ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠤᠳᠤᠯᠭᠠᠨ ᠤ ᠰᠠᠭᠤᠷᠢᠨ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2023/9/26
    ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠦᠷᠦᠭᠦᠬᠡᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠤᠳᠤᠯᠭᠠᠨ ᠤ ᠰᠠᠭᠤᠷᠢᠨ ᠤ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ᠃     ᠣᠶᠢᠯᠠᠭᠠᠭᠰᠠᠨ ᠢᠶᠠᠷ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠤᠳᠤᠯᠭᠠᠨ ᠤ ᠰᠠᠭᠤᠷᠢᠨ ᠨᠢ ᠰᠤᠳᠤᠯᠭᠠᠨ ᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠷ ᠳᠠᠮᠵᠢᠭᠤᠯᠤᠨ᠂ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠰᠤᠳᠤᠯᠭᠠᠨ ᠤ ᠰᠠᠭᠤᠷᠢᠨ ᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠤᠳᠤᠯᠬᠤ ᠥᠨᠳᠦᠷᠯᠢᠭ ᠪᠣᠯᠭᠠᠨ ᠪᠠᠶᠢᠭᠤᠯᠵᠤ᠂ ᠴᠢᠨᠠᠷ ᠰᠠᠶᠢᠲᠠᠢ ᠰᠤᠳᠤᠯᠭᠠᠨ ᠤ ᠦᠷ᠎ᠡ ᠪᠦᠲᠦᠭᠡᠯ ᠢᠶᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠨᠡᠨ ᠬᠦ ᠣᠶᠤᠨ ᠤ ᠳᠡᠮᠵᠢᠯᠭᠡ ᠬᠠᠩᠭᠠᠬᠤ ᠪᠣᠯᠣᠨ᠎ᠠ᠃     ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ  ᠠᠴᠠ᠂  ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠤᠳᠤᠯᠭᠠᠨ ᠤ ᠰᠠᠭᠤᠷᠢᠨ ᠢ  ᠪᠠᠶᠢᠭᠤᠯᠬᠤ ᠵᠥᠪᠰᠢᠶᠡᠷᠡᠯ ᠢ ᠣᠯᠣᠭᠰᠠᠨ ᠪᠠ ᠰᠠᠭᠤᠷᠢᠨ ᠤ  ᠪᠠᠶᠢᠭᠤᠯᠤᠭᠳᠠᠭᠰᠠᠨ ᠨᠢ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠥᠭᠵᠢᠯᠲᠡ ᠶᠢᠨ ᠠᠬᠢᠴᠠ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠬᠤᠶᠢᠰᠢᠳᠠ᠂ ᠰᠠᠭᠤᠷᠢᠨ ᠳᠤ ᠲᠦᠰᠢᠭᠯᠡᠨ ᠡᠷᠳᠡᠮ ᠰᠢᠨᠵᠢᠯᠡᠭᠡᠨ ᠤ ᠴᠤᠭᠯᠠᠭᠠᠨ᠂ ᠶᠠᠷᠢᠯᠴᠠᠨ ᠰᠤᠳᠤᠯᠬᠤ ᠶᠠᠷᠢᠶᠠᠨ ᠤ ᠲᠠᠪᠴᠠᠩ᠂ ᠲᠤᠰᠬᠠᠢ ᠰᠡᠳᠦᠪᠲᠦ ᠲᠠᠶᠢᠯᠤᠮᠵᠢ᠂ ᠲᠥᠪᠯᠡᠷᠡᠩᠭᠦᠢ ᠦᠵᠡᠭᠦᠯᠭᠡ᠂ ᠠᠰᠠᠭᠤᠨ ᠯᠠᠪᠯᠠᠭ᠎ᠠ ᠶᠢᠨ ᠦᠢᠯᠡᠴᠢᠯᠡᠭᠡ ᠵᠡᠷᠭᠡ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠤᠨ ᠴᠠᠭ ᠦᠶ᠎ᠡ ᠶᠢᠨ ᠦᠨ᠎ᠡ ᠥᠷᠲᠡᠭ ᠪᠠ ᠠᠯᠤᠰ ᠭᠡᠲᠦ ᠶᠢᠨ ᠠᠴᠢ ᠬᠤᠯᠪᠣᠭᠳᠠᠯ ᠢ ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠵᠤ᠂ ᠰᠠᠶᠢᠲᠤᠷ ᠲᠣᠳᠣᠷᠬᠠᠶᠢᠯᠠᠨ ᠥᠭᠦᠯᠡᠨ᠎ᠡ᠃ ᠡᠭᠦᠨ ᠤ ᠬᠠᠮᠲᠤ᠂ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠷᠢᠨ ᠤ ᠰᠤᠳᠤᠯᠭᠠᠨ ᠤ ᠠᠵᠢᠯ ᠳᠤ ᠪᠦᠭᠦ ᠲᠠᠯ᠎ᠠ ᠶᠢᠨ ᠪᠠᠲᠤᠯᠠᠭ᠎ᠠ ᠬᠠᠩᠭᠠᠵᠤ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠲᠤᠰᠬᠠᠢ ᠮᠡᠷᠭᠡᠵᠢᠯᠲᠡᠨ ᠤ ᠵᠥᠪᠯᠡᠯ ᠢ ᠪᠠᠶᠢᠭᠤᠯᠵᠤ᠂ ᠰᠤᠳᠤᠯᠭᠠᠨ ᠤ ᠴᠢᠭᠯᠡᠯ ᠪᠠ ᠡᠷᠳᠡᠮ ᠰᠢᠨᠵᠢᠯᠡᠭᠡᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠂ ᠤᠯᠤᠰ ᠤᠨ ᠲᠠᠰ ᠤᠨ ᠰᠡᠳᠦᠪ ᠤᠨ ᠲᠥᠷᠥᠯ ᠵᠦᠢᠯ ᠢ ᠴᠢᠷᠮᠠᠶᠢᠨ ᠣᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠯᠢᠭᠡᠷ ᠳᠠᠭᠤᠷᠢᠶᠠᠯ ᠤᠨ ᠦᠢᠯᠡᠳᠦᠯ ᠦᠵᠡᠭᠦᠯᠦᠨ᠎ᠡ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号