ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠵᠢᠴᠢ ︽ᠦᠵᠡᠯ ᠰᠠᠨᠠᠭ᠎ᠠ ᠶᠢ ᠰᠤᠷᠤᠯᠴᠠᠠ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠲᠤᠰᠬᠠᠢ ᠰᠡᠳᠦᠪᠲᠦ ᠲᠠᠶᠢᠯᠤᠮᠵᠢ ᠡᠷᠭᠢᠯᠠᠪᠠ
ᠨᠡᠶᠢᠲᠡᠯᠡᠭᠰᠡᠨ ᠴᠠᠭ᠄
2023/9/22
    9 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠵᠢᠴᠢ ︽ᠦᠵᠡᠯ ᠰᠠᠨᠠᠭ᠎ᠠ ᠶᠢ ᠰᠤᠷᠤᠯᠴᠠᠠ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠲᠤᠰᠬᠠᠢ ᠰᠡᠳᠦᠪᠲᠦ ᠲᠠᠶᠢᠯᠤᠮᠵᠢ ᠡᠷᠭᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠠ ᠳᠣᠣᠱᠯᠠᠭᠤᠯᠪᠠ᠃ ᠬᠤᠸᠠᠩ ᠶᠠ ᠯᠢ᠂ ᠯᠢ ᠵᠦᠡᠭ ᠽᠧᠩ᠂ ᠯᠸ ᠯᠢ ᠮᠢᠩ ᠵᠡᠷᠭᠡ ᠠᠶᠢᠮᠠᠭ ᠤᠨ ᠳᠦᠷᠪᠠᠠ ᠲᠣᠮᠣ ᠤᠳᠤᠷᠢᠳᠬᠤ ᠪᠠᠭ ᠤᠨ ᠪᠠᠶᠠᠨᠬᠤᠲᠠ ᠳᠤ ᠪᠠᠶᠢᠭ᠎ᠠ ᠤᠳᠤᠷᠢᠳᠤᠯᠭ᠎ᠠ ᠰᠤᠷᠤᠯᠴᠠᠯᠭ᠎ᠠ ᠳᠤ ᠤᠷᠤᠯᠴᠠᠬᠰᠠᠠ ᠪᠠᠶᠢᠨ᠎ᠠ᠃
    ᠲᠤᠰᠬᠠᠢ ᠰᠡᠳᠦᠪᠲᠦ ᠲᠠᠶᠢᠯᠤᠮᠵᠢ ᠳᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠯᠤᠰ ᠳᠦᠷᠦ ᠬᠠᠤᠯᠢ ᠴᠠᠭᠠᠵᠠ ᠶᠢᠨ ᠬᠡᠯᠲᠡᠰ ᠤᠨ ᠫᠷᠤᠹᠧᠰᠰᠤᠷ᠂ ᠭᠠᠳᠠᠭᠠᠳᠤ ᠶᠠᠪᠤᠳᠠᠯ ᠤᠨ ᠶᠠᠮᠤᠨ ᠤ ᠪᠠᠶᠢᠭᠤᠯᠣᠯᠭ᠎ᠠ ᠶᠢᠨ ᠨᠠᠮ ᠤᠨ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠯᠢᠦ ᠴᠢ ᠶᠦᠨ ᠢ ᠤᠷᠢᠵᠤ ︽ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ︾ ᠭᠡᠬᠦ ᠲᠤᠰᠬᠠᠢ ᠰᠡᠳᠦᠪ ᠢᠶᠠᠷ ᠲᠠᠶᠢᠯᠤᠮᠵᠢ ᠬᠢᠯᠭᠡᠭᠰᠡᠨ ᠪᠠᠶᠢᠨ᠎ᠠ᠃ ᠯᠢᠦ ᠴᠢ ᠶᠦᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠲᠦᠴᠡ᠂ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠭᠤᠣᠯ ᠤᠳᠬ᠎ᠠ ᠰᠠᠨᠠᠭ᠎ᠠ᠂ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠦᠵᠡᠯ ᠰᠠᠨᠠᠭ᠎ᠠ ᠶᠢᠨ ᠭᠤᠣᠯᠳᠠᠯᠭ᠎ᠠ ᠲᠠᠢ ᠠᠰᠠᠭᠤᠳᠠᠯ ᠵᠡᠷᠭᠡ ᠳᠦᠷᠪᠠᠠ ᠲᠠᠯ᠎ᠠ ᠠᠴᠠ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃
    ᠬᠤᠷᠠᠯ ᠠᠴᠠ᠂ ᠪᠦᠭᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠠ ᠳᠣᠣᠱᠯᠠᠭᠤᠯᠬᠤ ᠭᠤᠣᠯ ᠰᠡᠳᠦᠪᠲᠦ ᠬᠥᠮᠦᠵᠢᠯ ᠢᠶᠠᠷ ᠳᠤᠭᠢᠶᠠᠯ ᠪᠣᠯᠭᠠᠨ᠂ ᠣᠷᠢᠳᠠᠪᠡᠷ ᠰᠤᠷᠴᠤ᠂ ᠭᠦᠨᠵᠡᠭᠡᠢ ᠰᠤᠷᠴᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢᠨ ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ᠂ ᠦᠷᠳᠡᠭ ᠤᠨ ᠬᠥᠭᠡᠭᠡᠴᠡᠯᠳᠦᠯ ᠪᠠ ᠭᠤᠣᠯ ᠪᠤᠯᠬᠤ ᠡᠭᠦᠷᠭᠡ ᠶᠢ ᠭᠦᠨᠵᠡᠭᠡᠢ ᠣᠶᠢᠯᠠᠭᠠᠨ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠳᠦᠷᠦ ᠶᠢᠨ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ︽ᠳᠦᠷᠪᠠᠠ ᠤᠬᠠᠮᠰᠠᠷ︾ ᠢᠶᠠᠨ ᠪᠠᠲᠤ  ᠪᠠᠶᠢᠯᠭᠠᠵᠦ᠂ ︽ᠳᠦᠷᠪᠠᠠ ᠢᠲᠡᠭᠡᠯ︾  ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ᠂ ᠴᠠᠭ ᠳᠠᠷᠤᠢ ᠳᠤᠨᠢ ᠰᠤᠷᠤᠯᠴᠠᠬᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ ᠶᠢ ᠵᠢᠯᠣᠭᠤᠳᠤᠨ ᠳᠠᠭᠠᠭᠤᠯᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠠᠵᠢᠯ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠯ᠎ᠡ ᠳᠦᠷᠦᠯ ᠤᠨ ᠡᠭᠦᠷᠭᠡ ᠪᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠠ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠠᠶᠢᠮᠠᠭ ᠤᠨ ᠳᠣᠮᠳᠠᠳᠣ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠬᠠᠷᠢᠶ᠎ᠠ ᠡᠯ᠎ᠡ ᠪᠠᠶᠢᠭᠤᠯᠣᠯᠭ᠎ᠠ ᠶᠢᠨ ᠤᠳᠤᠷᠢᠳᠬᠤ ᠪᠠᠭ ᠤᠨ ᠭᠡᠰᠢᠭᠦᠳ᠂ ᠠᠶᠢᠮᠠᠭ ᠤᠨ ᠲᠤᠰᠬᠠᠢ ᠰᠡᠳᠦᠪᠲᠦ ᠬᠥᠮᠦᠵᠢᠯ ᠤᠨ ᠠᠯᠪᠠᠨ ᠭᠡᠷ ᠪᠠ ᠡᠯ᠎ᠡ  ᠬᠠᠷᠢᠯᠴᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠥᠮᠥᠰ ᠰᠤᠷᠤᠯᠴᠠᠯᠭ᠎ᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号