ᠡᠵᠡᠨ᠎ᠡ ᠬᠤᠰᠢᠭᠤᠨ ᠤ ᠪᠠᠶᠠᠨᠳᠤᠤᠷᠠᠢ ᠰᠤᠮᠤ ᠠᠮᠢ ᠠᠬᠤᠢ ᠶᠢ ᠲᠡᠷᠢᠭᠦᠨ ᠳᠤ ᠳᠠᠯᠪᠢᠬᠤ ᠪᠣᠬᠢᠷᠳᠤᠯ ᠦᠭᠡᠢ | ᠬᠥᠭᠵᠢᠯᠲᠡ ᠶᠢ ᠪᠠᠷᠢᠮᠲᠠᠯᠠᠨ᠂ ᠥᠨᠳᠥᠷ ᠪᠠᠷᠢᠮᠵᠢᠶ᠎ᠠ ᠪᠠ ᠪᠦᠳᠦᠮᠵᠢᠳᠡᠢ ᠠᠷᠭ᠎ᠠ ᠬᠡᠮᠵᠢᠶ᠎ᠡ ᠪᠠᠷ ᠣᠷᠣᠰᠢᠨ | ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠪᠦᠭᠦ | ᠤᠯᠤᠰ ᠤᠨ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠢᠶᠠᠨ ᠨᠡᠮᠡᠷᠢᠯᠡᠵᠦ | ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠳᠤᠤᠷᠠᠢ ᠰᠤᠮᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ | ᠢᠮᠠᠭᠲᠠ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ | ᠠᠵᠢᠯ ᠢ ᠦᠷᠭᠦᠯᠵᠢᠯᠡᠨ ᠠᠬᠢᠭᠤᠯᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠥᠷᠲᠡᠭᠡ 6᠂ ᠳᠤᠰᠤᠯᠭᠠᠨ | ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠲᠠᠰᠤᠭ 1 ᠶᠢ ᠪᠠᠶᠢᠭᠤᠯᠵᠤ᠂ ᠰᠤᠮᠤ ᠶᠢᠨ ᠪᠦᠭᠦ ᠬᠡᠪᠴᠢᠶᠡᠨ ᠤ | ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠪᠡᠶᠡᠯᠡᠭᠦᠯᠬᠦ ᠶᠢᠨ ᠬᠠᠮᠲᠤ 0.015 | ᠮᠢᠯᠢᠮᠧᠲᠷ ᠠᠴᠠ ᠳᠡᠭᠡᠭᠰᠢᠬᠢ ᠵᠤᠵᠠᠭᠠᠨ ᠪᠦᠭᠡ ᠰᠦᠯᠢᠶᠥᠦ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠭᠡᠳ᠂ ᠡᠨᠡ ᠵᠢᠯ | ᠪᠦᠭᠦ ᠰᠤᠮᠤ ᠶᠢᠨ ᠵᠤᠵᠠᠭᠠᠨ ᠪᠥᠬᠡᠯᠢᠭ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠶᠢᠨ ᠪᠦᠷᠬᠦᠴᠡ ᠶᠢ ᠨᠢᠭᠡᠨᠲᠡ | 50% ᠳᠤ ᠬᠦᠷᠭᠡᠭᠰᠡᠨ ᠪᠠᠶᠢᠨ᠎ᠠ᠃ ᠡᠪᠡᠰᠦ ᠪᠣᠷᠳᠤᠭ᠎ᠠ ᠶᠢᠨ ᠲᠠᠪᠤ ᠶᠢ ᠪᠦᠷᠢᠳᠦᠭᠦᠯᠦᠭᠰᠡᠨ ᠡᠪᠡᠰᠦᠨ ᠬᠦᠷᠢᠶᠡᠨ ᠤ | ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠭᠦ ᠠᠵᠢᠯ ᠢ ᠰᠠᠶᠢᠲᠤᠷ ᠬᠢᠵᠦ᠂ ᠭᠤᠷᠪᠠᠨ ᠵᠢᠯ ᠤᠨ ᠬᠤᠭᠤᠴᠠᠭ᠎ᠠ ᠶᠢ | ᠵᠠᠷᠤᠴᠠᠭᠤᠯᠵᠤ ᠪᠠᠶᠢᠭᠠᠳ 7583 ᠮᠦ ᠬᠠᠳᠤᠯᠠᠩ ᠪᠡᠯᠴᠢᠭᠡᠷ ᠢ ᠳᠦᠷᠢᠮᠵᠢᠭᠦᠯᠵᠦ ᠵᠠᠰᠠᠯᠲᠠ ᠬᠢᠬᠦ ᠶᠢ ᠴᠢᠩᠭᠠᠳᠬᠠᠪᠠ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠰᠥᠩ ᠬᠠᠯᠢᠶ᠎ᠠ ᠶᠢ ᠰᠡᠷᠭᠡᠶᠢᠯᠡᠨ᠂ ᠦᠶᠡᠷ ᠢ ᠰᠡᠷᠭᠡᠶᠢᠯᠡᠬᠦ ᠪᠠ ᠬᠠᠳᠤᠯᠠᠩ ᠪᠡᠯᠴᠢᠭᠡᠷ ᠤᠨ | ᠤᠰᠤᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷ᠎ᠠ ᠭᠤᠣᠯ ᠤᠨ ᠤᠰᠤᠨ ᠤ ᠡᠬᠢ | ᠪᠠᠶᠠᠯᠢᠭ ᠤᠨ ᠠᠮᠢ ᠠᠬᠤᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠬᠠᠳᠤᠯᠠᠩ ᠪᠡᠯᠴᠢᠭᠡᠷ ᠤᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠨᠡᠮᠡᠭᠳᠡᠭᠦᠯᠦᠨ᠂ | ᠪᠣᠳᠠᠲᠤ ᠠᠵᠢᠯᠯᠠᠭ᠎ᠠ ᠪᠠᠷ ᠢᠶᠠᠨ ᠪᠣᠬᠢᠷᠳᠤᠯ ᠦᠭᠡᠢ ᠠᠮᠢ ᠠᠬᠤᠢ ᠶᠢᠨ ᠡᠭᠦᠷᠭᠡ ᠬᠠᠷᠢᠭᠤᠴᠠᠯᠭ᠎ᠠ ᠶᠢ | ᠦᠢᠯᠡᠳᠦᠯᠭᠡᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠵᠤ ᠪᠠᠶᠢᠨ᠎ᠠ᠃ | ᠪᠠᠶᠠᠨᠳᠤᠤᠷᠠᠢ ᠰᠤᠮᠤ ᠨᠢ ᠪᠦᠭᠦ ᠬᠤᠰᠢᠭᠤᠨ ᠤ ᠲᠠᠷᠢᠶᠠᠯᠠᠩ ᠤᠨ ᠲᠥᠪ ᠣᠷᠣᠨ ᠳᠤ ᠪᠠᠶᠢᠷᠢᠰᠢᠵᠤ᠂ ᠭᠠᠵᠠᠷ ᠤᠨ | ᠪᠠᠶᠢᠴᠠ ᠨᠢ ᠲᠡᠭᠰᠢᠬᠡᠨ᠂ ᠬᠥᠷᠥᠰᠥ ᠰᠢᠷᠣᠢ ᠨᠢ ᠥᠩ ᠰᠢᠮᠡᠯᠢᠭ᠂ ᠪᠠᠯᠲᠤ ᠬᠡᠮᠬᠡ ᠤᠷᠭᠤᠬᠤ ᠳᠤ ᠲᠣᠬᠢᠷᠠᠮᠵᠢᠲᠠᠢ | ᠪᠠᠶᠢᠳᠠᠭ᠃ ᠣᠶᠢᠷ᠎ᠠ ᠶᠢᠨ ᠵᠢᠯ ᠳᠤ᠂ ︽ᠪᠣᠬᠢᠷᠳᠤᠯ ᠦᠭᠡᠢ ᠬᠥᠭᠵᠢᠯᠲᠡ︾ ᠭᠡᠬᠦ ᠭᠤᠣᠯ ᠰᠡᠳᠦᠪ ᠤᠨ | ᠲᠣᠭᠤᠷᠢᠨ ᠳᠤ᠂ 1.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠭᠦ | ᠰᠤᠮᠤ ᠶᠢᠨ ᠶᠡᠷᠦᠩᠬᠡᠢ ᠲᠠᠷᠢᠶᠠᠨ ᠭᠠᠵᠠᠷ ᠤᠨ 43% ᠶᠢ ᠡᠵᠡᠯᠡᠨ᠂ ᠪᠣᠬᠢᠷᠳᠤᠯ ᠦᠭᠡᠢ ᠣᠨᠴᠠᠯᠢᠭᠲᠤ ᠪᠠᠯᠲᠤ | ᠬᠡᠮᠬᠡ ᠶᠢ 1 ᠲᠦᠮᠡ ᠭᠠᠷᠤᠢ ᠮᠦ ᠳᠠᠷᠢᠵᠤ᠂ ᠵᠢᠯ ᠤᠨ ᠦᠢᠯᠡᠳᠬᠦᠨ ᠤ ᠥᠷᠲᠡᠭ ᠨᠢ 1 ᠳ᠋ᠦᠩᠰᠢᠭᠤᠷ ᠲᠥᠭᠦᠷᠢᠭ ᠢ | ᠳᠠᠪᠠᠭᠰᠠᠨ ᠪᠠᠶᠢᠨ᠎ᠠ᠃ ᠪᠠᠶᠠᠨᠳᠤᠤᠷᠠᠢ ᠰᠤᠮᠤ 5A ᠳᠡᠰ ᠤᠨ ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠤ | ᠭᠤᠣᠯ ᠣᠷᠣᠨ ᠪᠤᠯᠬᠤ ᠳᠠᠪᠠᠭᠤᠯᠢᠭ ᠢᠶᠠᠨ ᠲᠦᠰᠢᠭᠯᠡᠨ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ | ︽ᠨᠠᠮ ᠤᠨ ᠡᠭᠦᠷ + ᠬᠤᠷᠰᠢᠶ᠎ᠠ + ᠠᠵᠤ ᠠᠬᠤᠶᠢᠯᠠᠯ + ᠮᠠᠯᠴᠢᠨ ᠲᠠᠷᠢᠶᠠᠴᠢᠨ ᠡᠷᠦᠭᠡ︾ ᠶᠢᠨ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠦᠷᠳᠡᠭᠦ ᠵᠠᠭᠪᠤᠷ ᠢᠶᠠᠷ ᠬᠥᠳᠡᠭᠡ ᠲᠣᠰᠬᠤᠨ ᠤ ᠵᠢᠭᠤᠯᠴᠢᠯᠠᠯ ᠤᠨ ᠶᠡᠷᠦᠩᠬᠡᠶᠢᠯᠡᠭᠰᠡᠨ | ᠴᠣᠭᠴᠠ ᠶᠢ ᠪᠤᠶ ᠪᠣᠯᠭᠠᠨ᠂ 380 ᠭᠠᠷᠤᠢ ᠮᠠᠯᠴᠢᠨ ᠲᠠᠷᠢᠶᠠᠴᠢᠨ ᠢ ᠳᠠᠶᠢᠴᠢᠯᠠᠨ ᠵᠢᠭᠤᠯᠴᠢᠯᠠᠯ ᠤᠨ | ᠦᠢᠯᠡᠴᠢᠯᠡᠭᠡᠨ ᠤ ᠠᠵᠢᠯ ᠲᠥᠷᠥᠯ ᠳᠤ ᠣᠷᠣᠯᠴᠠᠭᠤᠯᠵᠤ᠂ ᠨᠡᠶᠢᠲᠡ 12 ᠲᠦᠮᠡᠨ ᠵᠤᠭᠠᠴᠠᠭᠰᠠᠳ ᠢ ᠭᠥᠯᠢᠶᠡᠨ | ᠠᠪᠴᠤ᠂ ᠶᠡᠷᠦᠩᠬᠡᠢ ᠣᠷᠣᠯᠭ᠎ᠠ ᠨᠢ 1600 ᠲᠦᠮᠡᠨ ᠲᠥᠭᠦᠷᠢᠭ ᠲᠤ ᠬᠦᠷᠴᠦ᠂ ᠮᠠᠯᠴᠢᠨ ᠲᠠᠷᠢᠶᠠᠴᠢᠨ ᠤ | ᠣᠷᠣᠯᠭ᠎ᠠ ᠶᠢᠨ ᠠᠷᠭ᠎ᠠ ᠵᠠᠮ ᠢ ᠥᠷᠭᠡᠳᠬᠡᠨ᠂ ᠣᠷᠣᠯᠭ᠎ᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠥᠮᠥᠨ | ᠪᠠᠶᠢᠭᠠᠯᠢ ᠵᠣᠬᠢᠴᠠᠨ ᠣᠷᠣᠰᠢᠬᠤ ᠣᠳᠣᠬᠢᠴᠢᠯᠠᠯᠲᠠ ᠶᠢ ᠲᠦᠷᠭᠡᠳᠬᠡᠵᠡᠢ᠃ | ᠪᠠᠶᠠᠨᠳᠤᠤᠷᠠᠢ ᠰᠤᠮᠤ ᠬᠥᠭᠵᠢᠯᠲᠡ ᠶᠢᠨ ᠶᠠᠪᠤᠴᠠ ᠳᠠᠭᠠᠨ ᠶᠣᠰᠣ ᠰᠤᠷᠲᠠᠬᠤᠨ ᠪᠣᠯᠪᠠᠰᠤᠨ ᠤ ᠪᠠᠶᠢᠭᠤᠯᠤᠯᠲᠠ ᠶᠢ | ᠲᠠᠰᠤᠷᠠᠯᠲᠠ ᠦᠭᠡᠢ ᠬᠥᠭᠵᠢᠭᠦᠯᠦᠭᠰᠡᠭᠡᠷ ᠢᠷᠡᠵᠡᠶ᠃ ︽ᠠᠵᠢᠯᠲᠠᠨ ᠠᠵᠢᠯᠴᠢᠨ ᠤ ᠨᠣᠮ ᠤᠨ ᠥᠷᠥᠭᠡ︾᠂ ︽ | ᠠᠵᠢᠯᠲᠠᠨ ᠠᠵᠢᠯᠴᠢᠨ ᠤ ᠭᠡᠷ︾ ᠤᠨ ᠠᠵᠢᠯᠯᠠᠭᠠᠨ ᠤ ᠥᠷᠥᠭᠡ᠂ ᠠᠲᠠᠷ ᠬᠠᠭᠠᠯᠪᠤᠷᠢᠯᠠᠯᠲᠠ ᠶᠢᠨ ᠲᠡᠦᠬᠡ ᠶᠢᠨ | ᠬᠤᠷᠢᠶᠠᠨ ᠬᠠᠳᠠᠭᠠᠯᠠᠬᠤ ᠥᠷᠥᠭᠡ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠢ ᠪᠡᠶᠡᠯᠡᠭᠦᠯᠬᠦ | ᠭᠠᠵᠠᠷ ︵ᠥᠷᠲᠡᠭᠡ︶ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠰᠣᠶᠣᠯ ᠤᠨ ᠵᠢᠭᠰᠠᠭᠠᠯ ᠤᠨ ᠭᠠᠵᠠᠷ ᠤᠨ | ᠬᠡᠷᠡᠭᠰᠡᠯ ᠲᠥᠬᠦᠭᠡᠷᠦᠮᠵᠢ ᠶᠢ ᠪᠦᠷᠢᠨᠰᠢᠭᠦᠯᠬᠦ ᠶᠢᠨ ᠬᠠᠮᠲᠤ ᠰᠤᠮᠤ ᠶᠢᠨ ᠤᠬᠠᠭᠤᠯᠤᠨ ᠲᠠᠶᠢᠯᠪᠤᠷᠢᠯᠠᠬᠤ ᠪᠦᠯᠭᠦᠮ ᠢ | ᠵᠣᠬᠢᠶᠠᠨ ᠪᠠᠶᠢᠭᠤᠯᠵᠤ᠂ ᠤᠯᠠᠨ ᠤᠳᠠᠭ᠎ᠠ ᠭᠠᠴᠠᠭ᠎ᠠ ᠳᠤ ᠭᠦᠨᠵᠡᠭᠡᠶᠢᠷᠡᠨ᠂ ᠵᠡᠭᠡᠯᠢ ᠭᠤᠳᠤᠮᠵᠢ᠂ ᠲᠠᠷᠢᠶᠠᠨ ᠵᠠᠬ᠎ᠠ ᠳᠤ | ᠬᠦᠷᠴᠦ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢ ᠠᠶᠢᠯ ᠭᠡᠷ ᠲᠤ ᠬᠦᠷᠭᠡᠵᠡᠢ᠃ ᠴᠠᠭᠠᠨ ᠰᠠᠷ᠎ᠠ᠂ ᠥᠯᠵᠡᠶᠢᠲᠦ ᠡᠳᠦᠷ᠂ ᠬᠠᠩᠰᠢ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠵᠡᠷᠭᠡ ᠴᠢᠬᠤᠯᠠ ᠴᠠᠭ ᠬᠤᠭᠤᠴᠠᠭᠠᠨ ᠳᠤ᠂ ᠤᠯᠠᠨ ᠲᠦᠮᠡᠨᠴᠢ ᠳᠤᠬᠯᠠᠯᠳᠠ᠂ ᠦᠷᠡᠭᠳᠡᠭᠰᠡᠨ | ᠪᠠᠭᠠᠲᠤᠷᠴᠤᠳ ᠢᠶᠠᠨ ᠳᠠᠭᠢᠬᠤ᠂ ᠮᠣᠳᠣ ᠲᠠᠷᠢᠬᠤ᠂ ᠯᠧᠢ ᠹᠧᠩ ᠠᠴᠠ ᠰᠤᠷᠤᠯᠴᠠᠬᠤ ᠵᠡᠷᠭᠡ ᠠᠵᠢᠯᠯᠠᠭ᠎ᠠ | ᠥᠷᠨᠢᠭᠦᠯᠦᠨ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠰᠣᠶᠣᠯ | ᠪᠣᠯᠪᠠᠰᠤᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠂ ᠬᠥᠳᠡᠭᠡ ᠲᠣᠰᠬᠤᠨ ᠤ ᠰᠣᠶᠣᠯ ᠪᠣᠯᠪᠠᠰᠤᠨ ᠤ ᠰᠢᠨ᠎ᠡ | ᠠᠭᠤᠷ ᠠᠮᠢᠰᠬᠤᠯ ᠢ ᠲᠡᠭᠦᠯᠳᠡᠷᠵᠢᠭᠦᠯᠦᠨ ᠪᠠᠶᠠᠯᠢᠭᠵᠢᠭᠤᠯᠵᠠᠢ᠃ ᠣᠯᠠᠨ ᠵᠢᠯ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠡᠮᠵᠢᠨ᠂ ᠪᠠᠶᠠᠨᠳᠤᠤᠷᠠᠢ ᠰᠤᠮᠤ 2018 ᠣᠨ ᠳᠤ ᠵᠢᠭᠤᠯᠴᠢᠯᠠᠯ ᠤᠨ ᠠᠵᠢᠯ ᠤᠨ ᠲᠡᠷᠢᠭᠦᠨ ᠤ | ᠨᠢᠭᠡᠴᠢ ᠪᠠᠷ ᠦᠨᠡᠯᠡᠭᠳᠡᠵᠦ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ | ᠪᠠᠷ ᠦᠨᠡᠯᠡᠭᠳᠡᠨ᠂ 2021 ᠣᠨ ᠳᠤ ᠪᠦᠭᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ | ᠦᠵᠡᠭᠦᠯᠭᠦ ᠲᠣᠰᠬᠤᠨ ᠪᠠᠯᠭᠠᠰᠤ ᠪᠠᠷ ᠦᠨᠡᠯᠡᠭᠳᠡᠪᠡ᠃ | |