ᠶᠡᠷᠦᠩᠬᠡᠶ ᠱᠦᠵᠢ ᠰᠢ ᠶᠢᠨ ᠫᠢᠩ ᠤᠨ ᠠᠶᠣᠯ ᠦᠬᠡᠢ ᠦᠢᠯᠡᠳᠪᠦᠷᠢᠯᠡᠯ ᠤᠨ ᠲᠤᠬᠠᠶ ᠴᠢᠬᠤᠯᠠ ᠴᠣᠬᠤᠯᠠᠪᠤᠷᠢ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠬᠤ ᠶᠢᠨ ᠲᠥᠯᠥᠭᠡ᠂ ︽︿ᠪᠥᠬᠦ ᠣᠷᠣᠨ ᠤ ᠬᠦᠨᠳᠦ | ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ ᠠᠰᠠᠭᠤᠳᠠᠯ ᠢ ᠴᠡᠭᠴᠡᠯᠡᠨ | ᠵᠠᠰᠠᠬᠤ 2023 ᠣᠷᠣᠨ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ | ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ︵ᠥᠪᠥᠷ ᠠᠶᠤᠯ | ᠥᠬᠡᠶ ᠵᠥᠪᠯᠡᠯ ᠢᠯᠡ ᠴᠠᠬᠢᠯᠭᠠᠨ ᠮᠡᠳᠡᠭᠡ ﹇2023﹈ 2 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠶᠡᠭᠡ ᠵᠢᠭᠰᠠᠭᠠᠨ | ᠪᠠᠶᠢᠴᠠᠭᠠᠯᠲᠠ ᠶᠡᠭᠡ ᠴᠡᠭᠴᠡᠯᠡᠨ ᠵᠠᠰᠠᠯᠳᠠ ᠶᠢᠨ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ | ᠣᠷᠴᠢᠨ ᠠᠯᠪᠠᠨ ﹇2023﹈ 120 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽︿ᠪᠥᠬᠦ | ᠠᠶᠢᠮᠠᠭ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠪᠠᠶᠢᠴᠠᠭᠠᠬᠤ ᠳᠤ ᠳᠣᠷᠠᠳᠣᠭᠰᠠᠨ ᠠᠰᠠᠭᠤᠳᠠᠯ ᠢ | ᠴᠡᠭᠴᠡᠯᠡᠨ ᠵᠠᠰᠠᠬᠤ 2023 ᠣᠨ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ | ᠲᠤᠬᠠᠶ ᠠᠯᠠᠱᠠ ᠠᠶᠢᠮᠠᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ︵ᠠᠯᠠᠱᠠ ᠠᠶᠣᠯ | ᠦᠬᠡᠢ ᠵᠥᠪᠯᠡᠯ ᠥᠰᠥᠭ ﹇2023﹈ 13 ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠮᠠᠨ ᠤ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠠᠵᠢᠯ ᠤᠨ ᠪᠣᠳᠠᠲᠠᠶ ᠲᠠᠢ ᠣᠶᠠᠯᠳᠣᠭᠤᠯᠣᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠰᠠᠨᠠᠭᠠᠰᠢᠷᠠᠬᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ | ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠨᠠᠩ ᠣᠨᠣᠪᠴᠢᠳᠠᠢ ᠪᠣᠯᠭᠠᠬᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠨᠠᠩ ᠬᠦᠴᠦᠲᠡᠶ ᠪᠣᠯᠭᠠᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ | ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠬᠤᠯᠠ ᠴᠠᠭ ᠬᠤᠭᠤᠴᠠᠭ᠎ᠠ ᠵᠠᠩᠭᠢᠯᠠᠭ᠎ᠠ ᠶᠢᠨ | ᠴᠡᠭ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ︽ᠳᠦᠷ ᠴᠠᠭ ᠤᠨ | ᠰᠣᠷᠢᠯᠳᠠ︾ ᠪᠠ ︽ᠪᠣᠳᠠᠲᠤ ᠰᠣᠷᠢᠯᠳᠠ︾ ᠶᠢᠨ ᠱᠠᠭᠠᠷᠳᠠᠯᠭ᠎ᠠ ᠪᠠᠷ ᠡᠯ᠎ᠡ ᠵᠦᠢᠯ ᠤᠨ ᠣᠷᠴᠢᠨ ᠲᠣᠭᠤᠷᠢᠨ ᠤ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠠᠮᠢ ᠠᠬᠤᠶ | ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ | ᠬᠤᠶᠠᠷ᠂ ᠭᠤᠣᠯ ᠡᠭᠦᠷᠭᠡ | ︵ᠨᠢᠭᠡ︶ ᠠᠶᠤᠯᠲᠠᠶ ᠬᠠᠶᠠᠭᠳᠠᠮᠠᠯ ᠡᠳ᠋᠂ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ | ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠦᠷᠨᠢᠬᠦᠯᠦᠨ᠎ᠡ | ᠲᠦᠭᠰᠢᠭᠦᠷᠢ ᠶᠢᠨ ᠤᠬᠠᠮᠰᠠᠷ ᠢ ᠪᠠᠲᠤ ᠪᠣᠶ ᠪᠣᠯᠭᠠᠵᠤ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠠᠶᠤᠯᠲᠠᠶ ᠬᠠᠶᠠᠭᠳᠠᠮᠠᠯ ᠡᠳ᠋᠂ ᠦᠯᠡᠳᠡᠭᠳᠡᠯ ᠬᠦᠳᠡᠷ ᠤᠨ ᠬᠥᠮᠥᠷᠭᠡ ᠶᠢᠨ ᠭᠤᠤᠯᠳᠠᠯᠭ᠎ᠠ ᠲᠠᠢ | ᠬᠢᠨᠠᠨ ᠬᠠᠮᠢᠶᠠᠷᠬᠤ ᠨᠢᠭᠡᠴᠡ ᠳᠤ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠠᠵᠢᠯ ᠢ ᠥᠷᠨᠢᠭᠦᠯᠦᠨ᠎ᠡ᠃ ᠨᠢᠭᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ | ᠠᠶᠤᠯᠲᠠᠶ ᠬᠠᠶᠠᠭᠳᠠᠮᠠᠯ ᠡᠳ᠋ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢ ᠦᠨᠡᠯᠡᠨ ᠵᠢᠱᠢᠬᠦ | ᠠᠵᠢᠯ ᠤᠨ ᠲᠥᠰᠦᠯ︾ ᠲᠠᠢ ᠬᠠᠷᠢᠴᠠᠭᠤᠯᠵᠤ᠂ 2023 ᠣᠨ ᠤ ᠠᠶᠤᠯᠲᠠᠶ ᠬᠠᠶᠠᠭᠳᠠᠮᠠᠯ ᠡᠳ᠋ ᠤᠨ ᠵᠢᠷᠤᠮᠵᠢᠭᠰᠠᠨ | ᠣᠷᠴᠢᠨ ᠲᠣᠭᠤᠷᠢᠨ ᠤ ᠬᠠᠮᠢᠶᠠᠷᠤᠯᠲᠠ ᠶᠢ ᠦᠨᠡᠯᠡᠨ ᠵᠢᠱᠢᠬᠦ ᠠᠵᠢᠯ ᠲᠠᠢ ᠤᠶᠠᠯᠳᠤᠭᠤᠯᠤᠨ᠂ ᠠᠶᠤᠯᠲᠠᠶ ᠬᠠᠶᠠᠭᠳᠠᠮᠠᠯ | ᠡᠳ᠋ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶ | ᠥᠷᠨᠢᠭᠦᠯᠦᠨ᠎ᠡ᠃ ᠬᠤᠶᠠᠷ ᠲᠤ ︽ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ ᠠᠰᠠᠭᠤᠳᠠᠯ ᠢ ᠵᠠᠰᠠᠬᠤ ᠠᠵᠢᠯ ᠤᠨ ᠵᠢᠯᠣᠭᠤᠳᠣᠮᠵᠢ ︵ᠲᠤᠷᠰᠢᠨ | ᠬᠡᠷᠡᠭᠵᠢᠭᠦᠯᠬᠦ︶︾ ᠲᠠᠢ ᠬᠠᠷᠢᠴᠠᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠡᠵᠡᠩᠨᠡᠯᠲᠡ | ᠬᠠᠮᠢᠶᠠᠷᠤᠯᠲᠠ ᠶᠢᠨ ᠨᠢᠭᠡᠴᠡ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠦᠶᠡᠷ ᠤᠨ ᠬᠤᠭᠤᠴᠠᠭᠠᠨ ᠤ ᠦᠯᠡᠳᠡᠭᠳᠡᠯ | ᠬᠦᠳᠡᠷ ᠤᠨ ᠬᠥᠮᠥᠷᠭᠡ ᠶᠢᠨ ᠪᠣᠬᠢᠷᠲᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ | ᠠᠰᠠᠭᠤᠳᠠᠯ ᠢ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠂ ᠦᠯᠡᠳᠡᠭᠳᠡᠯ ᠬᠦᠳᠡᠷ ᠤᠨ ᠬᠥᠮᠥᠷᠭᠡ ᠶᠢᠨ | ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ | ᠠᠰᠠᠭᠤᠳᠠᠯ ᠢ ᠵᠠᠰᠠᠭᠰᠠᠨ ᠪᠠᠶᠢᠳᠠᠯ ᠢ ᠪᠦᠬᠦ ᠤᠯᠤᠰ ᠤᠨ ᠦᠯᠡᠳᠡᠭᠳᠡᠯ ᠬᠦᠳᠡᠷ ᠤᠨ ᠣᠷᠴᠢᠨ ᠲᠣᠭᠤᠷᠢᠨ ᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠵᠤ᠂ ᠵᠢᠭᠰᠠᠭᠠᠨ | ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠶᠤᠯ ᠦᠭᠡᠶ ᠦᠢᠯᠡᠳᠪᠦᠷᠢᠯᠡᠯ ᠳᠤ ᠬᠤᠯᠪᠣᠭᠳᠠᠬᠤ ᠠᠰᠠᠭᠤᠳᠠᠯ ᠤᠨ | ᠰᠦᠪᠡᠭᠴᠢ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ | ᠰᠢᠯᠵᠢᠭᠦᠯᠦᠨ ᠲᠤᠰᠢᠶᠠᠬᠤ ᠶᠢᠨ ᠬᠠᠮᠲᠤ ᠰᠠᠶᠢᠲᠤᠷ ᠲᠡᠮᠳᠡᠭᠯᠡᠬᠦ ᠬᠡᠷᠡᠭᠲᠡᠶ᠃ ︵ᠲᠦᠷᠦᠭᠦᠯᠡᠨ ᠬᠢᠬᠦ ᠰᠠᠯᠠᠭ᠎ᠠ ᠮᠥᠴᠢᠷ | ᠄ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠠᠯᠠᠭ᠎ᠠ᠂ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤᠨ ︵ᠣᠷᠣᠨ︶ ᠤ ᠬᠤᠪᠢᠶᠠᠷᠢ ᠲᠣᠪᠴᠢᠶ᠎ᠠ︶ | ︵ᠬᠤᠶᠠᠷ︶ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ | ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠲᠩᠷᠢ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠣᠷᠣᠨ᠂ ᠶᠠᠪᠠᠷᠠᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠵᠡᠷᠭᠡ ᠴᠢᠬᠤᠯᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠠᠮᠤᠷ ᠲᠦᠪᠰᠢᠨ | ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠡᠯ᠎ᠡ ᠬᠠᠷᠢᠶ᠎ᠠ ᠭᠠᠵᠠᠷ ᠤᠨ ᠬᠤᠪᠢᠶᠠᠷᠢ ᠲᠣᠪᠴᠢᠶ᠎ᠠ | ᠪᠦᠬᠦᠨ ᠢ ᠬᠠᠮᠤᠷᠬᠤ ᠶᠢ ᠪᠡᠶᠡᠯᠡᠭᠦᠯᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠬᠦᠷᠢᠶᠡᠯᠡᠩ | ᠲᠣᠭᠤᠷᠢᠭ ᠲᠠᠬᠢ ᠪᠣᠬᠢᠷ ᠤᠰᠤ ᠴᠤᠭᠯᠠᠭᠤᠯᠬᠤ ᠬᠤᠭᠤᠯᠠᠶ ᠲᠤᠤᠷ᠂ ᠪᠣᠬᠢᠷ ᠤᠰᠤ ᠶᠢ ᠲᠥᠪᠯᠡᠷᠡᠭᠦᠯᠦᠨ | ᠰᠢᠢᠳᠪᠦᠷᠢᠯᠡᠬᠦ ᠪᠡᠯᠡᠳᠬᠡᠮᠵᠢ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠪᠡᠯᠡᠳᠬᠡᠮᠵᠢ ᠵᠢᠴᠢ | ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ | ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠶ︔ ᠬᠦᠷᠢᠶᠡᠯᠡᠩ ᠲᠣᠭᠤᠷᠢᠭ ᠤᠨ | ᠡᠷᠭᠢᠨ ᠲᠣᠭᠤᠷᠢᠨ ᠤ ᠡᠮᠵᠡᠭ ᠬᠠᠷᠠᠯᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠪᠠᠶᠢᠭᠤᠯᠤᠮᠵᠢ᠂ ᠠᠵᠢᠯᠲᠠᠨ᠂ ᠲᠣᠨᠤᠭ ᠲᠥᠬᠦᠭᠡᠷᠦᠮᠵᠢ᠂ ᠡᠳ᠋ ᠪᠠᠷᠠᠭ᠎ᠠ᠂ ᠠᠵᠢᠯ ᠤᠨ ᠳᠦᠷᠢᠮ ᠤᠨ | ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠰᠢᠮᠳᠠᠭᠤᠯᠤᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠣᠷᠴᠢᠨ ᠲᠣᠭᠤᠷᠢᠨ ᠤ | ᠭᠡᠨᠡᠳᠲᠡ ᠶᠢᠨ ᠬᠡᠷᠡᠭ ᠤᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ | ᠠᠰᠠᠭᠤᠳᠠᠯ ᠢ ᠴᠡᠭᠴᠡᠯᠡᠨ ᠵᠠᠰᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ | ᠵᠠᠰᠠᠪᠤᠷᠢ ᠣᠷᠣᠭᠤᠯᠬᠤ ᠶᠢᠨ ᠬᠠᠮᠲᠤ ᠳᠠᠩᠰᠠᠯᠠᠭᠤᠯᠵᠤ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ︵ᠲᠦᠷᠦᠭᠦᠯᠡᠨ | ᠬᠢᠬᠦ ᠰᠠᠯᠠᠭ᠎ᠠ ᠮᠥᠴᠢᠷ᠄ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤᠨ ︵ ᠣᠷᠣᠨ︶ ᠤ ᠬᠤᠪᠢᠶᠠᠷᠢ ᠲᠣᠪᠴᠢᠶ᠎ᠠ︶ | ︵ᠭᠤᠷᠪᠠ︶ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠦᠰᠡ ᠶᠢᠨ ᠣᠷᠴᠢᠨ | ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠎ᠡ | ᠲᠥᠪᠯᠡᠷᠡᠭᠰᠡᠨ ᠮᠠᠶ᠋ᠢᠭ ᠤᠨ ᠭᠠᠵᠠᠷ ᠳᠡᠭᠡᠷᠡᠬᠢ ᠤᠤᠭᠤᠬᠤ ᠤᠰᠤᠨ ᠤ ᠰᠤᠷᠪᠤᠯᠵᠢ ᠶᠢᠨ ᠪᠦᠰᠡ ᠶᠢᠨ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ | ᠲᠥᠪᠯᠡᠷᠡᠭᠰᠡᠨ ᠮᠠᠶ᠋ᠢᠭ ᠤᠨ ᠭᠠᠵᠠᠷ ᠳᠤᠤᠷᠠᠬᠢ ᠤᠤᠭᠤᠬᠤ ᠤᠰᠤᠨ ᠤ ᠰᠤᠷᠪᠤᠯᠵᠢ ᠶᠢᠨ ᠪᠦᠰᠡ ᠶᠢ ᠬᠠᠮᠲᠤ ᠳᠤᠨᠢ | ᠬᠠᠷᠠᠭᠠᠯᠵᠠᠵᠤ᠂ ᠲᠣᠭᠲᠠᠮᠠᠯ ᠡᠬᠢ᠂ ᠰᠢᠯᠵᠢᠮᠡᠯ ᠡᠬᠢ᠂ ᠣᠯᠠᠨ ᠡᠬᠢᠲᠦ ᠣᠷᠴᠢᠨ ᠲᠣᠭᠤᠷᠢᠨ ᠤ ᠲᠦᠭᠰᠢᠭᠦᠷᠢ ᠶᠢ | ᠰᠡᠷᠭᠡᠶᠢᠯᠡᠬᠦ ᠪᠠᠶᠢᠳᠠᠯ ᠢ ᠬᠥᠳᠡᠯᠦᠩᠭᠦᠶ ᠪᠠᠷ ᠲᠣᠳᠣᠷᠬᠠᠶ ᠣᠶᠢᠯᠠᠭᠠᠨ᠎ᠠ᠃ ᠲᠥᠪᠯᠡᠷᠡᠭᠰᠡᠨ ᠬᠡᠯᠪᠡᠷᠢ ᠶᠢᠨ ᠤᠤᠭᠤᠬᠤ | ᠤᠰᠤᠨ ᠤ ᠡᠬᠢ ᠰᠤᠷᠪᠤᠯᠵᠢ ᠶᠢᠨ ᠪᠦᠰᠡ ᠶᠢᠨ ᠳᠡᠭᠡᠳᠦ ᠤᠷᠤᠰᠬᠠᠯ ᠤᠨ ᠲᠦᠭᠰᠢᠭᠦᠷᠢ ᠶᠡᠬᠡᠲᠡᠶ ᠠᠵᠤ | ᠠᠬᠤᠶᠢᠯᠠᠯ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢᠨ ᠳᠠᠯᠳᠠ ᠬᠡᠮ ᠢ | ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠪᠦᠰᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠭᠦᠨᠵᠡᠭᠡᠶ ᠥᠷᠨᠢᠭᠦᠯᠵᠦ | ᠂ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠦᠰᠡ ᠶᠢᠨ ᠣᠷᠴᠢᠨ ᠲᠣᠭᠤᠷᠢᠨ ᠤ | ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ | ᠰᠠᠯᠠᠭ᠎ᠠ ᠮᠥᠴᠢᠷ᠄ ᠤᠰᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ᠂ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤᠨ ︵ᠣᠷᠣᠨ︶ ᠤ ᠬᠤᠪᠢᠶᠠᠷᠢ ᠲᠣᠪᠴᠢᠶ᠎ᠠ︶ | ︵ᠳᠥᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠠᠮᠤᠷ ᠲᠦᠪᠰᠢᠨ ᠤ ᠬᠡᠮ | ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠠᠬᠢᠭᠤᠯᠤᠨ᠎ᠠ | ᠡᠭᠦᠷᠭᠡ ᠬᠠᠷᠢᠭᠤᠴᠠᠯᠭ᠎ᠠ ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ᠂ | ᠪᠡᠯᠡᠳᠬᠡᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠠᠬᠢᠭᠤᠯᠤᠨ᠎ᠠ᠃ ᠭᠤᠤᠯᠳᠠᠯᠭ᠎ᠠ ᠲᠠᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠪᠡᠯᠡᠳᠬᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ | ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ ᠴᠠᠭ | ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ | 1 . ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠦᠨ᠎ᠡ᠃ ᠡᠯ᠎ᠡ ᠰᠠᠯᠠᠭ᠎ᠠ ᠲᠠᠰᠤᠭ ᠤᠳ ᠣᠳᠣ ᠪᠠᠶᠢᠭ᠎ᠠ ᠬᠦᠬᠦᠷ ᠥᠬᠡᠶᠢᠳᠡᠭᠦᠯᠬᠦ ᠱᠡᠤ ᠥᠬᠡᠶᠢᠳᠡᠭᠦᠯᠬᠦ᠂ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠡᠭᠡᠭᠦᠯᠦᠨ ᠬᠤᠷᠢᠶᠠᠬᠤ᠂ ᠪᠣᠬᠢᠷ ᠤᠰᠤ ᠶᠢ ᠰᠢᠢᠳᠪᠦᠷᠢᠯᠡᠬᠦ᠂ | ᠲᠣᠭᠤᠰᠣ ᠶᠢ ᠵᠠᠰᠠᠬᠤ᠂ RTO ᠰᠢᠲᠠᠭᠠᠬᠤ ᠵᠤᠤᠬ᠎ᠠ ᠲᠠᠪᠤᠨ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ | ᠪᠡᠯᠡᠳᠬᠡᠮᠵᠢ ᠶᠢᠨ ᠰᠠᠭᠤᠷᠢ ᠮᠡᠳᠡᠭᠡ ᠵᠠᠩᠭᠢ ᠶᠢ ᠡᠮᠬᠢᠯᠡᠭᠰᠡᠨ ᠤ ᠳᠠᠷᠠᠭ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠴᠠ ᠬᠤᠷᠢᠶᠠᠩᠭᠤᠶᠢᠯᠠᠬᠤ ᠬᠡᠷᠡᠭᠲᠡᠶ᠃ ᠡᠯ᠎ᠡ ᠰᠠᠯᠠᠭ᠎ᠠ ᠲᠠᠰᠤᠭ ᠤᠳ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠠᠶᠤᠯ ᠦᠭᠡᠶ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ︵ᠲᠦᠷᠦᠭᠦᠯᠡᠬᠦ ᠰᠠᠯᠠᠭ᠎ᠠ ᠮᠥᠴᠢᠷ᠄ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠬᠠᠮᠵᠢᠯᠴᠠᠬᠤ ᠰᠠᠯᠠᠭ᠎ᠠ ᠮᠥᠴᠢᠷ᠄ | ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ᠂ ᠠᠭᠠᠷ ᠮᠠᠨᠳᠠᠯ ᠤᠨ ᠣᠷᠴᠢᠨ ᠲᠣᠭᠤᠷᠢᠨ ᠤ | ᠰᠠᠯᠠᠭ᠎ᠠ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠠᠯᠠᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠬᠢᠨᠠᠨ ᠬᠡᠮᠵᠢᠬᠦ ᠰᠠᠯᠠᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ︵ᠣᠷᠣᠨ︶ ᠤ | ᠬᠤᠪᠢᠶᠠᠷᠢ ᠲᠣᠪᠴᠢᠶ᠎ᠠ︶ | 2 . ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠵᠡᠷᠭᠡ ᠳᠤᠨᠢ | ᠬᠢᠬᠦ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠰᠢᠯᠭᠠᠨ ᠠᠪᠬᠤ ᠶᠢ ᠳᠠᠮᠵᠢᠭᠰᠠᠨ ᠥᠬᠡᠶ ᠪᠠᠷ ᠦᠢᠯᠡᠳᠪᠦᠷᠢᠯᠡᠯ ᠳᠤ ᠣᠷᠣᠭᠤᠯᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠰᠦᠯᠵᠢᠶᠡᠨ | ᠳᠡᠭᠡᠷ᠎ᠡ ᠬᠢᠨᠠᠨ ᠡᠵᠡᠮᠳᠡᠵᠦ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠬᠡᠪ ᠤᠨ ᠶᠣᠰᠣᠭᠠᠷ | ᠠᠵᠢᠯᠯᠠᠬᠤ ᠥᠬᠡᠶ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠳᠤ ᠮᠡᠳᠡᠭᠳᠡᠵᠦ᠂ ᠭᠤᠤᠯᠳᠠᠯᠭ᠎ᠠ ᠲᠠᠢ ᠬᠢᠨᠠᠨ | ᠬᠠᠮᠢᠶᠠᠷᠤᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠬᠡᠮᠵᠢᠬᠦ ᠰᠠᠯᠠᠭ᠎ᠠ᠂ ᠬᠠᠷᠢᠭᠤᠴᠠᠯᠭᠠᠲᠤ | ᠰᠠᠯᠠᠭ᠎ᠠ ᠮᠥᠴᠢᠷ᠄ ᠡᠯ᠎ᠡ ᠬᠤᠰᠢᠭᠤᠨ ︵ᠣᠷᠣᠨ︶ ᠤ ᠬᠤᠪᠢᠶᠠᠷᠢ ᠲᠣᠪᠴᠢᠶ᠎ᠠ︶ | ᠭᠤᠷᠪᠠ᠂ ᠱᠠᠲᠤ ᠦᠶ᠎ᠡ ᠶᠢᠨ ᠲᠣᠬᠢᠷᠠᠭᠤᠯᠤᠯᠲᠠ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 6 ᠳ᠋ᠤᠭᠠᠷ ᠰᠠᠷ᠎ᠠ ᠶᠢᠨ 1 ᠤ | ᠡᠳᠦᠷ ᠠᠴᠠ ᠡᠮᠦᠨ᠎ᠡ︶᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠶ ᠵᠦᠢᠯ ᠤᠨ ᠠᠵᠢᠯᠯᠠᠭ᠎ᠠ ᠶᠢᠨ | ᠲᠥᠰᠦᠯ ᠢ ᠰᠤᠳᠤᠯᠤᠨ ᠲᠣᠭᠲᠠᠭᠠᠵᠤ᠂ ᠬᠠᠷᠢᠭᠤᠴᠠᠯᠭᠠᠲᠤ ᠨᠢᠭᠡᠴᠡ᠂ ᠲᠦᠷᠦᠭᠦᠯᠡᠨ ᠬᠢᠬᠦ ᠰᠠᠯᠠᠭ᠎ᠠ ᠲᠠᠰᠤᠭ ᠢ | ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠢᠩᠭ᠎ᠠ ᠨᠢᠮᠪᠠᠶ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠶ᠃ | ︵ᠬᠤᠶᠠᠷ︶ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠪᠠ ᠰᠠᠯᠠᠭ᠎ᠠ ᠮᠥᠴᠢᠷ ᠤᠨ ᠬᠠᠪᠰᠤᠷᠤᠨ | ᠲᠡᠳᠬᠦᠬᠦ ᠱᠠᠲᠤ ᠦᠶ᠎ᠡ ︵2023 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ︶᠃ ᠡᠯ᠎ᠡ | ᠬᠤᠰᠢᠭᠤ ︵ᠣᠷᠣᠨ︶ ᠶᠢᠨ ᠬᠤᠪᠢᠶᠠᠷᠢ ᠲᠣᠪᠴᠢᠶ᠎ᠠ ᠲᠥᠰᠦᠯ ᠤᠨ ᠠᠭᠤᠯᠭ᠎ᠠ ᠶᠢ ᠴᠠᠭ ᠲᠤᠬᠠᠶ ᠳᠤᠨᠢ ᠠᠵᠤ | ᠠᠬᠤᠶᠢᠯᠠᠯ ᠳᠤ ᠳᠠᠮᠵᠢᠭᠤᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠪᠥᠬᠦ ᠲᠠᠯ᠎ᠠ ᠪᠠᠷ | ᠥᠷᠨᠢᠭᠦᠯᠬᠦ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠥᠪᠡᠰᠦᠪᠡᠨ | ᠪᠠᠶᠢᠴᠠᠭᠠᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ᠂ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠪᠠ ᠪᠡᠶᠡᠯᠡᠭᠦᠯᠬᠦ ᠴᠠᠭ ᠬᠤᠭᠤᠴᠠᠭ᠎ᠠ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ | ᠬᠠᠷᠢᠶ᠎ᠠ ᠣᠷᠣᠨ ᠤ ᠠᠮᠢ ᠠᠬᠤᠶ ᠣᠷᠴᠢᠨ ᠲᠣᠭᠤᠷᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠠᠮᠢ | ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ | ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠬᠤᠰᠢᠭᠤ ︵ᠣᠷᠣᠨ︶ | ᠶᠢᠨ ᠬᠤᠪᠢᠶᠠᠷᠢ ᠲᠣᠪᠴᠢᠶ᠎ᠠ ᠨᠢ ᠵᠣᠬᠢᠶᠠᠨ ᠪᠠᠶᠢᠭᠤᠯᠵᠤ ᠤᠳᠤᠷᠢᠳᠬᠤ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠭᠤᠤᠯᠳᠠᠯᠭ᠎ᠠ ᠲᠠᠢ ᠭᠠᠵᠠᠷ ᠣᠷᠣᠨ᠂ | ᠭᠤᠤᠯᠳᠠᠯᠭ᠎ᠠ ᠲᠠᠢ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠰᠠᠶᠢᠵᠢᠷᠠᠭᠤᠯᠤᠭᠰᠠᠨ ᠪᠠᠶᠢᠳᠠᠯ ᠢ | ᠬᠠᠪᠰᠤᠷᠤᠨ ᠲᠡᠳᠬᠦᠬᠦ ᠪᠠ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠤᠰᠬᠠᠶ ᠮᠡᠷᠭᠡᠵᠢᠯᠲᠡᠨ ᠤ | ᠮᠡᠷᠭᠡᠵᠢᠯ ᠤᠨ ᠲᠤᠯᠭᠠᠭᠤᠷᠢᠯᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠵᠢᠯᠣᠭᠤᠳᠤᠨ | ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠣᠨᠣᠪᠴᠢᠲᠠᠶ ᠢᠯᠡᠷᠡᠭᠦᠯᠵᠦ᠂ ᠠᠮᠢ ᠠᠬᠤᠶ ᠣᠷᠴᠢᠨ ᠲᠣᠭᠤᠷᠢᠨ ᠤ | ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠠᠷᠢᠯᠭᠠᠬᠤ ᠬᠡᠷᠡᠭᠲᠡᠶ᠃ | ︵ᠭᠤᠷᠪᠠ︶ ᠲᠦᠢᠯ ᠤᠨ ᠣᠨᠣᠪᠴᠢᠲᠠᠶ ᠪᠠᠷ ᠵᠢᠭᠰᠠᠭᠠᠨ ᠪᠠᠶᠢᠴᠠᠭᠠᠬᠤ ᠱᠠᠲᠤ ᠦᠶ᠎ᠡ ︵2023 ᠣᠨ ᠤ 7 | ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ︶᠃ ᠡᠯ᠎ᠡ ᠬᠤᠰᠢᠭᠤ ︵ᠣᠷᠣᠨ︶ ᠶᠢᠨ ᠬᠤᠪᠢᠶᠠᠷᠢ ᠲᠣᠪᠴᠢᠶ᠎ᠠ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢᠯᠠᠩᠭᠤᠶ᠎ᠠ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠥᠪᠯᠡᠷᠡᠩᠭᠦᠶ | ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠬᠦᠭᠡᠷᠦᠮᠵᠢ ᠶᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠢᠭᠰᠠᠭᠠᠨ ᠪᠠᠶᠢᠴᠠᠭᠠᠬᠤ | ᠶᠠᠪᠤᠴᠠ ᠳᠤ ᠪᠠᠶᠢᠴᠠᠭᠠᠵᠤ ᠭᠠᠷᠭᠠᠭᠰᠠᠨ ᠳᠠᠯᠳᠠ ᠬᠡᠮ ᠤᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠭᠳᠠᠭᠰᠠᠨ | ᠠᠵᠤ ᠠᠬᠤᠶᠢᠯᠠᠯ ᠳᠤ ᠮᠡᠳᠡᠭᠳᠡᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠬᠡᠷᠡᠭᠲᠡᠶ᠃ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ᠂ ᠪᠠᠷᠢᠨ ᠪᠠᠶᠢᠴᠠᠭᠠᠵᠤ ᠪᠠᠷᠢᠨ ᠴᠡᠭᠴᠡᠯᠡᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠤᠯᠢ ᠪᠤᠰᠤ ᠪᠠ ᠲᠦᠷᠢᠮ ᠲᠣᠭᠲᠠᠭᠠᠯ ᠠᠴᠠ ᠵᠥᠷᠢᠴᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠦᠨᠳᠦ ᠶᠡᠭᠡ ᠬᠡᠮ ᠰᠣᠭᠤᠭ ᠤᠨ ᠠᠰᠠᠭᠤᠳᠠᠯ᠂ | ᠠᠳᠡᠯ ᠢ ᠪᠠᠶᠢᠴᠠᠭᠠᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠢᠯᠡ ᠨᠡᠶᠢᠲᠡᠯᠡᠵᠦ᠂ ᠠᠵᠤ ᠠᠬᠤᠶᠢᠯᠠᠯ ᠤᠨ ᠦᠨᠡᠨ | ᠪᠠᠶᠢᠴᠠᠭᠠᠵᠤ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠠᠮᠢ | ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ | ᠬᠡᠷᠡᠭᠲᠡᠶ᠃ | ︵ᠳᠥᠷᠪᠡ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠨ᠎ᠠ ︵2023 ᠣᠨ ᠤ 11 ᠰᠠᠷ᠎ᠠ ᠶᠢᠨ 20 ᠤ | ᠡᠳᠦᠷ ᠠᠴᠠ ᠡᠮᠦᠨ᠎ᠡ︶᠃ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠠᠷᠦ᠋ᠢᠬᠠᠨ | ᠬᠡᠷᠡᠭᠵᠢᠭᠦᠯᠵᠦ ᠳᠠᠷᠦ᠋ᠢᠬᠠᠨ ᠰᠠᠶᠢᠵᠢᠷᠠᠭᠤᠯᠬᠤ ᠬᠡᠷᠡᠭᠲᠡᠶ︔ 7 ᠰᠠᠷ᠎ᠠ ᠶᠢᠨ 20 ᠤ ᠡᠳᠦᠷ ᠠᠴᠠ ᠡᠮᠦᠨ᠎ᠡ ᠴᠡᠭᠴᠡᠯᠡᠨ | ᠰᠠᠶᠢᠵᠢᠷᠠᠭᠤᠯᠵᠤ ᠳᠡᠶᠢᠯᠬᠦ ᠥᠬᠡᠶ ᠪᠣᠯ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠠᠷᠢᠭᠤᠴᠠᠯᠭᠠᠲᠠᠨ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠬᠤ ᠶᠢᠨ ᠬᠠᠮᠲᠤ ᠲᠦᠷ ᠴᠠᠭ ᠤᠨ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠡᠯ᠎ᠡ ᠬᠤᠰᠢᠭᠤ ︵ᠣᠷᠣᠨ︶ | ᠶᠢᠨ ᠬᠤᠪᠢᠶᠠᠷᠢ ᠲᠣᠪᠴᠢᠶ᠎ᠠ ᠴᠠᠭ ᠲᠤᠬᠠᠶ ᠳᠤᠨᠢ ᠳᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ︔ | ᠦᠨᠡᠨᠬᠦ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ ᠥᠬᠡᠶ ᠮᠥᠷᠲᠡᠭᠡᠨ ᠪᠠᠰᠠ ᠨᠡᠯᠢᠶᠡᠳ ᠶᠡᠭᠡ ᠠᠮᠤᠷ ᠲᠦᠪᠰᠢᠨ ᠤ | ᠬᠡᠮ ᠰᠣᠭᠤᠭ ᠣᠷᠣᠰᠢᠵᠤ ᠪᠠᠶᠢᠪᠠᠯ᠂ ᠬᠠᠤᠯᠢ ᠶᠣᠰᠣᠭᠠᠷ ᠬᠠᠭᠠᠵᠤ ᠵᠣᠭᠰᠣᠭᠠᠬᠤ ᠪᠠ ᠬᠦᠴᠦᠨ ᠥᠬᠡᠶ ᠪᠣᠯᠭᠠᠨ᠎ᠠ᠃ | | ︵ᠲᠠᠪᠤ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵2023 ᠣᠨ ᠤ 12 ᠳ᠋ᠤᠭᠠᠷ ᠰᠠᠷ᠎ᠠ ᠶᠢᠨ 20 ᠤ | ᠡᠳᠦᠷ ᠠᠴᠠ ᠡᠮᠦᠨ᠎ᠡ︶᠃ ᠲᠤᠰᠬᠠᠶ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳ᠋ᠦᠩᠨᠡᠵᠦ᠂ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠰᠢᠰᠲ᠋ᠧᠮ ᠲᠠᠢ ᠡᠮᠬᠢᠯᠡᠵᠦ᠂ ᠬᠠᠷᠢᠯᠴᠠᠨ ᠰᠤᠷᠤᠯᠴᠠᠵᠤ | ᠬᠠᠷᠢᠯᠴᠠᠨ ᠲᠣᠯᠢᠯᠠᠬᠤ ᠶᠢ ᠢᠳᠡᠪᠬᠢᠲᠡᠶ ᠠᠬᠢᠭᠤᠯᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠨᠢᠭᠡ ᠪᠦᠯᠦᠭ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠪᠦᠯᠦᠭ ᠲᠤᠷᠰᠢᠯᠭ᠎ᠠ ᠬᠢᠳᠡᠯ ᠢ | ᠪᠦᠷᠢᠯᠳᠦᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠠᠶᠤᠯ ᠥᠬᠡᠶ | ᠦᠢᠯᠡᠳᠪᠦᠷᠢᠯᠡᠯ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶ | ᠶᠢᠨ ᠬᠤᠪᠢᠶᠠᠷᠢ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ | ᠲᠥᠰᠦᠯ ᠢᠶᠠᠨ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠬᠡᠮ ᠰᠣᠭᠤᠭ ᠤᠨ ᠡᠬᠡ ᠲᠠᠩᠰᠠ ᠶᠢ ᠪᠠᠶᠢᠭᠤᠯᠤᠨ᠂ | ᠵᠢᠭᠰᠠᠭᠠᠨ ᠪᠠᠶᠢᠴᠠᠭᠠᠬᠤ ᠠᠵᠢᠯ ᠢ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠬᠤ | ᠴᠢᠬᠤᠯᠠ ᠰᠠᠭᠤᠷᠢ ᠴᠢᠨᠠᠷᠲᠠᠶ ᠠᠵᠢᠯ ᠪᠣᠯᠭᠠᠵᠤ᠂ ᠪᠠᠶᠢᠩᠭᠤᠵᠢᠭᠰᠠᠨ ᠬᠠᠮᠢᠶᠠᠷᠤᠯᠲᠠ ᠳᠤ ᠣᠷᠣᠭᠤᠯᠤᠨ᠂ ᠡᠮᠬᠢ | ᠵᠢᠷᠤᠮ ᠲᠠᠢ ᠠᠬᠢᠭᠤᠯᠬᠤ ᠬᠡᠷᠡᠭᠲᠡᠶ᠃ | ︵ᠬᠤᠶᠠᠷ︶ ᠪᠠᠲᠤᠯᠠᠭ᠎ᠠ ᠶᠢᠨ ᠲᠣᠭᠲᠠᠴᠠ ᠶᠢ ᠴᠢᠩᠭᠠᠷᠠᠭᠤᠯᠤᠨ᠎ᠠ᠃ ᠪᠢᠳᠡᠬᠦᠮᠵᠢᠯᠡᠭᠰᠡᠨ ᠠᠵᠢᠯ ᠤᠨ | ᠲᠣᠭᠲᠠᠴᠠ ᠶᠢ ᠴᠢᠩᠭᠠᠳᠬᠠᠵᠤ᠂ ᠨᠠᠷᠢᠨ ᠲᠠᠩᠰᠠᠵᠢᠭᠤᠯᠬᠤ ᠶᠢ ᠠᠬᠢᠭᠤᠯᠬᠤ᠂ ᠡᠷᠬᠢᠨ ᠬᠠᠷᠠᠬᠤ᠂ ᠦᠷᠭᠦᠯᠵᠢᠯᠡᠨ | ᠪᠠᠶᠢᠴᠠᠭᠠᠬᠤ᠂ ᠮᠥᠷᠳᠡᠨ ᠰᠠᠶᠢᠵᠢᠷᠠᠭᠤᠯᠬᠤ ᠵᠡᠷᠭᠡ ᠪᠢᠳᠡᠬᠦᠮᠵᠢᠯᠡᠭᠰᠡᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ | ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠴᠢᠩᠭᠠᠳᠬᠠᠵᠤ᠂ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠴᠠᠭ | ᠲᠤᠬᠠᠶ ᠳᠤᠨᠢ ᠲᠣᠬᠢᠷᠠᠭᠤᠯᠬᠤ ᠶᠢ ᠴᠢᠩᠭᠠᠳᠬᠠᠵᠤ᠂ ᠠᠬᠢᠭᠤᠯᠤᠭᠰᠠᠨ ᠨᠢ ᠬᠦᠴᠦᠨ ᠥᠬᠡᠶ᠂ ᠠᠬᠢᠴᠠ ᠨᠢ ᠤᠳᠠᠭᠠᠨ | ᠬᠤᠰᠢᠭᠤ ᠣᠷᠣᠨ ᠢ ᠵᠠᠷᠯᠠᠨ ᠰᠢᠭᠦᠮᠵᠢᠯᠡᠵᠦ᠂ ᠪᠣᠯᠵᠣᠨ ᠶᠠᠷᠢᠯᠴᠠᠵᠤ ᠰᠢᠮᠳᠠᠭᠤᠯᠤᠨ ᠰᠢᠢᠳᠪᠦᠷᠢᠯᠡᠬᠦᠯᠵᠦ᠂ ᠨᠢᠭᠡ | ᠱᠠᠲᠤ ᠨᠢ ᠨᠢᠭᠡ ᠱᠠᠲᠤ ᠪᠠᠨ ᠠᠳᠬᠤᠵᠤ᠂ ᠲᠠᠰ ᠲᠠᠰ ᠢᠶᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃ | ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠬᠦᠴᠦᠨ᠂ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠭᠡᠨᠡᠳᠲᠡ ᠶᠢᠨ | ᠣᠷᠴᠢᠨ ᠲᠣᠭᠤᠷᠢᠨ ᠤ ᠬᠡᠷᠡᠭ ᠢ ᠠᠷᠭᠠᠴᠠᠭᠠᠨ ᠰᠢᠢᠳᠪᠦᠷᠢᠯᠡᠬᠦ ᠳᠤ ᠤᠷᠢᠳᠴᠢᠯᠠᠨ ᠱᠠᠲᠤ ᠳᠡᠪᠰᠢᠭᠦᠯᠦᠨ ᠣᠷᠣᠯᠴᠠᠬᠤ | ᠬᠡᠷᠡᠭᠲᠡᠶ᠃ | ︵ᠭᠤᠷᠪᠠ︶ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ︽ᠶᠡᠭᠡ ᠠᠮᠤᠷ ᠲᠦᠪᠰᠢᠨ︾ | ᠤ ᠪᠠᠶᠢᠷᠢᠰᠢᠯ ᠢ ᠲᠦᠷᠬᠡᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ | ᠳᠣᠣᠱᠯᠠᠭᠤᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ | ᠤᠰᠤᠨ ᠤ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠰᠠᠪᠠ ᠭᠠᠵᠠᠷ ᠤᠨ ᠤᠰᠤᠨ ᠤ ᠪᠣᠬᠢᠷᠲᠤᠯ ᠤᠨ ᠠᠳᠡᠯ ᠭᠠᠷᠪᠠᠯ᠂ ᠲᠡᠷᠡ ᠳᠠᠷᠤᠢ ᠳᠤᠨᠢ ᠵᠠᠷᠯᠠᠨ | ᠰᠡᠷᠡᠮᠵᠢᠯᠡᠭᠦᠯᠵᠦ᠂ ᠲᠡᠷᠡ ᠳᠠᠷᠤᠢ ᠳᠤᠨᠢ ᠬᠠᠮᠲᠤᠷᠠᠨ ᠰᠢᠢᠳᠪᠦᠷᠢᠯᠡᠬᠦ ᠬᠡᠷᠡᠭᠲᠡᠢ᠃ ᠠᠶᠣᠯ ᠦᠬᠡᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠡᠷᠭᠡ ᠠᠵᠢᠯ ᠯᠤᠭ᠎ᠠ ᠨᠢᠭᠡᠳᠦᠯᠲᠡᠢ ᠲᠥᠯᠥᠪᠯᠡᠨ ᠤᠶᠠᠯᠳᠤᠭᠤᠯᠬᠤ ᠶᠢ | ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ᠃ ᠡᠯ᠎ᠡ ᠬᠤᠰᠢᠭᠤ ︵ | ᠣᠷᠣᠨ︶ ᠶᠢᠨ ᠬᠤᠪᠢᠶᠠᠷᠢ ᠲᠣᠪᠴᠢᠶ᠎ᠠ ᠨᠢ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠬᠤᠯᠠ ᠪᠥᠬᠦᠶ ᠲᠣᠨᠤᠭ ᠲᠥᠬᠦᠭᠡᠷᠦᠮᠵᠢ ᠶᠢ ᠳᠣᠭᠢᠷᠠᠭᠤᠯᠤᠨ᠂ ᠵᠢᠵᠢᠭᠦᠷᠯᠡᠨ ᠰᠠᠬᠢᠬᠤ ᠬᠥᠮᠦᠰ ᠤᠨ ᠴᠢᠮᠡᠭᠡ | ᠬᠤᠯᠪᠣᠭ᠎ᠠ ᠶᠢ ᠰᠠᠭᠠᠳ ᠥᠬᠡᠶ ᠨᠡᠪᠲᠡᠷᠡᠭᠦᠯᠵᠦ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠡᠯ᠎ᠡ | ᠵᠦᠢᠯ ᠤᠨ ᠪᠡᠯᠡᠳᠬᠡᠯ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠃ ᠭᠤᠤᠯᠳᠠᠯᠭ᠎ᠠ ᠲᠠᠢ | ᠴᠠᠭ ᠢ ᠪᠠᠲᠤᠯᠠᠵᠤ᠂ 24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠬᠦᠷᠯᠡᠭᠴᠢ ᠲᠠᠢ ᠪᠠᠶᠢᠬᠤ ᠬᠡᠷᠡᠭᠳᠡᠢ᠃ | ︵ᠲᠠᠪᠤ︶ ᠲᠤᠰ ᠪᠡᠶ᠎ᠡ ᠶᠢᠨ ᠰᠡᠷᠭᠡᠶᠢᠯᠡᠯᠲᠡ ᠪᠠᠨ ᠴᠢᠩᠭᠠᠳᠬᠠᠨ᠎ᠠ᠃ ᠠᠮᠢ ᠠᠬᠤᠶ ᠣᠷᠴᠢᠨ ᠲᠣᠭᠤᠷᠢᠨ ᠤ | ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠺᠠᠳ᠋ᠷ ᠠᠵᠢᠯᠲᠠᠨ | ᠠᠵᠢᠯᠴᠢᠨ ᠢᠯᠠᠩᠭᠤᠶ᠎ᠠ ᠲᠤᠬᠠᠶ ᠶᠢᠨ ᠲᠠᠯᠠᠪᠠᠶ ᠶᠢᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠠᠵᠢᠯᠯᠠᠭᠠᠨ ᠤ | ᠤᠬᠠᠮᠰᠠᠷ ᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ᠂ ᠳᠠᠯᠳᠠ ᠭᠡᠮ ᠢ ᠵᠢᠭᠰᠠᠭᠠᠨ | ᠪᠠᠶᠢᠴᠠᠭᠠᠬᠤ᠂ ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠬᠤ᠂ ᠬᠢᠨᠠᠨ ᠬᠡᠮᠵᠢᠵᠦ ᠦᠯᠢᠭᠡᠷ ᠠᠪᠬᠤ | ᠵᠡᠷᠭᠡ ᠲᠤᠬᠠᠶ ᠶᠢᠨ ᠲᠠᠯᠠᠪᠠᠶ ᠶᠢᠨ ᠠᠵᠢᠯ ᠢ ᠥᠷᠨᠢᠭᠦᠯᠬᠦ ᠳᠡᠭᠡᠨ ᠠᠶᠤᠯ ᠦᠭᠡᠶ ᠶᠢᠨ ᠬᠠᠮᠢᠶᠠᠷᠤᠯᠲᠠ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠬᠤ | ᠬᠡᠷᠡᠭᠲᠡᠶ᠃ | ᠡᠯ᠎ᠡ ᠬᠤᠰᠢᠭᠤ ︵ᠣᠷᠣᠨ︶ ᠶᠢᠨ ᠬᠤᠪᠢᠶᠠᠷᠢ ᠲᠣᠪᠴᠢᠶ᠎ᠠ ᠰᠠᠶᠢᠨ ᠠᠵᠢᠯ ᠤᠨ ᠠᠷᠭ᠎ᠠ ᠪᠠ ᠦᠢᠯᠡᠳᠦᠯᠬᠡ ᠶᠢᠨ | ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠨ ᠪᠣᠯᠪᠠᠰᠤᠷᠠᠭᠤᠯᠵᠤ᠂ ᠠᠶᠢᠮᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ | ᠬᠡᠷᠡᠭᠲᠡᠶ᠃ 5 ᠰᠠᠷ᠎ᠠ ᠶᠢᠨ 18 ᠤ ᠡᠳᠦᠷ ᠠᠴᠠ ᠡᠬᠢᠯᠡᠨ᠂ ᠡᠯ᠎ᠡ ᠬᠤᠰᠢᠭᠤ ᠣᠷᠣᠨ ᠤ ᠬᠤᠪᠢᠶᠠᠷᠢ ᠲᠣᠪᠴᠢᠶ᠎ᠠ | ᠭᠠᠷᠠᠭ ᠪᠦᠷᠢ ᠶᠢᠨ ᠳᠥᠷᠪᠡᠨ ᠤ ᠦᠳᠡ ᠶᠢᠨ ᠡᠮᠦᠨ᠎ᠡ ᠠᠵᠢᠯ ᠠᠴᠠ ᠪᠠᠭᠤᠬᠤ ᠠᠴᠠ ᠡᠮᠦᠨ᠎ᠡ ︽ᠬᠦᠨᠳᠦ ᠶᠡᠭᠡ | ᠠᠳᠡᠯ ᠤᠨ ᠳᠠᠯᠳᠠ ᠬᠡᠮ ᠢ ᠲᠤᠰᠬᠠᠶ ᠪᠠᠶᠢᠴᠠᠭᠠᠬᠤ ᠳᠤ ᠳᠣᠷᠠᠳᠣᠭᠰᠠᠨ ᠠᠰᠠᠭᠤᠳᠠᠯ ᠢ ᠴᠡᠭᠴᠡᠯᠡᠨ ᠵᠠᠰᠠᠬᠤ | ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠦᠰᠦᠨᠦᠭᠲᠦ︾ ᠶᠢ ᠮᠡᠳᠡᠭᠦᠯᠦᠨ ᠬᠦᠷᠭᠡᠨ᠎ᠡ︔ | ᠰᠠᠷ᠎ᠠ ᠪᠦᠷᠢ ᠶᠢᠨ 18 ᠤ ᠡᠳᠦᠷ ᠠᠴᠠ ᠡᠮᠦᠨ᠎ᠡ ︽ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ | ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠰᠠᠷ᠎ᠠ ᠶᠢᠨ ᠠᠬᠢᠴᠠ ᠶᠢᠨ | ᠬᠦᠰᠦᠨᠦᠭᠲᠦ︾ ᠶᠢ ᠮᠡᠳᠡᠭᠦᠯᠦᠨ ᠬᠦᠷᠭᠡᠨ᠎ᠡ︔ 7 ᠰᠠᠷ᠎ᠠ ᠶᠢᠨ 18 ᠤ ᠡᠳᠦᠷ ᠠᠴᠠ ᠡᠮᠦᠨ᠎ᠡ ᠠᠮᠢ ᠠᠬᠤᠶ ᠣᠷᠴᠢᠨ | ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ ᠳᠤ ᠳᠣᠷᠠᠳᠣᠭᠰᠠᠨ | ᠠᠰᠠᠭᠤᠳᠠᠯ ᠢ ᠵᠠᠰᠠᠬᠤ ᠱᠠᠲᠤᠴᠢ ᠴᠢᠨᠠᠷᠲᠠᠶ ᠠᠵᠢᠯ ᠤᠨ ᠳ᠋ᠦᠩᠨᠡᠯᠲᠡ ᠶᠢ ᠮᠡᠳᠡᠭᠦᠯᠦᠨ ᠬᠦᠷᠭᠡᠨ᠎ᠡ︔ 11 ᠰᠠᠷ᠎ᠠ ᠶᠢᠨ | 18 ᠤ ᠡᠳᠦᠷ ᠠᠴᠠ ᠡᠮᠦᠨ᠎ᠡ ᠣᠨ ᠤ ᠠᠵᠢᠯ ᠤᠨ ᠳ᠋ᠦᠩᠨᠡᠯᠲᠡ ᠪᠠ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ | ᠨᠡᠶᠢᠲᠡᠯᠢᠭ ᠵᠢᠱᠢᠶ᠎ᠡ ᠶᠢ ᠮᠡᠳᠡᠭᠦᠯᠦᠨ ᠬᠦᠷᠭᠡᠨ᠎ᠡ᠃ ᠡᠯ᠎ᠡ ᠬᠤᠰᠢᠭᠤ ︵ᠣᠷᠣᠨ︶ ᠶᠢᠨ ᠬᠤᠪᠢᠶᠠᠷᠢ ᠲᠣᠪᠴᠢᠶ᠎ᠠ ᠲᠣᠰ | ᠤᠳᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠠᠭᠤᠯᠭ᠎ᠠ ᠶᠢ ᠴᠠᠭ ᠲᠤᠬᠠᠶ ᠳᠤᠨᠢ | ᠮᠡᠳᠡᠭᠦᠯᠦᠨ ᠬᠦᠷᠭᠡᠬᠦ ᠬᠡᠷᠡᠭᠲᠡᠶ᠃ |