠᠭᠤᠪᠠ᠃ ᠲᠡᠷᠡ᠂ ᠰᠤᠮᠤ ᠪᠠᠯᠭᠠᠰᠤ᠂ ᠭᠠᠴᠠᠭ᠎ᠠ ᠲᠣᠰᠬᠤᠨ ᠪᠣᠯ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ︽ᠬᠠᠮᠤᠭ ᠤᠨ ᠡᠮᠦᠨ᠎ᠡ ᠹᠷᠣᠨᠲ︾ ᠪᠣᠯᠤᠨ᠎ᠠ᠃ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠤ᠂ ᠲᠡᠰ ᠳᠠᠪᠬᠤᠷᠭ᠎ᠠ ᠲᠦᠷᠦᠯ ᠬᠤᠪᠢᠶᠠᠨ ᠵᠢᠯᠣᠭᠤᠳᠬᠤ ᠶᠢ ᠨᠡᠩ ᠢᠯᠡᠭᠦᠦ ᠴᠢᠬᠤᠯᠠᠴᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠦᠴᠦᠯᠡᠬᠦ ᠴᠡᠭ ᠢᠶᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠶᠢ ᠠᠬᠢᠭᠤᠯᠬᠤ ᠪᠠᠷ ᠭᠤᠣᠯᠳᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠠᠷᠭ᠎ᠠ ᠶᠢ ᠢᠯᠡᠭᠦᠬᠡᠨ ᠪᠣᠳᠣᠯᠬᠢᠯᠠᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠬᠦ᠂ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠨᠢᠭᠡ ᠳᠠᠩᠰᠠ︾᠂ ︽ᠨᠢᠭᠡ ᠺᠠᠷᠲ ᠢᠶᠠᠷ ᠨᠡᠪᠲᠡᠷᠡᠬᠦ︾ ᠶᠢ ᠲᠣᠳᠣᠷᠬᠠᠢ ᠶᠠᠷᠢᠵᠤ᠂ ︽ᠲᠠᠪᠤᠨ ᠪᠠᠳᠠᠭ ᠦᠬᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠠᠶᠢᠲᠤᠷ ᠲᠣᠳᠣᠷᠬᠠᠶᠢᠯᠠᠨ ᠥᠭᠦᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
    ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ᠂ ᠬᠤᠸᠠᠩ ᠶᠠ ᠯᠢ ᠣᠶᠤᠨᠴᠢ ᠰᠢᠨ᠎ᠡ ᠰᠣᠷᠭᠤᠭ ᠡᠪᠡᠰᠦ ᠲᠠᠷᠢᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠤᠨ ᠮᠢᠩᠭᠠᠨ ᠮᠦ ᠴᠠᠷᠭᠠᠰᠤ ᠲᠠᠷᠢᠬᠤ ᠰᠠᠭᠤᠷᠢᠨ ᠳᠤ ᠬᠦᠷᠴᠦ᠂ ᠡᠪᠡᠰᠦᠨ ᠤ ᠦᠢᠯᠡᠰ ᠤᠨ ᠦᠢᠯᠡᠳᠪᠦᠷᠢᠯᠡᠯ᠂ ᠲᠠᠷᠢᠬᠤ ᠮᠡᠷᠭᠡᠵᠢᠯ᠂ ᠦᠢᠯᠡᠳᠬᠦᠨ ᠤ ᠬᠡᠷᠡᠭᠯᠡᠭᠡ᠂ ᠡᠵᠡᠩᠨᠡᠨ ᠪᠣᠷᠣᠯᠠᠭᠤᠯᠤᠯᠲᠠ ᠶᠢᠨ ᠠᠰᠢᠭ ᠣᠷᠣᠯᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠸᠠᠩ ᠶᠠ ᠯᠢ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠦᠨᠵᠡᠭᠡᠢ ᠰᠤᠷᠭᠠᠮᠵᠢ ᠠᠪᠴᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠴᠢᠩᠭ᠎ᠠ ᠪᠣᠳᠠᠲᠠᠢ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠤᠰᠤ ᠪᠠᠷ ᠳᠦᠷᠪᠡ ᠶᠢ ᠳᠣᠭᠳᠠᠭᠠᠬᠤ︾ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠶᠢ ᠴᠢᠩᠭᠠᠳᠬᠠᠵᠤ᠂ ᠤᠰᠤ ᠠᠷᠪᠢᠯᠠᠬᠤ ᠥᠨᠳᠥᠷ ᠪᠦᠲᠦᠮᠵᠢᠲᠡᠶ ᠤᠨᠴᠠᠯᠢᠬᠳᠤ ᠰᠣᠳᠣᠨ ᠲᠠᠷᠢᠶᠠᠯᠠᠩ ᠮᠠᠯ ᠠᠵᠤ ᠠᠬᠤᠶ ᠶᠢ ᠶᠡᠭᠡ ᠪᠠᠷ ᠬᠥᠭᠵᠢᠭᠦᠯᠬᠦ ᠬᠡᠷᠡᠭᠲᠡᠶ︔ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠦᠷᠭᠦᠯᠵᠢᠯᠡᠨ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠬᠦᠴᠦᠷᠬᠡᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠳᠡᠢ︔ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ  ᠠᠬᠢᠭᠤᠯᠬᠤ ᠬᠡᠷᠡᠭᠳᠡᠢ᠃ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠳᠣᠣᠱᠯᠠᠭᠤᠯᠵᠦ᠂ ᠡᠬᠢᠯᠡᠮᠡᠭᠴᠡ ᠪᠠᠨ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠵᠤ᠂ ᠨᠢᠭᠡ ᠪᠦᠯᠦᠭ ᠠᠯᠤᠰ ᠬᠡᠳᠦ ᠶᠢᠨ ᠬᠥᠭᠵᠢᠯᠲᠡ ᠪᠠ ᠤᠯᠠᠨ ᠲᠦᠮᠡᠨ ᠤ ᠪᠠᠴᠢᠮ ᠳᠣᠯᠭᠠᠮ᠎ᠠ ᠬᠦᠴᠢᠷ ᠵᠣᠪᠠᠭᠤᠷᠢ ᠬᠦᠰᠡᠯ ᠡᠷᠡᠮᠡᠯᠵᠡᠯ ᠳᠤ ᠬᠤᠯᠪᠣᠭᠳᠠᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠦᠨᠡᠨ ᠬᠦ ᠠᠰᠢᠭ ᠬᠦᠷᠲᠡᠭᠡᠬᠦ ᠬᠡᠷᠡᠭᠲᠡᠢ ᠭᠡᠪᠠ᠃
    ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠸᠢ ᠬᠠᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号