9 ᠰᠠᠷ᠎ᠠ ᠶᠢᠨ 18 ᠠᠴᠠ 20 ᠤ ᠡᠳᠦᠷ ᠪᠤᠯᠲᠠᠯ᠎ᠠ᠂ ᠰᠦᠨ ᠱᠤᠤ ᠴᠧᠩ ᠬᠢᠩᠭᠠᠨ ᠠᠶᠢᠮᠠᠭ ᠲᠤ ᠪᠠᠶᠢᠴᠠᠭᠠᠨ | ᠰᠤᠳᠤᠯᠤᠯᠲᠠ ᠬᠢᠬᠦ ᠬᠤᠭᠤᠴᠠᠭᠠᠨ ᠳᠠᠭᠠᠨ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠭᠰᠡᠨ ᠠᠵᠢᠯ ᠤᠨ | ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠶᠢ | ᠠᠬᠢᠭᠤᠯᠤᠭᠰᠠᠨ ᠪᠥᠭᠡᠳ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠯ ᠬᠢᠭᠰᠡᠳ ᠢ | ᠬᠠᠷᠢᠭᠤ ᠰᠤᠷᠪᠤᠯᠵᠢᠯᠠᠪᠠ᠃ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠣᠯᠠᠨ ᠲᠦᠮᠡᠨ ᠤ | ᠬᠦᠰᠡᠯ ᠭᠤᠶᠤᠴᠢᠯᠠᠯ ᠢᠶᠠᠨ ᠲᠤᠰᠬᠠᠬᠤ ᠳᠤ ᠲᠥᠭᠦᠮ ᠦᠵᠡᠭᠦᠯᠵᠦ᠂ ᠵᠥᠷᠢᠴᠡᠯ ᠵᠠᠭᠤᠷᠠᠯᠳᠤᠭᠠᠨ ᠢ ᠦᠨᠳᠦᠰᠦᠨ | ᠱᠠᠲᠤᠨ ᠳᠤ ᠰᠢᠢᠳᠪᠦᠷᠢᠯᠡᠬᠦ ᠶᠢ ᠠᠬᠢᠭᠤᠯᠬᠤ ᠨᠢᠭᠡ ᠵᠦᠢᠯ ᠤᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃ | ᠬᠢᠩᠭᠠᠨ ᠠᠶᠢᠮᠠᠭ ᠪᠣᠯ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠪᠦᠭᠦ ᠣᠷᠣᠨ ᠪᠦᠰᠡ ᠶᠢᠨ | ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠣᠨ᠎ᠠ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ | ᠨᠠᠭᠠᠰᠢᠬᠢ ᠠᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠰᠦᠨ ᠱᠤᠤ ᠴᠧᠩ ᠮᠠᠰᠢ ᠠᠩᠬᠠᠷᠴᠤ ᠪᠠᠶᠢᠯ᠎ᠠ᠃ | ᠲᠡᠷᠡ ᠲᠤᠬᠠᠢ ᠶᠢᠨ ᠭᠠᠵᠠᠷ ᠤᠨ ᠺᠠᠳ᠋ᠷ ᠠᠴᠠ ᠣᠷᠣᠯᠠᠨ ᠭᠦᠢᠴᠡᠳᠬᠡᠬᠦ ᠳᠦᠷᠢᠮ ᠤᠨ ᠪᠣᠳᠠᠲᠠᠢ ᠶᠠᠪᠤᠴᠠ᠂ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠭᠥᠯᠢᠶᠡᠨ ᠠᠪᠴᠤ ᠰᠢᠢᠳᠪᠦᠷᠢᠯᠡᠬᠦ ᠠᠴᠠ | ᠭᠦᠢᠴᠡᠳᠬᠡᠬᠦ ᠪᠤᠶᠤ ᠰᠢᠯᠵᠢᠭᠦᠯᠦᠨ ᠰᠢᠢᠳᠪᠦᠷᠢᠯᠡᠭᠦᠯᠬᠦ ᠭᠦᠷᠲᠡᠯ᠎ᠡ᠂ ᠳᠠᠭᠢᠭᠠᠳ ᠮᠥᠷᠳᠡᠨ ᠳᠠᠭᠠᠬᠤ ᠪᠠ ᠬᠠᠷᠢᠭᠤ | ᠲᠤᠰᠬᠠᠬᠤ ᠬᠦᠷᠲᠡᠯᠡᠬᠢ ᠭᠤᠭᠴᠤᠭ᠎ᠠ ᠪᠦᠷᠢ ᠶᠢ ᠴᠥᠮ ᠮᠠᠰᠢ ᠨᠠᠷᠢᠨ ᠨᠢᠭᠲᠠ ᠠᠰᠠᠭᠤᠵᠠᠢ᠃ | ᠰᠦᠨ ᠱᠤᠤ ᠴᠧᠩ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ︽ᠬᠤᠪᠢᠷᠠᠯᠲᠠ ᠶᠢᠨ ᠰᠢᠯᠭᠠᠭᠤᠷ︾ ᠮᠥᠨ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ | ᠳᠦᠷᠢᠮ ᠢ ᠬᠡᠷᠡᠭᠵᠢᠭᠦᠯᠬᠦ ᠳᠤ ᠤᠯᠠᠨ ᠲᠦᠮᠡᠨ ᠤ ᠤᠴᠢᠷ ᠶᠠᠪᠤᠳᠠᠯ ᠤᠨ ᠲᠥᠯᠥᠭᠡ ᠳᠥᠭᠦᠮᠬᠡᠨ ᠢᠶᠠᠷ ᠵᠠᠷᠤᠭᠳᠠᠬᠤ | ᠪᠢᠰᠢ᠂ ᠬᠠᠷᠢᠨ ᠤᠯᠠᠨ ᠲᠦᠮᠡᠨ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ | ᠥᠭᠬᠦ ᠶᠢᠨ ᠬᠠᠮᠲᠤ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠲᠡᠳᠡᠨ ᠳᠤ ᠬᠠᠷᠢᠭᠤ | ᠲᠤᠰᠬᠠᠬᠤ ᠬᠡᠷᠡᠭᠲᠡᠢ᠂ ᠳᠡᠭᠡᠷ᠎ᠡ ᠱᠠᠲᠤᠨ ᠳᠠᠭᠠᠨ ᠮᠠᠶ᠋ᠢᠭ ᠭᠠᠷᠭᠠᠨ ᠳᠦᠷᠢ ᠦᠵᠡᠭᠦᠯᠵᠦ ᠶᠠᠭᠠᠬᠢᠭᠰᠠᠨ ᠴᠤ ᠪᠤᠯᠬᠤ | ᠦᠭᠡᠢ᠂ ᠨᠡᠩ ᠴᠤ ᠥᠩᠭᠡᠪᠴᠢ ᠠᠵᠢᠯ ᠬᠢᠵᠦ ᠤᠯᠠᠨ ᠲᠦᠮᠡᠨ ᠢ ᠬᠠᠭᠤᠷᠴᠤ ᠪᠤᠯᠬᠤ ᠦᠭᠡᠢ᠃ ᠣᠷᠣᠯᠠᠨ | ᠭᠦᠢᠴᠡᠳᠬᠡᠬᠦ ᠳᠦᠷᠢᠮ ᠳᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠂ ᠠᠩᠬ᠎ᠠ ᠬᠦᠯᠢᠶᠡᠵᠦ ᠠᠪᠤᠭᠰᠠᠨ | ᠬᠥᠮᠥᠨ ᠬᠠᠷᠢᠭᠤᠴᠠᠨ ᠰᠢᠢᠳᠪᠦᠷᠢᠯᠡᠬᠦ᠂ ᠤᠴᠢᠷ ᠶᠠᠪᠤᠳᠠᠯ ᠢ ᠣᠷᠣᠯᠠᠨ ᠰᠢᠢᠳᠪᠦᠷᠢᠯᠡᠬᠦ᠂ ᠬᠡᠷᠡᠭ ᠢ ᠰᠢᠢᠳᠪᠦᠷᠢᠯᠡᠵᠦ | ᠳᠠᠭᠤᠰᠬᠠᠬᠤ ᠵᠡᠷᠭᠡ ᠭᠤᠷᠪᠠᠨ ᠵᠦᠢᠯ ᠤᠨ ᠠᠯᠢ ᠨᠢ ᠴᠦ ᠲᠤᠲᠠᠭᠳᠠᠵᠤ ᠪᠤᠯᠬᠤ ᠦᠭᠡᠢ ᠶᠤᠮ᠃ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠵᠦ᠂ ᠶᠣᠰᠣ ᠳᠦᠷᠢᠮ ᠢ ᠰᠠᠶᠢᠲᠤᠷ | ᠲᠣᠭᠲᠠᠭᠠᠵᠤ᠂ ︽ᠬᠡᠨ ᠣᠷᠣᠯᠠᠬᠤ᠂ ᠬᠡᠨ ᠭᠦᠢᠴᠡᠳᠬᠡᠬᠦ᠂ ᠶᠠᠭᠤ ᠶᠢ ᠣᠷᠣᠯᠠᠬᠤ᠂ ᠶᠠᠭᠠᠬᠢᠵᠤ ᠣᠷᠣᠯᠠᠬᠤ︾ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠷᠣᠯᠠᠨ ᠭᠦᠢᠴᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠬᠤᠰᠢᠭᠤ ᠰᠢᠶᠠᠨ ᠠᠴᠠ ᠠᠶᠢᠮᠠᠭ ᠬᠤᠲᠠ ᠬᠦᠷᠬᠦ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ | ᠬᠦᠷᠲᠡᠯᠡᠬᠢ ᠣᠷᠣᠯᠠᠨ ᠭᠦᠢᠴᠡᠳᠬᠡᠬᠦ ᠠᠷᠭ᠎ᠠ ᠵᠠᠮ ᠢ ᠲᠤᠶᠢᠯᠪᠤᠷᠢᠲᠠᠢ ᠨᠠᠪᠲᠠᠷᠡᠭᠦᠯᠵᠦ᠂ ᠡᠮᠦᠨ᠎ᠡ ᠬᠤᠶᠢᠨᠠᠬᠢ ᠶᠢ | ᠵᠣᠯᠭᠠᠯᠳᠤᠭᠤᠯᠬᠤ᠂ ᠳᠡᠭᠡᠷ᠎ᠡ ᠳᠣᠣᠷ᠎ᠠ ᠶᠢ ᠨᠡᠪᠲᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠡᠨ ᠠᠴᠠ ᠵᠥᠪ ᠢ | ᠡᠷᠢᠬᠦ ᠶᠢ ᠪᠠᠷᠢᠮᠲᠠᠯᠠᠵᠤ᠂ ᠪᠣᠳᠠᠲᠠᠢ ᠲᠠᠢ ᠨᠢᠭᠲᠠ ᠤᠶᠠᠯᠳᠤᠭᠤᠯᠤᠨ ᠰᠦᠪᠡᠭᠴᠢᠯᠡᠨ ᠦᠢᠯᠡᠳᠦᠯᠭᠡᠵᠢᠭᠦᠯᠵᠦ᠂ ᠰᠠᠶᠢᠨ | ᠲᠤᠷᠰᠢᠯᠭ᠎ᠠ ᠲᠠᠢ ᠪᠣᠯᠪᠠᠯ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠡᠢ᠃ | ᠰᠦᠨ ᠱᠤᠤ ᠴᠧᠩ ᠤᠯᠠᠭᠠᠨᠬᠤᠲᠠ ᠶᠢᠨ ᠱᠧᠩ ᠯᠢ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠲᠤ | ᠭᠦᠨᠵᠡᠭᠡᠶᠢᠷᠡᠵᠦ᠂ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠯ ᠬᠢᠭᠰᠡᠳ ᠲᠠᠢ ᠨᠢᠭᠤᠷᠳᠠᠨ | ᠶᠠᠷᠢᠯᠴᠠᠵᠤ᠂ ᠲᠡᠳᠡᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠳᠤ ᠬᠠᠨᠤᠮᠵᠢᠲᠠᠢ | ᠪᠠᠶᠢᠬᠤ ᠡᠰᠡᠬᠦ ᠶᠢ ᠨᠢᠭᠡᠳ ᠨᠢᠭᠡ ᠪᠠᠷ ᠯᠠᠪᠯᠠᠨ ᠠᠰᠠᠭᠤᠪᠠ᠃ ᠲᠡᠷᠡ᠂ ᠵᠠᠬᠢᠳᠠᠯ ᠰᠤᠷᠪᠤᠯᠵᠢᠯᠠᠯ ᠤᠨ ᠬᠦᠰᠡᠯ | ᠭᠤᠶᠤᠴᠢᠯᠠᠯ ᠢ ᠰᠢᠢᠳᠪᠦᠷᠢᠯᠡᠬᠦ ᠳᠤ᠂ ᠲᠤᠰᠤᠯᠲᠠ ᠪᠠᠨ ᠡᠷᠬᠡᠪᠰᠢ ︽ᠶᠠᠪᠤᠳᠠᠯ ᠪᠣᠯᠭᠠᠨ ᠢ ᠰᠢᠢᠳᠪᠦᠷᠢᠯᠡᠬᠦ︾ ᠳᠡᠭᠡᠷ᠎ᠡ | ᠲᠠᠯᠪᠢᠵᠤ᠂ ᠤᠯᠠᠨ ᠲᠦᠮᠡᠨ ᠢ ᠬᠠᠨᠤᠮᠵᠢᠲᠠᠢ ᠪᠠᠶᠢᠯᠭᠠᠵᠤ᠂ ᠬᠤᠣᠷ ᠤᠨ ᠦᠨᠳᠦᠰᠦ ᠶᠢ ᠦᠯᠡᠳᠡᠭᠡᠬᠦ ᠦᠭᠡᠢ᠂ ︽ᠰᠡᠭᠦᠯ︾ | ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠣᠳᠣᠬᠠᠨ ᠤ ᠪᠠ ᠠᠯᠤᠰ ᠭᠡᠳᠤ ᠶᠢᠨ᠂ ᠦᠩᠭᠡᠨ ᠲᠠᠯ᠎ᠠ ᠶᠢ ᠵᠠᠰᠠᠬᠤ ᠪᠠ | ᠦᠨᠳᠦᠰᠦᠨ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ | ᠪᠦᠭᠦᠨ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠵᠦᠢ | ᠵᠣᠬᠢᠰᠲᠠᠢ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠭᠤᠶᠤᠴᠢᠯᠠᠯ ᠢ ᠰᠠᠶᠢᠲᠤᠷ ᠰᠢᠢᠳᠪᠦᠷᠢᠯᠡᠵᠦ᠂ | ︽ᠶᠠᠪᠤᠳᠠᠯ ᠢ ᠲᠤᠶᠢᠯᠪᠤᠷᠢᠲᠠᠢ ᠰᠢᠢᠳᠪᠦᠷᠢᠯᠡᠬᠦ︾ ᠪᠠᠷ ᠬᠡᠷᠡᠭ ᠢ ᠦᠨᠡᠨ ᠬᠦ ᠰᠢᠢᠳᠪᠦᠷᠢᠯᠡᠵᠦ ᠳᠠᠭᠤᠰᠬᠠᠬᠤ ᠬᠡᠷᠡᠭᠲᠡᠢ | ᠭᠡᠵᠡᠢ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | | |